ᠰᠢᠨ᠎ᠡ ᠪᠠᠷᠭᠤ ᠪᠠᠷᠠᠭᠤᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/12/22
      ᠰᠢᠨ᠎ᠡ ᠪᠠᠷᠠᠭᠤᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠰᠤᠷᠭᠠᠨ ᠬᠦᠮᠦᠵᠢᠯ ᠤᠨ ᠦᠢᠯᠡᠰ ᠢ ᠤᠷᠢᠳᠠᠪᠠᠷ ᠬᠦᠭᠵᠢᠭᠦᠯᠬᠦ ᠪᠠᠷ ᠣᠶᠢᠯᠠᠭᠠᠭᠳᠠᠬᠤᠨ ᠪᠣᠯᠭᠠᠵᠤ᠂ 11 ᠰᠠᠷ᠎ᠠ ᠶᠢᠨ ᠡᠴᠦᠰ ᠪᠣᠯᠲᠠᠯ᠎ᠠ᠂ ᠰᠤᠷᠭᠠᠨ ᠬᠦᠮᠦᠵᠢᠯ ᠤᠨ ᠪᠡᠯᠡ ᠮᠥᠩᠭᠦ ᠶᠢ 10146 ᠲᠦᠮᠡᠨ ᠲᠥᠭᠦᠷᠢᠭ ᠭᠠᠷᠭᠠᠵᠤ᠂ ᠵᠢᠯ ᠤᠨ ᠡᠬᠢᠨ ᠤ ᠲᠥᠰᠥᠪ ᠤᠨ 101.88 ᠶᠢ ᠪᠡᠶᠡᠯᠡᠭᠦᠯᠪᠡ᠃       ᠨᠢᠭᠡ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠳᠥᠷᠪᠡᠨ ᠰᠤᠷᠭᠠᠭᠤᠯᠢ ᠶᠢᠨ ᠡᠯ᠎ᠡ ᠵᠦᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠳᠡᠭᠡᠳᠦ ᠱᠠᠲᠤᠨ ᠤ 2023 ᠣᠨ ᠤ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠨᠥᠬᠦᠪᠦᠷᠢ ᠮᠦᠩᠭᠦ 206 ᠲᠦᠮᠡᠨ ᠲᠥᠭᠦᠷᠢᠭ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠨᠥᠬᠦᠪᠦᠷᠢ ᠮᠥᠩᠭᠦ 55 ᠲᠦᠮᠡᠨ ᠲᠥᠭᠦᠷᠢᠭ᠂ ᠰᠠᠭᠤᠷᠢ ᠰᠤᠷᠭᠠᠨ ᠬᠥᠮᠦᠵᠢᠯ ᠤᠨ ᠲᠤᠰᠬᠠᠢ ᠪᠡᠯᠡ ᠮᠥᠩᠭᠦ 100 ᠲᠦᠮᠡᠨ ᠲᠥᠭᠦᠷᠢᠭ ᠢ ᠰᠠᠯᠭᠠᠨ ᠥᠭᠪᠡ᠃       ᠬᠤᠶᠠᠷ ᠲᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠪᠠᠲᠤᠯᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ ᠨᠡᠶᠢᠲᠡ 930 ᠲᠦᠮᠡᠨ ᠲᠥᠭᠦᠷᠢᠭ ᠰᠠᠯᠭᠠᠨ ᠥᠭᠴᠦ᠂ 15 ᠠᠩᠭᠢᠲᠦ ᠬᠡᠦᠬᠡᠳ ᠤᠨ ᠴᠡᠴᠡᠷᠯᠢᠭ ᠤᠨ ᠤᠯᠤᠰ ᠤᠨ ᠡᠭᠦᠳᠡᠨ ᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠲᠡᠢ ᠪᠡᠯᠡ ᠮᠥᠩᠭᠦ ᠶᠢᠨ ᠳᠡᠮᠵᠢᠯᠭᠡ ᠬᠠᠩᠭᠠᠪᠠ︔ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠲᠤ 15.37 ᠲᠦᠮᠡᠨ ᠲᠥᠭᠦᠷᠢᠭ ᠤᠨ ᠲᠤᠰᠠᠯᠠᠮᠵᠢ ᠶᠢᠨ ᠪᠡᠯᠡ ᠮᠥᠩᠭᠦ ᠰᠢᠯᠵᠢᠭᠦᠯᠦᠨ ᠥᠭᠪᠡ᠃       ᠭᠤᠷᠪᠠ ᠳᠤ ᠪᠥᠬᠦ ᠵᠢᠯ ᠳᠤ ᠰᠤᠷᠭᠠᠨ ᠬᠥᠮᠦᠵᠢᠯ ᠤᠨ ᠨᠡᠮᠡᠯᠲᠡ ᠪᠡᠯᠡ ᠮᠥᠩᠭᠦ ᠶᠢ ᠨᠡᠶᠢᠲᠡ 972 ᠲᠦᠮᠡᠨ ᠲᠥᠭᠦᠷᠢᠭ ᠰᠢᠯᠵᠢᠭᠦᠯᠦᠨ ᠥᠭᠴᠦ᠂ ᠡᠯ᠎ᠡ ᠵᠦᠢᠯ ᠤᠨ ᠰᠤᠷᠭᠠᠨ ᠬᠥᠮᠦᠵᠢᠯ ᠤᠨ ᠦᠢᠯᠡᠰ ᠤᠨ ᠲᠡᠩᠴᠡᠭᠦᠷᠢᠲᠡᠢ ᠬᠥᠭᠵᠢᠯᠲᠡ ᠳᠤ ᠬᠦᠴᠦᠲᠡᠢ ᠡᠳ᠋ ᠤᠨ ᠬᠦᠴᠦᠨ ᠤ ᠳᠡᠮᠵᠢᠯᠭᠡ ᠬᠠᠩᠭᠠᠪᠠ᠃       ᠳᠥᠷᠪᠡ ᠳᠤ ᠣᠲᠣ ᠪᠣᠯᠲᠠᠯ᠎ᠠ ᠰᠤᠷᠭᠠᠨ ᠬᠥᠮᠦᠵᠢᠯ ᠤᠨ ᠰᠢᠰᠲ᠋ᠧᠮ ᠤᠨ 12 ᠰᠠᠷ᠎ᠠ ᠶᠢᠨ ᠴᠠᠯᠢᠩ᠂ ᠲᠠᠪᠤᠨ ᠳᠠᠭᠠᠳᠬᠠᠯ ᠨᠢᠭᠡ ᠰᠠᠭᠤᠷᠢ ᠮᠥᠩᠭᠦ ᠵᠢᠴᠢ ᠡᠯ᠎ᠡ ᠰᠤᠷᠭᠠᠭᠤᠯᠢ ᠶᠢᠨ ᠪᠥᠬᠦ ᠵᠢᠯ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠢ ᠨᠢᠭᠡᠨᠲᠡ ᠰᠠᠯᠭᠠᠨ ᠥᠭᠴᠦ ᠳᠠᠭᠤᠰᠬᠠᠨ᠂ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯᠲᠠᠨ ᠤ ᠠᠮᠢᠳᠤᠷᠠᠯ ᠵᠢᠴᠢ ᠰᠤᠷᠭᠠᠭᠤᠯᠢ ᠶᠢᠨ ᠬᠡᠪ ᠤᠨ ᠠᠵᠢᠯᠯᠠᠭ᠎ᠠ ᠶᠢ ᠪᠠᠲᠤᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ