ᠤᠳᠤᠷᠢᠳᠬᠤ ᠪᠠᠭ ᠤᠨ ᠠᠵᠢᠯ ᠤᠨ ᠬᠤᠪᠢᠶᠠᠷᠢᠯᠠᠯ ᠢ ᠲᠣᠬᠢᠷᠠᠭᠤᠯᠬᠤ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2023/12/25
ᠲᠣᠪᠴᠢᠶᠠᠨ ᠤ ᠡᠯ᠎ᠡ ᠰᠠᠯᠠᠭ᠎ᠠ ᠲᠠᠰᠤᠭ ᠲᠤ᠄      ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ 2023 ᠣᠨ ᠤ 9 ᠰᠠᠷ᠎ᠠ ᠶᠢᠨ 28 ᠤ ᠡᠳᠦᠷ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠣᠳᠣᠯᠬᠤ ᠪᠠᠷ ᠳᠠᠮᠵᠢᠨ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠪᠡ᠂ ᠣᠳᠤ ᠲᠣᠬᠢᠷᠠᠭᠤᠯᠤᠯᠲᠠ ᠬᠢᠭᠰᠡᠨ ᠪᠠᠶᠢᠳᠠᠯ ᠢᠶᠠᠨ ᠳᠣᠣᠷᠠᠬᠢ ᠮᠡᠲᠦ ᠮᠡᠳᠡᠭᠳᠡᠶ᠎ᠡ᠄       ᠦ᠋ ᠰᠢᠶᠣᠣ ᠵᠢᠶᠦ᠋ᠨ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠃ ᠡᠳ᠋ ᠤᠨ ᠵᠠᠰᠠᠭ ᠤᠨ ᠲᠣᠪᠴᠢᠶ᠎ᠠ ᠶᠢᠨ ᠪᠦᠬᠦ ᠲᠠᠯ᠎ᠠ ᠶᠢᠨ ᠠᠵᠢᠯ ᠢ ᠡᠷᠬᠢᠯᠡᠵᠦ᠂ ᠡᠳ᠋ ᠤᠨ ᠵᠠᠰᠠᠭ ᠤᠨ ᠦᠢᠯᠡᠰ ᠤᠨ ᠬᠥᠭᠵᠢᠯᠲᠡ ᠶᠢᠨ ᠲᠥᠪ᠂ ᠤᠯᠤᠰ ᠤᠨ ᠬᠥᠮᠥᠷᠭᠡ ᠪᠠ ᠭᠠᠶᠢᠯᠢ ᠶᠢᠨ ᠶᠠᠪᠤᠳᠠᠯ ᠤᠨ ᠲᠠᠰᠤᠭ᠂ ᠲᠥᠰᠥᠪ ᠪᠠ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠲᠠᠰᠤᠭ ᠢ ᠬᠤᠪᠢᠳᠠᠨ ᠬᠠᠮᠢᠶᠠᠷᠤᠨ᠎ᠠ᠃       ᠲᠤᠶᠠᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ᠃ ᠲᠣᠪᠴᠢᠶᠠᠨ ᠳᠠᠷᠤᠭ᠎ᠠ ᠶᠢ ᠬᠠᠪᠰᠤᠷᠤᠨ ᠠᠵᠢᠯᠯᠠᠵᠤ᠂ ᠪᠠᠶᠢᠭᠤᠯᠭ᠎ᠠ ᠶᠢᠨ ᠵᠠᠰᠠᠭ ᠵᠠᠬᠢᠷᠭ᠎ᠠ᠂ ᠠᠷᠤ ᠲᠠᠯ᠎ᠠ ᠶᠢᠨ ᠠᠵᠢᠯ᠂ ᠵᠣᠬᠢᠶᠠᠨ ᠪᠠᠶᠢᠭᠤᠯᠤᠯᠲᠠ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ᠂ ᠲᠠᠩᠰᠠ ᠡᠪᠬᠡᠮᠡᠯ ᠤᠨ ᠬᠠᠮᠢᠶᠠᠷᠤᠯᠲᠠ᠂ ᠨᠢᠭᠤᠴᠠ ᠶᠢ ᠬᠠᠮᠠᠭᠠᠯᠠᠬᠤ᠂ ᠪᠠᠶᠢᠭᠤᠯᠭ᠎ᠠ ᠶᠢᠨ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠨᠢᠭᠡᠳᠦᠮᠡᠯ ᠹᠷᠣᠨᠲ᠂ ᠱᠠᠰᠢᠨ ᠰᠤᠷᠲᠠᠬᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ᠂ ᠦᠵᠡᠯ ᠤᠬᠠᠮᠰᠠᠷ ᠤᠨ ᠬᠡᠯᠪᠡᠷᠢ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ᠂ ᠦᠨᠳᠦᠰᠦᠲᠡᠨ ᠤ ᠪᠦᠯᠬᠦᠮᠳᠡᠯ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠠᠤᠯᠢ ᠶᠣᠰᠣᠭᠠᠷ ᠬᠤᠰᠢᠭᠤ ᠪᠠᠨ ᠵᠠᠰᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠲᠠᠩᠰᠠ ᠲᠡᠮᠳᠡᠭᠯᠡᠬᠦ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠢ ᠣᠷᠣᠯᠠᠨ ᠭᠦᠢᠴᠡᠳᠬᠡᠬᠦ ᠵᠡᠷᠭᠡ ᠠᠵᠢᠯ ᠢ ᠬᠠᠷᠢᠭᠤᠴᠠᠨ᠎ᠠ︔ ᠤᠯᠤᠰ ᠤᠨ ᠬᠥᠮᠥᠷᠭᠡ ᠪᠠ ᠭᠠᠶᠢᠯᠢ ᠶᠢᠨ ᠶᠠᠪᠤᠳᠠᠯ᠂ ᠵᠠᠰᠠᠭ ᠵᠠᠬᠢᠷᠭᠠᠨ ᠤ ᠤᠯᠤᠰ ᠲᠥᠷᠥ ᠬᠠᠤᠯᠢ ᠴᠠᠭᠠᠵᠠ ᠪᠠ ᠨᠢᠭᠲᠠᠯᠠᠨ ᠪᠤᠳᠤᠬᠤ᠂ ᠶᠡᠷᠦᠩᠬᠡᠶᠢᠯᠡᠭᠰᠡᠨ ᠠᠵᠢᠯ ᠵᠡᠷᠭᠡ ᠰᠠᠯᠠᠭ᠎ᠠ ᠲᠠᠰᠤᠭ ᠤᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ᠠᠯᠪᠠᠨ ᠭᠡᠷ᠂ ᠵᠠᠰᠠᠭ ᠵᠠᠬᠢᠷᠭ᠎ᠠ ᠤᠯᠤᠰ ᠲᠥᠷᠥ ᠬᠠᠤᠯᠢ ᠴᠠᠭᠠᠵᠠ ᠪᠠ ᠨᠢᠭᠲᠠᠯᠠᠨ ᠪᠤᠳᠤᠬᠤ ᠲᠠᠰᠤᠭ᠂ ᠶᠡᠷᠦᠩᠬᠡᠶᠢᠯᠡᠭᠰᠡᠨ ᠲᠠᠰᠤᠭ ᠢ ᠪᠣᠳᠠᠲᠠᠢ ᠪᠠᠷ ᠬᠤᠪᠢᠳᠠᠨ ᠬᠠᠮᠢᠶᠠᠷᠴᠤ᠂ ᠤᠯᠤᠰ ᠤᠨ ᠬᠥᠮᠥᠷᠭᠡ ᠪᠠ ᠭᠠᠶᠢᠯᠢ ᠶᠢᠨ ᠶᠠᠪᠤᠳᠠᠯ ᠤᠨ ᠲᠠᠰᠤᠭ ︵ᠭᠠᠶᠢᠯᠢ ᠶᠢᠨ ᠪᠤᠰᠤ ᠣᠷᠣᠯᠭ᠎ᠠ᠂ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠲᠣᠭᠲᠠᠭᠠᠬᠤ︶ ᠢ ᠬᠠᠮᠵᠢᠨ ᠬᠤᠪᠢᠳᠠᠨ ᠬᠠᠮᠢᠶᠠᠷᠤᠨ᠎ᠠ᠃      ᠬᠠᠢ ᠪᠢᠨ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ᠃ ᠲᠣᠪᠴᠢᠶᠠᠨ ᠳᠠᠷᠤᠭ᠎ᠠ ᠶᠢ ᠬᠠᠪᠰᠤᠷᠤᠨ ᠠᠵᠢᠯᠯᠠᠵᠤ᠂ ᠲᠣᠪᠴᠢᠶᠠᠨ ᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ᠂ ᠨᠠᠮ ᠤᠨ ᠠᠵᠢᠯ ᠢ ᠢᠯᠡ ᠪᠣᠯᠭᠠᠬᠤ ᠵᠡᠷᠭᠡ ᠠᠵᠢᠯ ᠢ ᠬᠠᠷᠢᠭᠤᠴᠠᠨ᠎ᠠ᠃᡽ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠰᠣᠶᠣᠯ᠂ ᠲᠠᠷᠢᠶᠠᠯᠠᠩ ᠮᠠᠯ ᠠᠵᠤ ᠠᠬᠤᠢ᠂ ᠮᠥᠩᠭᠦᠨ ᠭᠦᠢᠯᠭᠡᠭᠡᠨ ᠤ ᠠᠵᠤ ᠠᠬᠤᠢ ᠵᠡᠷᠭᠡ ᠰᠠᠯᠠᠭ᠎ᠠ ᠲᠠᠰᠤᠭ ᠤᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠲᠠᠰᠤᠭ᠂ ᠲᠠᠷᠢᠶᠠᠯᠠᠩ ᠮᠠᠯ ᠠᠵᠤ ᠠᠬᠤᠢ ᠶᠢᠨ ᠲᠠᠰᠤᠭ᠂ ᠮᠥᠩᠭᠦᠨ ᠭᠦᠢᠯᠭᠡᠭᠡᠨ ᠠᠵᠤ ᠠᠬᠤᠢ ᠶᠢᠨ ᠲᠠᠰᠤᠭ ᠢ ᠬᠤᠪᠢᠳᠠᠨ ᠬᠠᠮᠢᠶᠠᠷᠤᠨ᠎ᠠ᠃       ᠶᠢᠨ ᠰᠢᠨ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠦᠷ ᠲᠤᠰᠢᠶᠠᠯ ᠡᠭᠦᠷᠭᠡᠯᠡᠭᠰᠡᠨ ᠳᠡᠳ᠋ ᠲᠣᠪᠴᠢᠶᠠᠨ ᠳᠠᠷᠤᠭ᠎ᠠ᠃ ᠲᠣᠪᠴᠢᠶᠠᠨ ᠳᠠᠷᠤᠭ᠎ᠠ ᠶᠢᠨ ᠠᠵᠢᠯ ᠳᠤ ᠬᠠᠮᠵᠢᠯᠴᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ︽ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ ᠵᠡᠷᠭᠡ ᠠᠵᠢᠯ ᠢ ᠬᠠᠷᠢᠭᠤᠴᠠᠨ᠎ᠠ︔ ᠬᠢᠨᠠᠯᠲᠠ ᠲᠠᠯᠪᠢᠵᠤ ᠦᠨᠡᠯᠡᠬᠦ᠂ ᠨᠡᠶᠢᠭᠡᠮ ᠤᠨ ᠪᠠᠲᠤᠯᠠᠭ᠎ᠠ᠂ ᠲᠥᠰᠥᠪ ᠪᠠ ᠵᠠᠰᠠᠭ ᠤᠨ ᠣᠷᠳᠣᠨ ᠤ ᠥᠷᠢ ᠥᠭᠴᠡᠭᠡ᠂ ᠼᠠᠢ ᠲᠠᠢ ᠪᠡᠯᠡ ᠣᠷᠣᠭᠤᠯᠤᠯᠲᠠ ᠶᠢᠨ ᠡᠵᠡᠩᠨᠡᠯᠲᠡ ᠬᠠᠮᠢᠶᠠᠷᠤᠯᠲᠠ᠂ ᠶᠢᠨ ᠠᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠵᠡᠷᠭᠡ ᠰᠠᠯᠠᠭ᠎ᠠ ᠲᠠᠰᠤᠭ ᠤᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠮᠵᠢᠨ ᠬᠠᠷᠢᠭᠤᠴᠠᠨ᠎ᠠ᠃       ᠬᠢᠨᠠᠯᠲᠠ ᠲᠠᠯᠪᠢᠵᠤ ᠦᠨᠡᠯᠡᠬᠦ ᠲᠠᠰᠤᠭ᠂ ᠨᠡᠶᠢᠭᠡᠮ ᠤᠨ ᠪᠠᠲᠤᠯᠠᠭ᠎ᠠ ᠶᠢᠨ ᠲᠠᠰᠤᠭ ︵ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ︶᠂ ᠼᠠᠢ ᠲᠠᠢ ᠪᠡᠯᠡ ᠣᠷᠣᠭᠤᠯᠤᠯᠲᠠ ᠶᠢᠨ ᠡᠵᠡᠩᠨᠡᠯᠲᠡ ᠬᠠᠮᠢᠶᠠᠷᠤᠯᠲᠠ ᠶᠢᠨ ᠺᠣᠮᠫᠠᠨᠢ᠂ ᠶᠢᠨ ᠠᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠬᠢᠵᠠᠭᠠᠷᠲᠤ ᠺᠣᠮᠫᠠᠨᠢ ᠶᠢ ᠪᠣᠳᠠᠲᠠᠢ ᠬᠤᠪᠢᠳᠠᠨ ᠬᠠᠮᠢᠶᠠᠷᠴᠤ᠂ ᠲᠥᠰᠥᠪ ᠪᠠ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠲᠠᠰᠤᠭ ᠢ ᠬᠠᠮᠵᠢᠨ ᠬᠤᠪᠢᠳᠠᠨ ᠬᠠᠮᠢᠶᠠᠷᠤᠨ᠎ᠠ᠃                            ᠰᠢᠨ᠎ᠡ ᠪᠠᠷᠭᠤ ᠪᠠᠷᠠᠭᠤᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ                                  2023 ᠣᠨ ᠤ 10 ᠰᠠᠷ᠎ᠠ ᠶᠢᠨ 20 ᠤ ᠡᠳᠦᠷ      ︵ᠰᠠᠨᠠᠭᠠᠴᠢᠯᠠᠭ᠎ᠠ ᠠᠴᠠ ᠪᠠᠨ ᠢᠯᠡ ᠪᠣᠯᠭᠠᠨ᠎ᠠ︶ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ