ᠪᠥᠬᠦ ᠬᠤᠰᠢᠭᠤᠨ ᠳᠤ ᠨᠣᠮ ᠪᠢᠴᠢᠭ ᠬᠠᠨᠳᠢᠪᠯᠡᠬᠤ ᠠᠵᠢᠯᠯᠠᠭ᠎ᠠ ᠵᠣᠬᠢᠶᠠᠨ ᠪᠠᠶᠢᠭᠤᠯᠬᠤ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/12/4
ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ ᠳᠤ᠄       ᠣᠯᠠᠨ ᠨᠡᠶᠢᠲᠡ ᠶᠢᠨ ᠨᠣᠮ ᠤᠨ ᠰᠠᠩ ᠪᠣᠯ ᠪᠥᠬᠦ ᠨᠡᠶᠢᠭᠡᠮ ᠨᠡᠶᠢᠲᠡ ᠳᠤ ᠬᠠᠨᠳᠤᠭᠤᠯᠤᠭᠰᠠᠨ ᠣᠯᠠᠨ ᠨᠡᠶᠢᠲᠡ ᠶᠢᠨ ᠤᠩᠰᠢᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠮᠥᠨ᠂ ᠨᠠᠮ ᠪᠠ ᠵᠠᠰᠠᠭ ᠤᠨ ᠣᠷᠳᠣᠨ ᠤ ᠲᠡᠷᠢᠭᠦᠨ ᠤ ᠰᠣᠶᠣᠯ ᠢ ᠤᠯᠠᠮᠵᠢᠯᠠᠬᠤ ᠭᠤᠣᠯ ᠵᠢᠭᠰᠠᠭᠠᠯ ᠤᠨ ᠭᠠᠵᠠᠷ ᠮᠥᠨ᠂ ᠮᠥᠨ ᠴᠦ ᠪᠥᠬᠦ ᠬᠤᠰᠢᠭᠤᠨ ᠤ ᠠᠷᠠᠳ ᠲᠦᠮᠡᠨ ᠤ ᠰᠣᠶᠣᠯ ᠤᠨ ᠡᠷᠬᠡ ᠠᠰᠢᠭ ᠢ ᠡᠳ᠋ᠯᠡᠬᠦ ᠲᠠᠯᠠᠪᠤᠷ ᠮᠥᠨ᠃ ᠣᠯᠠᠨ ᠲᠦᠮᠡᠨ ᠳᠤ ᠨᠠᠩ ᠰᠠᠶᠢᠨ ᠦᠢᠯᠡᠴᠢᠯᠡᠵᠦ᠂ ᠮᠠᠨ ᠤ ᠬᠤᠰᠢᠭᠤᠨ ᠤ ᠨᠣᠮ ᠤᠨ ᠰᠠᠩ ᠤᠨ ᠬᠠᠳᠠᠭᠠᠯᠠᠮᠵᠢ ᠶᠢᠨ ᠡᠬᠢ ᠪᠠᠶᠠᠯᠢᠭ ᠢ ᠪᠠᠶᠠᠯᠢᠭᠵᠢᠭᠤᠯᠤᠨ᠂ ᠨᠣᠮ ᠤᠨ ᠰᠤᠷᠪᠤᠯᠵᠢ ᠶᠢᠨ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠎ ᠠᠴᠠ ᠪᠥᠬᠦ ᠬᠤᠰᠢᠭᠤᠨ ᠤ ᠬᠡᠪᠴᠢᠶᠡᠨ ᠳᠤ ᠨᠣᠮ ᠪᠢᠴᠢᠭ ᠬᠠᠨᠳᠢᠪᠯᠡᠬᠤ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠂ ᠣᠳᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄       ᠨᠢᠭᠡ᠂ ᠬᠠᠨᠳᠢᠪᠯᠠᠬᠤ ᠭᠤᠣᠯ ᠴᠣᠭᠴᠠ       ᠪᠥᠬᠦ ᠬᠤᠰᠢᠭᠤᠨ ᠤ ᠪᠠᠶᠢᠭᠤᠯᠭ᠎ᠠ ᠨᠢᠭᠡᠴᠡ ᠶᠢᠨ ᠺᠠᠳ᠋ᠷ ᠠᠵᠢᠯᠲᠠᠨ᠂ ᠨᠡᠶᠢᠭᠡᠮ ᠤᠨ ᠡᠯ᠎ᠡ ᠡᠲᠡᠭᠡᠳ ᠤᠨ ᠬᠠᠯᠠᠭᠤᠨ ᠰᠡᠳᠬᠢᠯᠲᠦ ᠬᠥᠮᠥᠰ       ᠬᠤᠶᠠᠷ᠂ ᠬᠠᠨᠳᠢᠪᠯᠠᠬᠤ ᠬᠤᠭᠤᠴᠠᠭ᠎ᠠ ᠪᠠ ᠠᠷᠭ᠎ᠠ ᠮᠠᠶ᠋ᠢᠭ       ︵ᠨᠢᠭᠡ︶ ᠲᠥᠪᠯᠡᠷᠡᠭᠦᠯᠦᠨ ᠬᠠᠨᠳᠢᠪᠯᠡᠬᠤ ᠴᠠᠭ᠄ 2023 ᠣᠨ ᠤ 11 ᠰᠠᠷ᠎ᠠ ᠶᠢᠨ 15᠎ ᠤ ᠡᠳᠦᠷ ᠠᠴᠠ 30᠎ ᠤ ᠡᠳᠦᠷ ︵ᠦᠳᠡ ᠶᠢᠨ ᠡᠮᠦᠨᠡᠬᠢ 9᠄ 00 ︱ 12᠄ 00᠂ ᠦᠳᠡ ᠶᠢᠨ ᠬᠤᠶᠢᠨᠠᠬᠢ 14᠄ 30 ︱ 17᠄ 30︶ ᠪᠣᠯᠲᠠᠯ᠎ᠠ      ︵ᠬᠤᠶᠠᠷ︶ ᠬᠠᠨᠳᠢᠪᠯᠠᠬᠤ ᠠᠷᠭ᠎ᠠ ᠮᠠᠶ᠋ᠢᠭ᠄ ᠡᠯ᠎ᠡ ᠰᠤᠮᠤ ᠪᠠᠯᠭᠠᠰᠤ ᠶᠢᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ᠲᠥᠪᠯᠡᠷᠡᠭᠦᠯᠦᠨ ᠵᠣᠬᠢᠶᠠᠨ ᠪᠠᠶᠢᠭᠤᠯᠵᠤ᠂ ᠪᠠᠶᠢᠭᠤᠯᠭ᠎ᠠ ᠪᠠᠷ ᠨᠢᠭᠡᠴᠢ ᠪᠣᠯᠭᠠᠨ᠂ ᠺᠠᠳ᠋ᠷ ᠠᠵᠢᠯᠲᠠᠨ ᠨᠢᠭᠡᠪᠦᠷᠢ 2 ᠳᠡᠪᠲᠡᠷ ᠠᠴᠠ ᠳᠤᠲᠠᠭᠤ ᠪᠠᠶᠢᠵᠤ ᠪᠣᠯᠬᠤ ᠦᠭᠡᠢ᠃       ︵ᠭᠤᠷᠪᠠ︶ ᠬᠠᠨᠳᠢᠪᠯᠠᠬᠤ ᠬᠠᠶ᠋ᠢᠭ᠄ ᠬᠠᠨᠳᠢᠪᠯᠠᠭᠰᠠᠨ ᠨᠣᠮ ᠪᠢᠴᠢᠭ ᠤᠳ ᠢ ᠰᠢᠨ᠎ᠡ ᠪᠠᠷᠭᠤ ᠪᠠᠷᠠᠭᠤᠨ ᠬᠤᠰᠢᠭᠤᠨ ᠤ ᠨᠣᠮ ᠤᠨ ᠰᠠᠩ ᠳᠤ ᠨᠢᠭᠡᠳᠦᠯᠲᠡᠢ ᠬᠦᠷᠭᠡᠨ᠎ᠡ ︵ᠦᠨᠳᠦᠰᠦᠲᠡᠨ ᠤ ᠰᠣᠶᠣᠯ ᠤᠨ ᠲᠥᠪ ᠤᠨ ᠨᠢᠭᠡᠳᠦᠭᠡᠷ ᠳᠠᠪᠬᠤᠷᠭ᠎ᠠ ᠶᠢᠨ ᠪᠠᠭᠠᠴᠤᠳ ᠬᠡᠦᠬᠡᠳ ᠤᠨ ᠤᠩᠰᠢᠯᠭ᠎ᠠ ᠶᠢᠨ ᠲᠠᠰᠤᠭ︶᠂ ᠬᠠᠷᠢᠯᠴᠠᠬᠤ ᠬᠥᠮᠥᠨ᠄ ᠨᠠᠷᠠᠮᠠᠢ᠂ ᠬᠠᠷᠢᠯᠴᠠᠬᠤ ᠤᠲᠠᠰᠤ᠄ 18447038399᠃       ᠭᠤᠷᠪᠠ᠂ ᠬᠠᠨᠳᠢᠪᠯᠠᠬᠤ ᠱᠠᠭᠠᠷᠳᠠᠯᠭ᠎ᠠ       ︵ᠨᠢᠭᠡ︶ ᠬᠠᠨᠳᠢᠪᠯᠠᠭᠰᠠᠨ ᠨᠣᠮ ᠪᠢᠴᠢᠭ ᠨᠢ ᠵᠢᠩᠬᠢᠨᠢ ᠬᠡᠪᠯᠡᠭᠳᠡᠬᠦᠨ ᠪᠠᠶᠢᠬᠤ ᠬᠡᠷᠡᠭᠲᠡᠢ᠂ ᠨᠤᠮ ᠪᠢᠴᠢᠭ ᠤᠨ ᠠᠭᠤᠯᠭ᠎ᠠ ᠨᠢ ᠡᠷᠡᠭᠦᠯ ᠴᠢᠭᠢᠷᠠᠭ᠂ ᠢᠳᠡᠪᠬᠢᠲᠡᠢ ᠥᠭᠡᠳᠡᠷᠬᠡᠭ ᠪᠠᠶᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠵᠦ᠂ ᠵᠣᠬᠢᠬᠤ ᠯᠠᠪᠯᠠᠯᠲᠠ ᠪᠣᠯᠭᠠᠨ ᠠᠰᠢᠭᠯᠠᠬᠤ ᠦᠨ᠎ᠡ ᠥᠷᠳᠡᠭ ᠲᠠᠢ ᠪᠠᠶᠢᠵᠤ᠂ ᠨᠤᠮ ᠪᠢᠴᠢᠭ ᠤᠨ ᠭᠠᠳᠠᠷ ᠪᠠᠶᠢᠳᠠᠯ ᠨᠢ ᠦᠨᠳᠦᠰᠦᠨ ᠳᠡᠭᠡᠨ ᠪᠦᠷᠢᠨ ᠪᠦᠲᠦᠨ ᠪᠠᠶᠢᠵᠤ᠂ ᠬᠦᠨᠳᠦ ᠨᠣᠴᠢᠲᠠᠢ ᠤᠷᠠᠭᠳᠠᠭᠰᠠᠨ ᠦᠭᠡᠢ ᠪᠠᠶᠢᠬᠤ ᠬᠡᠷᠡᠭᠲᠡᠢ᠃ ︵ᠵᠢᠭᠠᠨ ᠰᠤᠷᠭᠠᠯᠲᠠ ᠶᠢᠨ ᠬᠠᠪᠰᠤᠷᠤᠮᠵᠢ ᠪᠢᠴᠢᠭ᠂ ᠬᠤᠭᠤᠴᠠᠭᠠᠲᠤ ᠰᠡᠳᠬᠦᠯ᠂ ᠰᠣᠨᠢᠨ ᠬᠠᠨᠳᠢᠪᠯᠠᠬᠤ ᠵᠦᠢᠯ ᠳᠤ ᠪᠠᠭᠲᠠᠬᠤ ᠦᠭᠡᠢ︶       ︵ᠬᠤᠶᠠᠷ︶ ᠪᠥᠬᠦ ᠬᠤᠰᠢᠭᠤᠨ ᠤ ᠬᠠᠨᠳᠢᠪᠯᠡᠭ᠌ᠰᠠᠨ ᠨᠣᠮ ᠪᠢᠴᠢᠭ 7200 ᠳᠡᠪᠲᠡᠷ ᠠᠴᠠ ᠳᠤᠲᠠᠭᠤ ᠦᠭᠡᠢ ᠪᠠᠶᠢᠵᠤ᠂ ᠤᠳᠤᠷᠢᠳᠬᠤ ᠪᠠᠭ ᠲᠦᠷᠦᠭᠦᠯᠡᠨ ᠬᠠᠨᠳᠢᠪᠯᠡᠵᠤ᠂ ᠥᠷᠭᠡᠨ ᠣᠯᠠᠨ ᠺᠠᠳ᠋ᠷ ᠠᠵᠢᠯᠲᠠᠳ ᠢᠳᠡᠪᠬᠢᠲᠡᠢ ᠣᠷᠣᠯᠴᠠᠬᠤ ᠬᠡᠷᠡᠭᠲᠡᠢ᠃       ᠳᠥᠷᠪᠡ᠂ ᠠᠵᠢᠯ ᠤᠨ ᠱᠠᠭᠠᠷᠳᠠᠯᠭ᠎ᠠ      ︵ᠨᠢᠭᠡ︶ ᠲᠣᠰ ᠤᠳᠠᠭᠠᠨ ᠤ ᠨᠣᠮ ᠪᠢᠴᠢᠭ ᠬᠠᠨᠳᠢᠪᠯᠡᠬᠤ ᠠᠵᠢᠯᠯᠠᠭ᠎ᠠ ᠪᠣᠯ ᠪᠠᠶᠢᠭᠤᠯᠭ᠎ᠠ ᠶᠢᠨ ᠺᠠᠳ᠋ᠷᠴᠤᠳ ᠤᠨ ᠪᠣᠳᠠᠲᠤ ᠠᠵᠢᠯᠯᠠᠭ᠎ᠠ ᠪᠠᠷ ᠢᠶᠠᠨ ᠬᠤᠳᠠᠯᠳᠤᠭ᠎ᠠ ᠡᠵᠡᠩᠨᠡᠬᠦ ᠠᠵᠢᠯ ᠢ ᠳᠡᠮᠵᠢᠵᠦ ᠰᠢᠯᠢᠳᠡᠭᠵᠢᠭᠦᠯᠬᠦ ᠶᠢᠨ ᠪᠣᠳᠠᠲᠠᠢ ᠢᠯᠡᠷᠡᠯ ᠮᠥᠨ᠂ ᠪᠠᠰᠠ ᠴᠤ ᠪᠠᠶᠢᠭᠤᠯᠭ᠎ᠠ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠮᠡᠳᠡᠭᠳᠡᠯ ᠤᠨ ᠱᠠᠭᠠᠷᠳᠠᠯᠭ᠎ᠠ ᠶᠣᠰᠣᠭᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠢᠯᠯᠠᠭ᠎ᠠ ᠶᠢᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠡᠯ᠎ᠡ ᠨᠢᠭᠡᠴᠡ ᠶᠢᠨ ᠬᠠᠨᠳᠢᠪᠯᠡᠭ᠌ᠰᠠᠨ ᠪᠠᠶᠢᠳᠠᠯ ᠢ ᠮᠡᠳᠡᠭᠳᠡᠬᠦ ᠬᠡᠷᠡᠭᠲᠡᠢ᠃       ︵ᠬᠤᠶᠠᠷ︶ ᠬᠠᠨᠳᠢᠪᠯᠠᠭᠰᠠᠨ ᠨᠣᠮ ᠪᠢᠴᠢᠭ ᠢ ᠭᠥᠯᠢᠶᠡᠨ ᠠᠪᠤᠮᠠᠭᠴᠠ ᠲᠡᠭᠦᠨ ᠤ ᠥᠮᠴᠢᠯᠡᠬᠦ ᠡᠷᠬᠡ ᠨᠢ ᠬᠠᠷᠢᠶᠠᠯᠠᠭᠳᠠᠬᠤ ᠭᠠᠵᠠᠷ ᠤᠨ ᠨᠣᠮ ᠤᠨ ᠰᠠᠩ ᠳᠤ ᠥᠮᠴᠢᠯᠡᠭᠳᠡᠨ᠎ᠡ᠃ ᠬᠢᠨᠠᠨ ᠬᠠᠷᠭᠤᠭᠤᠯᠵᠤ ᠬᠡᠷᠡᠭᠯᠡᠬᠦ ᠪᠠᠷ ᠲᠣᠭᠲᠠᠭᠰᠠᠨ ᠨᠣᠮ ᠪᠢᠴᠢᠭ ᠢ ᠨᠣᠮ ᠤᠨ ᠰᠠᠩ ᠤᠨ ᠬᠠᠳᠠᠭᠠᠯᠠᠮᠵᠢ ᠶᠢᠨ ᠰᠢᠰᠲ᠋ᠧᠮ ᠳᠤ ᠣᠷᠣᠭᠤᠯᠵᠤ᠂ ᠥᠷᠭᠡᠨ ᠤᠯᠠᠨ ᠲᠦᠮᠡᠨ ᠳᠤ ᠵᠢᠭᠡᠯᠡᠭᠦᠯᠵᠦ ᠦᠵᠡᠭᠦᠯᠦᠨ᠎ᠡ᠂ ᠬᠢᠨᠠᠨ ᠬᠠᠷᠭᠤᠭᠤᠯᠤᠭᠠᠳ ᠬᠡᠷᠡᠭᠯᠡᠬᠦ ᠳᠤ ᠲᠣᠬᠢᠷᠠᠮᠵᠢ ᠦᠭᠡᠢ ᠨᠣᠮ ᠪᠢᠴᠢᠭ ᠢ ᠪᠤᠴᠠᠭᠠᠵᠤ ᠥᠭᠬᠦ ᠪᠤᠶᠤ ᠬᠠᠷᠢᠶ᠎ᠠ ᠭᠠᠵᠠᠷ ᠤᠨ ᠨᠣᠮ ᠤᠨ ᠰᠠᠩ ᠠᠴᠠ ᠨᠢᠭᠡᠳᠦᠯᠲᠡᠢ ᠰᠢᠢᠳᠪᠦᠷᠢᠯᠡᠨ᠎ᠡ᠃       ︵ᠭᠤᠷᠪᠠ︶ ᠨᠣᠮ ᠤᠨ ᠰᠠᠩ ᠨᠢ ᠬᠠᠨᠳᠢᠪᠯᠠᠭᠴᠢ ᠶᠢᠨ ᠬᠤᠪᠢ ᠬᠥᠮᠥᠨ ᠤ ᠣᠪᠣᠭ ᠨᠡᠷ᠎ᠡ ᠪᠤᠶᠤ ᠨᠢᠭᠡᠴᠡ᠂ ᠬᠠᠨᠳᠢᠪᠯᠠᠭᠰᠠᠨ ᠨᠣᠮ ᠪᠢᠴᠢᠭ ᠵᠡᠷᠭᠡ ᠶᠢ ᠲᠡᠩᠰᠡᠯᠡᠠ ᠲᠡᠮᠳᠡᠭᠯᠡᠵᠦ᠂ ᠨᠣᠮ ᠤᠨ ᠰᠠᠩ ᠤᠨ ᠡᠭᠦᠷᠢᠳᠡ ᠶᠢᠨ ᠴᠢᠨᠠᠷᠲᠠᠢ ᠲᠡᠩᠰᠠ ᠡᠪᠬᠡᠮᠡᠯ ᠪᠣᠯᠭᠠᠨ ᠬᠠᠳᠠᠭᠠᠯᠠᠨ᠎ᠠ᠃ ᠬᠠᠨᠳᠢᠪᠯᠡᠭ᠌ᠰᠠᠨ ᠨᠣᠮ ᠪᠢᠴᠢᠭ ᠢ ᠬᠢᠨᠠᠨ ᠬᠠᠷᠭᠤᠭᠤᠯᠤᠭᠠᠳ ᠬᠡᠷᠡᠭᠯᠡᠭᠰᠡᠨ ᠪᠠᠶᠢᠪᠠᠯ᠂ ᠨᠣᠮ ᠤᠨ ᠰᠠᠩ ᠨᠢ ᠬᠠᠨᠳᠢᠪᠯᠠᠭᠰᠠᠨ ᠨᠢᠭᠡᠴᠡ ᠵᠢᠴᠢ ᠬᠠᠨᠳᠢᠪᠯᠠᠭᠴᠢ ᠳᠤ ᠳᠣᠣᠷᠠᠬᠢ ᠦᠢᠯᠡᠴᠢᠯᠡᠭᠡ ᠶᠢ ᠬᠠᠩᠭᠠᠬᠤ ᠬᠡᠷᠡᠭᠲᠡᠢ᠄       1. ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠬᠠᠨᠳᠢᠪᠯᠡᠨ ᠬᠦᠷᠭᠡᠭᠴᠢᠳ ᠲᠤ ᠬᠠᠨᠳᠢᠪᠯᠠᠭᠰᠠᠨ ᠦᠨᠡᠮᠯᠡᠯ ᠣᠯᠭᠤᠨ᠎ᠠ᠃       2. ᠨᠣᠮ ᠤᠨ ᠰᠠᠩ ᠤᠨ ᠵᠢᠭᠡᠯᠡᠨ ᠤᠩᠰᠢᠬᠤ ᠺᠠᠷᠲ ᠢ ᠦᠨ᠎ᠡ ᠲᠥᠯᠥᠪᠦᠷᠢ ᠦᠭᠡᠢ ᠪᠠᠷ ᠭᠦᠢᠴᠡᠳᠬᠡᠵᠦ ᠥᠭᠭᠦᠨ᠎ᠡ᠃                                                  2023 ᠣᠨ ᠤ 11 ᠰᠠᠷ᠎ᠠ ᠶᠢᠨ 14᠎ ᠤ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ