ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 2 ᠤᠨ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠡᠪᠦᠯ ᠤᠨ ᠤᠯᠠᠷᠢᠯ ᠤᠨ | ᠠᠮᠢᠰᠬᠤᠯ ᠤᠨ ᠵᠠᠮ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ | ᠣᠳᠣᠬᠠᠨ ᠳᠤ ᠰᠢᠨ᠎ᠡ ᠪᠠᠷ ᠡᠭᠦᠰᠦᠭᠰᠡᠨ ᠬᠠᠯᠳᠠᠪᠤᠷᠢᠲᠤ ᠡᠪᠡᠳᠴᠢᠨ ᠪᠠᠶᠢᠨ᠎ᠠ ᠦᠦ ᠦᠬᠡᠢ ᠦᠦ︖ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠣᠨᠢᠨ ᠮᠡᠳᠡᠭᠡᠨ ᠤ ᠥᠭᠦᠯᠡᠭᠴᠢ ᠮᠢ ᠹᠧᠩ ᠤᠨ ᠲᠠᠨᠢᠯᠴᠠᠭᠤᠯᠤᠭᠰᠠᠨ ᠢᠶᠠᠷ᠂ ᠬᠢᠨᠠᠨ | ᠬᠡᠮᠵᠢᠯᠲᠡ ᠶᠢ ᠦᠨᠳᠦᠰᠦᠯᠡᠪᠡᠯ᠂ ᠣᠳᠣᠬᠠᠨ ᠳᠤ ᠳᠡᠯᠭᠡᠷᠡᠵᠦ ᠪᠠᠶᠢᠭ᠎ᠠ ᠲᠦᠷᠭᠡᠨ ᠴᠢᠨᠠᠷᠲᠠᠢ ᠠᠮᠢᠰᠬᠤᠯ ᠤᠨ ᠵᠠᠮ ᠤᠨ ᠡᠪᠡᠳᠴᠢᠨ ᠨᠢ ᠴᠥᠮ ᠨᠢᠭᠡᠨᠲᠡ ᠮᠡᠳᠡᠭᠰᠡᠨ | ᠡᠪᠡᠳᠴᠢᠨ ᠡᠭᠦᠰᠬᠡᠭᠴᠢ ᠠᠴᠠ ᠡᠭᠦᠰᠦᠭᠰᠡᠨ ᠪᠥᠭᠡᠳ ᠴᠥᠮ ᠬᠠᠮᠢᠶ᠎ᠠ ᠪᠦᠬᠦᠢ ᠪᠣᠯᠪᠠᠰᠤᠷᠠᠩᠭᠤᠢ ᠡᠮᠴᠢᠯᠡᠭᠡᠨ ᠤ ᠠᠷᠭ᠎ᠠ ᠪᠠᠷᠢᠯ ᠲᠠᠢ᠂ ᠰᠢᠨ᠎ᠡ ᠸᠢᠷᠦ᠋ᠰ ᠪᠤᠶᠤ | ᠪᠠᠺᠲ᠋ᠧᠷᠢ ᠠᠴᠠ ᠪᠣᠯᠤᠭᠰᠠᠨ ᠬᠠᠯᠳᠠᠪᠤᠷᠢᠲᠤ ᠡᠪᠡᠳᠴᠢᠨ ᠢ ᠣᠯᠵᠤ ᠮᠡᠳᠡᠭᠰᠡᠨ ᠦᠭᠡᠢ᠃ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ | ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ᠲᠠᠢ ᠬᠠᠮᠲᠤᠷᠠᠨ ᠡᠪᠦᠯ ᠤᠨ ᠤᠯᠠᠷᠢᠯ ᠤᠨ ᠠᠮᠢᠰᠬᠤᠯ ᠤᠨ ᠵᠠᠮ ᠤᠨ ᠡᠪᠡᠳᠴᠢᠨ ᠡᠮᠭᠡᠭ ᠢ ᠬᠢᠨᠠᠨ ᠬᠡᠮᠵᠢᠬᠦ | ᠪᠠ ᠰᠤᠳᠤᠯᠤᠨ ᠮᠠᠭᠠᠳᠯᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠡᠮᠴᠢᠯᠡᠭᠡᠨ ᠤ ᠡᠬᠢ ᠪᠠᠶᠠᠯᠢᠭ ᠢ ᠲᠣᠬᠢᠷᠠᠭᠤᠯᠬᠤ᠂ ᠡᠪᠡᠳᠴᠢᠨ ᠦᠵᠡᠭᠦᠯᠬᠦ ᠶᠠᠪᠤᠴᠠ ᠶᠢ | ᠰᠢᠯᠢᠳᠡᠭᠵᠢᠭᠦᠯᠬᠦ᠂ ᠬᠢᠲᠠᠳ ᠡᠮ ᠡᠮᠨᠡᠯᠭᠡ ᠶᠢᠨ ᠦᠢᠯᠡᠳᠦᠯ ᠢ ᠪᠠᠳᠠᠷᠠᠭᠤᠯᠬᠤ ᠵᠡᠷᠭᠡ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠤᠯᠲᠠ ᠬᠢᠪᠡ᠃ | ᠡᠮᠴᠢᠯᠡᠭᠡᠨ ᠤ ᠦᠢᠯᠡᠴᠢᠯᠡᠭᠡ ᠶᠢᠨ ᠬᠠᠩᠭᠠᠯᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠬᠢᠲᠠᠳ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ | ᠡᠷᠡᠭᠦᠯᠵᠢᠯ ᠤᠨ ᠬᠤᠷᠢᠶ᠎ᠠ ᠵᠡᠷᠭᠡ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠶᠢᠨ ᠬᠡᠦᠬᠡᠳ ᠤᠨ ᠰᠠᠯᠠᠭᠠᠨ ᠤ ᠡᠭᠦᠳᠡᠨ ᠡᠮᠨᠡᠯᠭᠡ ᠶᠢ ︽ᠨᠡᠭᠡᠭᠡᠬᠦ | ᠶᠣᠰᠣᠲᠠᠢ ᠶᠢ ᠨᠢ ᠴᠥᠮ ᠨᠡᠭᠡᠭᠡᠬᠦ︾ ᠶᠢ ᠲᠦᠯᠬᠢᠨ ᠠᠬᠢᠭᠤᠯᠵᠤ᠂ ᠡᠪᠡᠳᠴᠢᠲᠡᠨ ᠤ ᠲᠤᠭ᠎ᠠ ᠶᠢ ᠦᠨᠳᠦᠰᠦᠯᠡᠨ ᠦᠳᠡ ᠶᠢᠨ᠂ ᠰᠥᠨᠢ ᠶᠢᠨ ᠪᠠ ᠭᠠᠷᠠᠭ ᠤᠨ | ᠰᠡᠭᠦᠯᠴᠢ ᠶᠢᠨ ᠡᠭᠦᠳᠡᠨ ᠡᠮᠨᠡᠯᠭᠡ ᠶᠢ ᠨᠡᠮᠡᠨ ᠨᠡᠭᠡᠭᠡᠵᠦ᠂ ᠦᠢᠯᠡᠴᠢᠯᠡᠬᠦ ᠴᠠᠭ ᠢ ᠤᠷᠲᠤᠳᠬᠠᠨ᠂ ᠡᠮᠨᠡᠯᠭᠡ ᠳᠤ ᠰᠠᠭᠤᠬᠤ ᠣᠷᠣ ᠶᠢ ᠥᠷᠭᠡᠳᠬᠡᠨ᠂ ᠳ᠋ᠤᠭᠠᠷᠯᠠᠬᠤ᠂ | ᠪᠠᠶᠢᠴᠠᠭᠠᠬᠤ᠂ ᠰᠦᠢᠳᠬᠡᠯ ᠲᠤᠰᠢᠶᠠᠬᠤ ᠵᠡᠷᠭᠡ ᠡᠪᠡᠳᠴᠢᠨ ᠦᠵᠡᠭᠦᠯᠬᠦ ᠶᠠᠪᠤᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠣᠯᠠᠨ ᠲᠦᠮᠡᠨ ᠤ ᠡᠪᠡᠳᠴᠢᠨ | ᠦᠵᠡᠭᠦᠯᠬᠦ ᠳᠤ ᠲᠥᠬᠦᠮ ᠦᠵᠡᠭᠦᠯᠬᠦ ᠬᠡᠷᠡᠭᠲᠡᠢ᠃ | ᠱᠠᠲᠤ ᠬᠤᠪᠢᠶᠠᠨ ᠣᠨᠣᠰᠢᠯᠠᠨ ᠡᠮᠨᠡᠬᠦ ᠶᠢ ᠰᠠᠶᠢᠲᠤᠷ ᠬᠢᠵᠦ᠂ ᠰᠢᠯᠵᠢᠭᠦᠯᠦᠨ ᠡᠮᠨᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠡᠮᠨᠡᠯᠭᠡ ᠶᠢᠨ ᠬᠤᠷᠢᠶ᠎ᠠ | ᠠᠯᠤᠰᠯᠠᠨ ᠠᠵᠢᠯᠲᠠᠨ ᠲᠣᠬᠢᠷᠠᠭᠤᠯᠵᠤ᠂ ᠡᠮᠴᠢᠯᠡᠭᠡᠨ ᠳᠤ ᠬᠡᠷᠡᠭᠯᠡᠬᠦ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠨ᠂ ᠢᠨᠲ᠋ᠧᠷ ᠰᠦᠯᠵᠢᠶᠡᠨ ᠤ ᠡᠮᠴᠢᠯᠡᠭᠡ ᠶᠢ | ᠳᠡᠯᠭᠡᠷᠡᠭᠦᠯᠵᠦ᠂ ᠭᠥᠯᠢᠶᠡᠨ ᠠᠪᠴᠤ ᠡᠮᠨᠡᠬᠦ ᠴᠢᠳᠠᠪᠤᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠯᠭᠡᠷᠡᠭᠦᠯᠬᠦ ᠬᠡᠷᠡᠭᠲᠡᠢ᠃ | ᠬᠢᠲᠠᠳ ᠡᠮ ᠡᠮᠨᠡᠯᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠤᠨ᠂ ᠡᠪᠦᠯ ᠤᠨ ᠤᠯᠠᠷᠢᠯ ᠤᠨ | ᠠᠮᠢᠰᠬᠤᠯ ᠤᠨ ᠵᠠᠮ ᠤᠨ ᠪᠠᠶᠢᠩᠭᠤ ᠲᠣᠬᠢᠶᠠᠯᠳᠤᠳᠠᠭ ᠡᠪᠡᠳᠴᠢᠨ ᠳᠤ ᠴᠢᠭᠯᠡᠭᠦᠯᠦᠨ᠂ ᠬᠢᠲᠠᠳ ᠡᠮ ᠡᠮᠨᠡᠯᠭᠡ ᠶᠢᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ | ᠮᠡᠳᠡᠯᠭᠡ ᠶᠢ ᠲᠦᠭᠡᠮᠡᠯᠵᠢᠭᠦᠯᠵᠦ᠂ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ | ᠬᠠᠯᠳᠠᠪᠤᠷᠢᠲᠤ ᠲᠠᠭᠰᠢᠭᠤᠷ ᠵᠡᠷᠭᠡ ᠸᠠᠺᠼᠢᠨ ᠤ ᠬᠠᠩᠭᠠᠯᠭ᠎ᠠ ᠶᠢ ᠪᠠᠲᠤᠯᠠᠬᠤ ᠪᠠ ᠲᠠᠷᠢᠯᠭ᠎ᠠ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠨᠠᠰᠤᠲᠠᠶᠢᠴᠤᠳ᠂ | ᠬᠡᠦᠬᠡᠳ ᠵᠡᠷᠭᠡ ᠭᠤᠣᠯᠳᠠᠯᠭ᠎ᠠ ᠲᠠᠢ ᠬᠥᠮᠥᠰ ᠲᠤ ᠡᠷᠲᠡᠬᠡᠨ ᠸᠠᠺᠼᠢᠨ ᠤ ᠲᠠᠷᠢᠯᠭ᠎ᠠ ᠬᠢᠵᠦ᠂ ᠡᠪᠡᠳᠴᠢᠯᠡᠬᠦ ᠠᠶᠤᠯ ᠲᠦᠭᠰᠢᠭᠦᠷᠢ ᠶᠢ ᠪᠠᠭᠠᠰᠬᠠᠬᠤ ᠬᠡᠷᠡᠭᠲᠡᠢ ᠭᠡᠵᠡᠢ᠃ | | | |