12 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ︽ᠳᠥᠷᠪᠡ ᠶᠢ ᠦᠨᠳᠦᠰᠦᠨ | ᠱᠠᠲᠤᠨ ᠳᠤ ᠪᠠᠭᠤᠯᠭᠠᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠳᠠᠭᠠᠭᠠᠴᠢᠯᠠᠵᠤ ᠪᠠᠶᠢᠭ᠎ᠠ ᠨᠠᠮ ᠤᠨ ᠡᠭᠦᠷ ᠪᠠ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠭᠤᠣᠯ | ᠰᠡᠳᠦᠪᠲᠦ ᠬᠦᠮᠦᠵᠢᠯ᠂ ᠠᠶᠤᠯᠭᠦᠢ ᠦᠢᠯᠡᠳᠪᠦᠷᠢᠯᠡᠯ ᠤᠨ ᠠᠵᠢᠯ ᠳᠤ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠲᠤᠬᠠᠢ ᠶᠢᠨ ᠲᠠᠯᠠᠪᠠᠢ ᠳᠤ ᠠᠵᠢᠯᠯᠠᠵᠤ | ᠠᠰᠠᠭᠤᠳᠠᠯ ᠢ ᠰᠢᠢᠳᠪᠦᠷᠢᠯᠡᠪᠡ᠃ ᠴᠠᠩ ᠴᠢᠩ᠂ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠶᠢ ᠣᠳᠣᠬᠠᠨ ᠤ ᠭᠤᠣᠯᠳᠠᠯᠭ᠎ᠠ ᠲᠠᠢ ᠠᠵᠢᠯ ᠢ | ᠠᠬᠢᠭᠤᠯᠬᠤ ᠲᠠᠢ ᠤᠶᠠᠯᠳᠤᠭᠤᠯᠵᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠰᠤᠷᠲᠠᠯ ᠢ ᠶᠡᠬᠡᠪᠡᠷ ᠪᠠᠳᠠᠷᠠᠭᠤᠯᠤᠨ᠂ ᠠᠷᠠᠳ ᠤᠨ | ᠪᠠᠶᠢᠳᠠᠯ ᠢ ᠣᠶᠢᠯᠠᠭᠠᠵᠤ᠂ ᠠᠷᠠᠳ ᠤᠨ ᠬᠦᠴᠢᠷᠳᠡᠯ ᠢ ᠰᠢᠢᠳᠪᠦᠷᠢᠯᠡᠵᠦ᠂ ᠪᠣᠳᠠᠲᠠᠢ ᠶᠠᠪᠤᠳᠠᠯ ᠬᠢᠵᠦ᠂ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ | ᠃ | | | | | ᠳᠠᠭᠠᠭᠠᠴᠢᠯᠠᠵᠤ ᠪᠠᠶᠢᠭ᠎ᠠ ᠨᠠᠮ ᠤᠨ ᠡᠭᠦᠷ ᠪᠣᠯᠬᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠨᠠᠮ ᠤᠨ ᠡᠭᠦᠷ ᠲᠤ᠂ ᠴᠠᠩ ᠴᠢᠩ ᠭᠤᠣᠯ | ᠰᠡᠳᠦᠪᠲᠦ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠯᠢᠭ ᠣᠶᠢᠯᠠᠭᠠᠵᠤ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠶᠠᠭ ᠭᠦᠨᠵᠡᠭᠡᠢ | ᠠᠬᠢᠭᠤᠯᠬᠤ ᠵᠠᠩᠭᠢᠯᠠᠭ᠎ᠠ ᠶᠢᠨ ᠱᠠᠲᠤᠨ ᠳᠤ ᠡᠮᠨᠡᠯᠭᠡ ᠶᠢᠨ ᠬᠤᠷᠢᠶ᠎ᠠ ᠬᠤᠶᠠᠷ ᠲᠠᠯ᠎ᠠ ᠶᠢ ᠵᠡᠷᠭᠡᠪᠡᠷ ᠠᠳᠬᠤᠵᠤ ᠵᠡᠷᠭᠡᠪᠡᠷ ᠠᠬᠢᠭᠤᠯᠬᠤ ᠶᠢ ᠪᠠᠷᠢᠮᠲᠠᠯᠠᠵᠤ᠂ ᠭᠤᠣᠯ | ᠰᠡᠳᠦᠪᠲᠦ ᠬᠥᠮᠦᠵᠢᠯ ᠪᠠ ᠭᠤᠣᠯ ᠠᠵᠢᠯ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠤᠯᠠᠨ | ᠲᠦᠮᠡᠨ ᠳᠤ ᠡᠷᠡᠭᠦᠯ ᠴᠢᠭᠢᠷᠠᠭ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠴᠠᠩ ᠴᠢᠩ | ᠪᠠᠰᠠ ᠬᠡᠦᠬᠡᠳ ᠤᠨ ᠰᠠᠯᠠᠭᠠᠨ ᠤ ᠡᠪᠡᠳᠴᠢᠲᠡᠨ ᠤ ᠲᠣᠭᠤᠷᠢᠭ ᠢ ᠭᠤᠣᠯᠳᠠᠯᠭ᠎ᠠ ᠲᠠᠢ ᠪᠠᠶᠢᠴᠠᠭᠠᠨ ᠦᠵᠡᠵᠦ᠂ ᠡᠮᠨᠡᠯᠭᠡ ᠶᠢᠨ ᠬᠤᠷᠢᠶᠠᠨ ᠤ ᠡᠪᠦᠯ ᠤᠨ ᠤᠯᠠᠷᠢᠯ ᠤᠨ | ᠠᠮᠢᠰᠬᠤᠯ ᠤᠨ ᠵᠠᠮ ᠤᠨ ᠡᠪᠡᠳᠴᠢᠨ ᠤᠯᠠᠨ ᠡᠭᠦᠰᠳᠡᠭ ᠤᠯᠠᠷᠢᠯ ᠳᠤ ᠠᠪᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠠᠰᠠᠭᠤᠨ ᠯᠠᠪᠯᠠᠪᠠ᠃ ᠲᠣᠨᠤᠭ | ᠲᠥᠬᠦᠭᠡᠷᠦᠮᠵᠢ᠂ ᠡᠮ ᠤᠨ ᠵᠦᠢᠯ᠂ ᠠᠵᠢᠯᠲᠠᠨ ᠤ ᠲᠣᠬᠢᠷᠠᠭᠤᠯᠤᠯᠲᠠ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ | ᠲᠥᠰᠥᠯ ᠢ ᠲᠡᠭᠦᠯᠳᠡᠷᠵᠢᠭᠦᠯᠦᠨ᠂ ᠡᠪᠦᠯ ᠤᠨ ᠤᠯᠠᠷᠢᠯ ᠤᠨ ᠠᠮᠢᠰᠬᠤᠯ ᠤᠨ ᠵᠠᠮ ᠤᠨ ᠡᠪᠡᠳᠴᠢᠨ ᠡᠮᠭᠡᠭ ᠤᠨ ᠣᠷᠭᠢᠯ ᠦᠶ᠎ᠡ ᠶᠢ ᠯᠠᠪᠳᠠᠭᠤᠨ ᠪᠥᠭᠡᠳ ᠡᠮᠬᠢ | ᠵᠢᠷᠤᠮ ᠲᠠᠢ ᠪᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠠᠶᠤᠯᠭᠦᠢ ᠦᠢᠯᠡᠳᠪᠦᠷᠢᠯᠡᠯ ᠤᠨ ᠲᠤᠬᠠᠢ᠂ ᠡᠮᠨᠡᠯᠭᠡ ᠶᠢᠨ ᠬᠤᠷᠢᠶ᠎ᠠ ᠡᠷᠬᠡᠪᠰᠢ ︽ | ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠪᠥᠭᠡᠳ ᠨᠠᠷᠢᠯᠢᠭ | ᠠᠳᠬᠤᠵᠤ᠂ ᠡᠯ᠎ᠡ ᠵᠦᠢᠯ ᠤᠨ ᠳᠦᠷᠢᠮ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ | ᠡᠷᠡᠭᠦᠯ ᠴᠢᠭᠢᠷᠠᠭ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠠᠯᠳ᠋ᠬᠠᠮᠡᠭᠡᠯ ᠪᠠᠯᠭᠠᠰᠤ ᠶᠢᠨ ᠬᠥᠯᠥᠨ ᠨᠡᠶᠢᠭᠡᠮ ᠲᠣᠭᠤᠷᠢᠭ ᠲᠤ᠂ ᠴᠠᠩ ᠴᠢᠩ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ | ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠵᠤ᠂ ᠣᠳᠣᠬᠠᠨ ᠤ ᠠᠵᠢᠯ ᠳᠤᠮᠳᠠ ᠣᠷᠣᠰᠢᠵᠤ ᠪᠠᠶᠢᠭ᠎ᠠ ᠬᠦᠴᠢᠷᠳᠡᠯ ᠢ ᠵᠣᠬᠢᠴᠠᠭᠤᠯᠤᠨ ᠰᠢᠢᠳᠪᠦᠷᠢᠯᠡᠪᠡ᠃ ᠴᠠᠩ | ᠴᠢᠩ᠂ ᠨᠡᠶᠢᠭᠡᠮ ᠲᠣᠭᠤᠷᠢᠭ ᠪᠣᠯ ᠨᠠᠮ ᠪᠠ ᠵᠠᠰᠠᠭ ᠤᠨ ᠣᠷᠳᠣᠨ ᠤ ᠤᠯᠠᠨ ᠲᠦᠮᠡᠨ ᠲᠠᠢ ᠬᠠᠷᠢᠯᠴᠠᠬᠤ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ | ᠺᠢᠯᠣᠮᠧᠲᠷ︾ ᠪᠣᠯᠣᠨ᠎ᠠ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠨᠠᠮ ᠤᠨ ᠭᠡᠰᠢᠭᠦᠨ ᠤ ᠤᠯᠠᠨ ᠲᠦᠮᠡᠨ ᠳᠤ ᠦᠢᠯᠡᠴᠢᠯᠡᠬᠦ᠂ ᠨᠡᠶᠢᠭᠡᠮ ᠳᠤ ᠬᠤᠪᠢ ᠨᠡᠮᠡᠷᠢ ᠦᠵᠡᠭᠦᠯᠬᠦ ᠠᠴᠢᠶᠠᠯᠠᠪᠤᠷᠢ ᠶᠢ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ | ᠤᠯᠠᠨ ᠲᠦᠮᠡᠨ ᠤ ︽ᠳᠡᠷᠭᠡᠳᠡᠬᠢ ᠪᠠᠭ᠎ᠠ ᠶᠠᠪᠤᠳᠠᠯ︾ ᠢ ︽ᠲᠡᠷᠢᠭᠦᠨ ᠴᠢᠬᠤᠯᠠ ᠶᠡᠭᠡ ᠶᠠᠪᠤᠳᠠᠯ︾ ᠪᠣᠯᠭᠠᠵᠤ᠂ ᠠᠰᠠᠭᠤᠳᠠᠯ ᠳᠤ ᠰᠢᠭᠤᠳ ᠬᠠᠨᠳᠤᠬᠤ ᠠᠴᠠ | ᠵᠠᠶᠢᠯᠠᠬᠤ ᠦᠭᠡᠢ᠂ ᠠᠰᠠᠭᠤᠳᠠᠯ ᠢ ᠰᠢᠢᠳᠪᠦᠷᠢᠯᠡᠬᠦ ᠶᠢ ᠤᠳᠠᠭᠠᠰᠢᠷᠠᠭᠤᠯᠬᠤ ᠦᠭᠡᠢ ᠪᠠᠶᠢᠵᠤ᠂ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠢᠶᠠᠨ ᠠᠷᠠᠳ ᠤᠨ | ᠢᠲᠡᠭᠡᠯ ᠢ ᠣᠯᠬᠤ ᠬᠡᠷᠡᠭᠲᠡᠢ᠃ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠠᠢ | ᠶᠠᠪᠤᠳᠠᠯ ᠢ ᠬᠦᠴᠦᠯᠡᠨ ᠰᠠᠶᠢᠲᠤᠷ ᠬᠢᠵᠦ᠂ ᠤᠯᠠᠨ ᠲᠦᠮᠡᠨ ᠤ ᠬᠦᠰᠡᠵᠦ ᠪᠠᠶᠢᠭ᠎ᠠ ᠵᠦᠢᠯ ᠢ ᠨᠠᠮ ᠪᠠ ᠵᠠᠰᠠᠭ ᠤᠨ ᠣᠷᠳᠣᠨ ᠤ ᠬᠢᠵᠦ ᠪᠦᠲᠦᠭᠡᠬᠦ ᠵᠦᠢᠯ ᠪᠣᠯᠭᠠᠨ | ᠬᠤᠪᠢᠷᠠᠭᠤᠯᠵᠤ᠂ ᠬᠠᠷᠢᠶ᠎ᠠ ᠣᠷᠣᠨ ᠳᠠᠬᠢ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ | ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | |