ᠰᠢᠨ᠎ᠡ ᠪᠠᠷᠭᠤ ᠪᠠᠷᠠᠭᠤᠨ ᠬᠤᠰᠢᠭᠤᠨ ᠤ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠢ ᠪᠦᠲᠦᠭᠡᠨ ᠪᠠᠶᠢᠭᠤᠯᠬᠤ︾ ᠵᠢᠴᠢ 2023 ᠣᠨ ᠤ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2023/12/4
      12 ᠰᠠᠷ᠎ᠠ ᠶᠢᠨ 1 ᠤ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤᠨ ᠤ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠢ ᠪᠦᠲᠦᠭᠡᠨ ᠪᠠᠶᠢᠭᠤᠯᠬᠤ︾ ᠵᠢᠴᠢ 2023 ᠣᠨ ᠤ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠬᠤᠰᠢᠭᠤᠨ ᠤ ᠦᠨᠳᠦᠰᠦᠲᠡᠨ ᠤ ᠰᠣᠶᠣᠯ ᠤᠨ ᠲᠥᠪ ᠤᠨ ᠨᠢᠭᠡᠳᠦᠭᠡᠷ ᠳᠠᠪᠬᠤᠷᠭ᠎ᠠ ᠶᠢᠨ ᠮᠡᠳᠡᠭᠦᠯᠦᠯᠲᠡ ᠶᠢᠨ ᠲᠢᠩᠬᠢᠮ ᠳᠤ ᠵᠢᠩᠬᠢᠨᠢ ᠪᠠᠷ ᠡᠬᠢᠯᠡᠵᠦ ᠂ ᠬᠤᠰᠢᠭᠤᠨ ᠤ ᠤᠳᠤᠷᠢᠳᠤᠯᠭ᠎ᠠ ᠲᠢᠶᠠᠨ ᠹᠧᠩ ᠯᠢᠨ᠂ ᠳᠠᠯᠠᠶᠢᠪᠠᠲᠤ᠂ ᠳ᠋ᠠᠢ ᠶᠢᠨ ᠴᠢᠤᠸᠠᠨ᠂ ᠦᠷᠭᠡᠨ᠂ ᠮᠠᠨᠳᠤᠯ᠎ᠠ ᠵᠢᠴᠢ ᠪᠥᠬᠦ ᠬᠤᠰᠢᠭᠤᠨ ᠤ ᠡᠯ᠎ᠡ ᠬᠠᠤᠯᠢ ᠬᠡᠷᠡᠭᠵᠢᠭᠦᠯᠬᠦ᠂ ᠬᠠᠤᠯᠢ ᠲᠦᠭᠡᠮᠡᠯᠵᠢᠭᠦᠯᠬᠦ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
12.4法1.jpg
      ᠶᠣᠰᠣᠯᠠᠯ ᠳᠤ ᠣᠷᠣᠯᠴᠠᠭᠰᠠᠨ ᠪᠦᠬᠦ ᠬᠥᠮᠥᠰ ᠦᠨᠳᠦᠰᠦᠨ ᠬᠠᠤᠯᠢ ᠳᠤ ᠲᠠᠩᠭᠠᠷᠢᠭᠯᠠᠭᠰᠠᠨ ᠪᠥᠭᠡᠳ ᠬᠤᠰᠢᠭᠤᠨ ᠤ ᠬᠠᠤᠯᠢ ᠲᠦᠭᠡᠮᠡᠯᠵᠢᠭᠦᠯᠬᠦ ᠬᠠᠤᠯᠢ ᠴᠠᠭᠠᠵᠠ ᠶᠢ ᠰᠠᠬᠢᠬᠤ ᠶᠢ ᠵᠣᠬᠢᠴᠠᠭᠤᠯᠬᠤ ᠳᠤᠭᠤᠶᠢᠯᠠᠩ ᠤᠨ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃       ᠲᠢᠶᠠᠨ ᠹᠧᠩ ᠯᠢᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ᠂ ᠬᠠᠤᠯᠢ ᠲᠦᠭᠡᠮᠡᠯᠵᠢᠭᠦᠯᠬᠦ ᠠᠵᠢᠯ ᠤᠨ ᠤᠳᠤᠷᠢᠳᠬᠤ ᠲᠣᠭᠲᠠᠴᠠ ᠪᠠ ᠠᠵᠢᠯ ᠤᠨ ᠠᠷᠭ᠎ᠠ ᠮᠠᠶ᠋ᠢᠭ ᠢ ᠲᠡᠭᠦᠯᠳᠡᠷᠵᠢᠭᠦᠯᠦᠨ ᠰᠢᠨ᠎ᠡ ᠶᠢ ᠡᠭᠦᠳᠴᠦ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠬᠦ ᠶᠢ ᠴᠢᠩᠭᠠᠳᠬᠠᠨ᠂ ︽ᠬᠠᠤᠯᠢ ᠴᠠᠭᠠᠵᠠ ᠶᠢ ᠨᠠᠢᠮᠠ ᠳᠤ ᠣᠷᠣᠭᠤᠯᠬᠤ︾ ᠠᠵᠢᠯᠯᠠᠭ᠎ᠠ ᠶᠢ ᠬᠦᠴᠦᠯᠡᠨ ᠥᠷᠨᠢᠭᠦᠯᠵᠦ᠂ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠬᠠᠤᠯᠢ ᠪᠠᠷ ᠵᠠᠰᠠᠬᠤ ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠳᠤ ᠪᠠᠲᠤ ᠴᠢᠩᠭ᠎ᠠ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃
12.4法2.jpg
      ᠠᠵᠢᠯᠯᠠᠭ᠎ᠠ ᠳᠤ ᠪᠠᠰᠠ ᠬᠤᠰᠢᠭᠤᠨ ᠤ ︽ᠬᠠᠤᠯᠢ ᠪᠠᠷ ᠵᠠᠰᠠᠬᠤ ᠤᠯᠠᠭᠠᠨᠮᠥ᠋ᠴᠢᠷ︾ ᠤᠨ ᠠᠷᠠᠳ ᠲᠤ ᠠᠰᠢᠭ ᠬᠦᠷᠲᠡᠭᠡᠬᠦ ᠲᠣᠭᠯᠠᠯᠲᠠ ᠵᠢᠴᠢ ᠬᠠᠤᠯᠢ ᠬᠡᠷᠡᠭᠵᠢᠭᠦᠯᠬᠦ ᠮᠠᠰᠢᠨ ᠲᠡᠷᠭᠡ ᠪᠠᠷ ᠵᠡᠭᠡᠯᠢ ᠲᠣᠭᠤᠷᠢᠨ ᠤᠬᠠᠭᠤᠯᠬᠤ ᠠᠵᠢᠯᠯᠠᠭ᠎ᠠ ᠥᠷᠨᠢᠭᠦᠯᠪᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ