12 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ | ᠡᠷᠭᠢᠯᠡᠵᠠᠢ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 11 ᠰᠠᠷ᠎ᠠ ᠶᠢᠨ 27 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠠᠲᠤᠨ ᠭᠤᠣᠯ ᠤᠨ ︽ᠶᠡᠭᠡ ᠲᠣᠬᠤᠢ ᠶᠢᠨ ᠬᠡᠰᠡᠭ︾ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠴᠢᠨᠠᠷ ᠰᠠᠶᠢᠲᠠᠢ | ᠰᠠᠶᠢᠲᠤᠷ ᠬᠢᠵᠦ᠂ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠵᠠᠰᠠᠨ ᠰᠡᠷᠭᠦᠭᠡᠯᠲᠡ ᠶᠢ ᠦᠷᠭᠦᠯᠵᠢᠯᠡᠨ ᠬᠦᠴᠦᠯᠡᠨ ᠠᠬᠢᠭᠤᠯᠵᠤ᠂ | ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠰᠠᠶᠢᠲᠤᠷ ᠠᠳᠬᠤᠵᠤ᠂ ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠬᠠᠲᠤᠨ ᠭᠤᠣᠯ ᠤᠨ ᠶᠡᠭᠡ ᠬᠠᠮᠠᠭᠠᠯᠠᠯᠲᠠ ᠶᠡᠭᠡ ᠵᠠᠰᠠᠯᠲᠠ ᠶᠢᠨ ᠲᠠᠰᠣᠷᠠᠯᠳᠠ ᠦᠭᠡᠢ ᠰᠢᠨ᠎ᠡ | ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠠᠷᠪᠠᠳᠤᠭᠠᠷ ᠤᠳᠠᠭ᠎ᠠ ᠶᠢᠨ ᠬᠠᠮᠲᠤ ᠶᠢᠨ | ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠭᠠᠳᠠᠭᠠᠳᠤ ᠳᠤ ᠬᠤᠯᠪᠣᠭᠳᠠᠬᠤ | ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠬᠠᠤᠯᠢ ᠴᠠᠭᠠᠵᠠ ᠶᠢᠨ ᠵᠡᠪᠰᠡᠭ ᠢᠶᠠᠷ ᠮᠠᠨ ᠤ ᠣᠷᠣᠨ ᠤ ᠭᠠᠳᠠᠭᠠᠳᠤ ᠳᠤ ᠬᠤᠯᠪᠣᠭᠳᠠᠬᠤ | ᠠᠵᠤ ᠠᠬᠤᠶᠢᠯᠠᠯ᠂ ᠵᠣᠬᠢᠶᠠᠨ ᠪᠠᠶᠢᠭᠤᠯᠤᠯᠲᠠ ᠪᠣᠯᠣᠨ ᠠᠷᠠᠳ ᠢᠷᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢ ᠨᠡᠩ ᠴᠢᠬᠤᠯᠠᠴᠢᠯᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ | ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠠᠪᠠᠭᠤᠯᠢᠭ ᠢᠶᠠᠨ | ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠯᠤᠭ᠎ᠠ ᠶᠢᠨ ᠬᠠᠷᠢᠯᠴᠠᠭ᠎ᠠ ᠪᠣᠯᠣᠨ | ᠬᠠᠮᠲᠤᠷᠠᠯᠴᠠᠭ᠎ᠠ ᠪᠠᠨ ᠲᠠᠰᠤᠷᠠᠯᠳᠡ ᠦᠭᠡᠢ ᠭᠦᠨᠵᠡᠭᠡᠶᠢᠷᠡᠭᠦᠯᠵᠦ᠂ ᠨᠡᠩ ᠤᠯᠠᠨ ᠦᠨᠡᠨ ᠪᠣᠳᠠᠲᠠᠢ ᠦᠷ᠎ᠡ ᠪᠦᠲᠦᠭᠡᠯ ᠣᠯᠬᠤ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ︽ᠦᠨᠡᠨ︾ ᠰᠡᠳᠬᠦᠯ ᠳᠡᠭᠡᠷ᠎ᠡ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠲᠠᠷᠢᠶᠠᠨ ᠭᠠᠵᠠᠷ ᠤᠨ ᠬᠠᠮᠠᠭᠠᠯᠠᠯᠲᠠ ᠶᠢ ᠦᠨᠡᠨ | ᠬᠦ ᠴᠢᠩᠭᠠᠳᠬᠠᠵᠤ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠵᠦ ᠠᠰᠢᠭᠯᠠᠬᠤ ᠶᠢ ᠰᠠᠶᠢᠲᠤᠷ ᠠᠳᠬᠤᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠤᠯᠪᠣᠭᠳᠠᠯ ᠪᠦᠬᠦᠢ ᠠᠵᠢᠯ ᠢ | ᠪᠣᠳᠠᠲᠠᠢ ᠪᠣᠳᠣᠯᠬᠢᠯᠠᠨ ᠪᠣᠳᠠᠲᠠᠢ ᠠᠳᠬᠤᠵᠤ᠂ ᠢᠯᠠᠩᠭᠤᠶ᠎ᠠ ᠴᠢᠩᠭ᠎ᠠ ᠬᠠᠲᠠᠭᠤ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠨ ᠭᠠᠵᠠᠷ ᠢ ᠰᠠᠶᠢᠲᠤᠷ ᠬᠠᠮᠠᠭᠠᠯᠠᠵᠤ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠤᠵᠢᠷᠯᠢᠭ ᠭᠠᠵᠠᠷ ᠢ ᠰᠠᠶᠢᠵᠢᠷᠠᠭᠤᠯᠬᠤ᠂ ᠲᠠᠷᠢᠶᠠᠯᠠᠩ ᠤᠨ ᠠᠷᠪᠢᠲᠠᠢ ᠤᠰᠤᠯᠠᠯᠲᠠ ᠶᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠤᠵᠢᠷᠯᠢᠭ ᠭᠠᠵᠠᠷ ᠵᠡᠷᠭᠡ ᠨᠥᠭᠡᠴᠡ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠱᠠᠲᠤ ᠳᠠᠷᠠᠭᠠᠯᠠᠨ | ᠠᠬᠢᠭᠤᠯᠵᠤ᠂ ᠠᠷᠭ᠎ᠠ ᠪᠦᠭᠦᠨ ᠢ ᠰᠦᠪᠡᠭᠴᠢᠯᠡᠨ ᠳᠠᠯᠳᠠ ᠬᠦᠴᠦᠨ ᠢ ᠠᠭᠤᠳᠠᠯᠵᠤ᠂ ᠲᠠᠷᠢᠶᠠᠨ ᠭᠠᠵᠠᠷ ᠢ ᠨᠡᠮᠡᠭᠳᠡᠭᠦᠯᠦᠨ᠂ ᠭᠠᠵᠠᠷ ᠤᠨ ᠰᠢᠮ᠎ᠡ ᠶᠢ | ᠳᠡᠭᠡᠭᠰᠢᠯᠡᠭᠦᠯᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ | ᠰᠠᠭᠤᠷᠢ ᠶᠢ ᠲᠠᠰᠤᠷᠠᠯᠲᠠ ᠦᠭᠡᠢ ᠪᠠᠲᠤᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠡᠯᠡᠬᠡᠢ ᠶᠢᠨ ᠳᠤᠮᠳᠠᠳᠤ ᠤᠯᠤᠰ ᠤᠨ ᠰᠤᠳᠤᠯᠤᠯ ᠤᠨ ᠶᠡᠭᠡ ᠬᠤᠷᠠᠯ · ᠱᠠᠩᠬᠠᠢ ᠶᠢᠨ ᠶᠠᠷᠢᠶᠠᠨ ᠤ | ᠲᠠᠪᠴᠠᠩ ᠳᠤ ᠢᠯᠡᠭᠡᠭᠰᠡᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠤᠶᠠᠷ ᠢ ᠤᠶᠠᠯᠳᠤᠭᠤᠯᠬᠤ︾ ᠶᠢᠨ ᠭᠤᠣᠯ ᠠᠭᠤᠯᠭ᠎ᠠ ᠶᠢ | ᠭᠦᠨᠵᠡᠭᠡᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠢᠬᠤᠯᠠ ᠶᠡᠭᠡ ᠠᠰᠠᠭᠤᠳᠠᠯ ᠤᠨ ᠲᠤᠬᠠᠢ | ᠰᠤᠳᠤᠯᠭᠠᠨ ᠢ ᠴᠢᠩᠭᠠᠳᠬᠠᠵᠤ᠂ ᠤᠮᠠᠷᠠᠲᠤ ᠬᠢᠯᠢ ᠶᠢᠨ ᠰᠣᠶᠣᠯ ᠢ ᠲᠣᠳᠣᠷᠬᠠᠶᠢᠯᠠᠨ ᠲᠠᠶᠢᠯᠪᠤᠷᠢᠯᠠᠵᠤ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠳᠤᠮᠳᠠᠳᠤ | ᠤᠯᠤᠰ ᠤᠨ ᠰᠤᠳᠤᠯᠤᠯ ᠢ ᠴᠡᠴᠡᠭᠯᠡᠭᠦᠯᠦᠨ ᠬᠥᠭᠵᠢᠭᠦᠯᠬᠦ ᠳᠤ ᠨᠡᠩ ᠶᠡᠭᠡ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠦᠭᠦ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠠᠮ ᠤᠨ | ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠲᠡᠳᠬᠦᠨ ᠪᠣᠶᠢᠵᠢᠭᠤᠯᠬᠤ ᠶᠢ ᠴᠢᠩᠭᠠᠳᠬᠠᠵᠤ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ | ᠰᠠᠶᠢᠲᠤᠷ ᠠᠳᠬᠤᠵᠤ᠂ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠪᠦᠭᠦ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠲᠤᠬᠠᠢ ᠰᠠᠨᠠᠯ︾ ᠪᠣᠯᠣᠨ ︽ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠡᠢ᠃ | | |