12 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ 32 ᠲᠠᠬᠢ ᠳᠡᠯᠡᠬᠡᠢ ᠶᠢᠨ ᠵᠡᠮᠳᠡᠭᠴᠦᠳ ᠤᠨ ᠡᠳᠦᠷ ᠤᠨ ᠰᠢᠷᠢᠰ ᠠᠵᠢᠯᠯᠠᠭ᠎ᠠ | ᠭᠦᠭᠡᠬᠤᠲᠠ ᠳᠤ ᠡᠬᠢᠯᠡᠪᠡ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠵᠢᠯ ᠤᠨ ᠵᠥᠪᠯᠡᠯ ᠤᠨ ᠡᠷᠭᠢᠯᠡᠭᠴᠢ ᠴᠢ᠊ ᠪᠠᠲᠤ | ᠡᠭᠢᠯᠡᠯᠲᠡ ᠶᠢᠨ ᠶᠣᠰᠣᠯᠠᠯ ᠳᠤ ᠣᠷᠣᠯᠴᠠᠵᠠᠢ᠃ | ᠡᠭᠢᠯᠡᠯᠲᠡ ᠶᠢᠨ ᠶᠣᠰᠣᠯᠠᠯ ᠳᠡᠭᠡᠷ᠎ᠡ 15 ᠬᠠᠶᠢᠷ᠎ᠠ ᠬᠠᠯᠠᠮᠵᠢ ᠶᠢᠨ ᠨᠢᠭᠡᠴᠢ ᠠᠴᠠ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠰᠠᠷᠠᠮᠵᠢ ᠶᠢᠨ | ᠰᠠᠭᠤᠷᠢ ᠮᠥᠩᠭᠦᠨ ᠤ ᠨᠡᠶᠢᠭᠡᠮᠯᠢᠭ ᠲᠤ 460 ᠭᠠᠷᠤᠢ ᠲᠦᠮᠡᠨ ᠲᠥᠭᠦᠷᠢᠭ ᠤᠨ ᠥᠷᠲᠡᠭ ᠪᠦᠬᠦᠢ ᠵᠣᠭᠤᠰ ᠪᠣᠳᠠᠰ ᠬᠠᠨᠳᠢᠪᠯᠡᠵᠤ᠂ ᠥᠪᠡᠷᠲᠡᠭᠡᠨ ᠵᠠᠰᠠᠬᠤ ᠣᠷᠣᠨ ᠤ | ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ 3 ᠵᠡᠮᠳᠡᠭ ᠬᠥᠮᠥᠨ ᠳᠤ ᠬᠥᠲᠥᠴᠢ ᠨᠣᠬᠠᠢ ᠬᠠᠨᠳᠢᠪᠯᠡᠪᠠ᠃ ᠲᠤᠬᠠᠢ ᠶᠢᠨ ᠲᠠᠯᠠᠪᠠᠢ ᠳᠤ | ᠪᠠᠰᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠲᠠᠪᠴᠠᠩ ᠪᠠ ᠬᠠᠤᠯᠢ ᠴᠠᠭᠠᠵᠠ ᠶᠢᠨ ᠯᠠᠪᠯᠠᠭ᠎ᠠ ᠶᠢᠨ ᠲᠠᠪᠴᠠᠩ ᠭᠠᠷᠭᠠᠵᠤ᠂ ᠵᠡᠮᠳᠡᠭᠴᠦᠳ ᠲᠤ | ᠬᠠᠨᠳᠤᠭᠤᠯᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠥᠷᠨᠢᠭᠦᠯᠪᠡ᠃ | ᠲᠤᠬᠠᠢ ᠶᠢᠨ ᠲᠠᠯᠠᠪᠠᠢ ᠳᠤ ᠪᠠᠰᠠ ᠵᠡᠮᠳᠡᠭᠴᠦᠳ ᠲᠤ ᠠᠵᠢᠯ ᠣᠯᠭᠤᠬᠤ ᠲᠤᠰᠬᠠᠢ ᠲᠠᠯᠠᠪᠠᠢ ᠶᠢᠨ ᠤᠷᠢᠵᠤ ᠡᠯᠰᠡᠬᠦ ᠬᠤᠷᠠᠯ ᠬᠢᠵᠦ᠂ 35 ᠠᠵᠤ ᠠᠬᠤᠶᠢᠯᠠᠯ | ᠵᠡᠮᠳᠡᠭᠴᠦᠳ ᠲᠤ 400 ᠭᠠᠷᠤᠢ ᠲᠤᠰᠬᠠᠢ ᠠᠵᠢᠯ ᠤᠨ ᠪᠠᠶᠢᠷᠢ ᠬᠠᠩᠭᠠᠵᠤ᠂ ᠵᠠᠭᠤ ᠭᠠᠷᠤᠢ ᠵᠡᠮᠳᠡᠭ ᠬᠥᠮᠥᠨ ᠤᠷᠢᠵᠤ ᠡᠯᠰᠡᠬᠦ ᠬᠤᠷᠠᠯ ᠳᠤ ᠣᠷᠣᠯᠴᠠᠵᠠᠢ᠃ | | |