12 ᠳ᠋ᠤᠭᠠᠷ ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ | ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠠᠷᠠᠳ ᠤᠨ ᠡᠵᠡᠩᠨᠡᠭᠰᠡᠨ ᠠᠵᠤ ᠠᠬᠤᠶᠢᠯᠠᠯ ᠢ ᠰᠤᠷᠪᠤᠯᠵᠢᠯᠠᠨ ᠬᠠᠷᠢᠯᠴᠠᠭᠰᠠᠨ ᠪᠥᠭᠡᠳ | ᠲᠥᠯᠥᠭᠡᠯᠡᠭᠴᠢᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠠᠨ ᠷᠦᠨ ᠱᠧᠩ ᠣᠷᠣᠯᠴᠠᠪᠠ᠃ | ᠶᠤᠸᠠᠨ ᠵᠢᠩ ᠤᠮᠠᠷᠠᠲᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠬᠤᠸᠠᠩ ᡁᠢ ᠴᠢᠶᠠᠩ ᠰᠢᠨ᠎ᠡ ᠡᠨᠧᠷᠭᠢ ᠶᠢᠨ ᠠᠵᠤ | ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠶᠠᠷᠢᠯᠴᠠᠯᠭ᠎ᠠ ᠳᠡᠭᠡᠷ᠎ᠡ᠂ ᠠᠵᠤ ᠠᠬᠤᠶᠢᠯᠠᠯ ᠪᠣᠯᠣᠨ ᠬᠤᠳᠠᠯᠳᠤᠭᠠᠴᠢᠳ ᠤᠨ ᠡᠪᠯᠡᠯ ᠤᠨ | ᠲᠥᠯᠥᠭᠡᠯᠡᠭᠴᠢᠳ ᠰᠠᠨᠠᠯ ᠰᠠᠨᠠᠭᠤᠯᠭ᠎ᠠ ᠳᠤᠷᠠᠳᠴᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠢᠭᠡᠳ ᠨᠢᠭᠡ ᠪᠠᠷ ᠬᠠᠷᠢᠭᠤᠯᠪᠠ᠃ ᠬᠤᠸᠠᠩ ᡁᠢ ᠴᠢᠶᠠᠩ | ᠤᠯᠠᠨ ᠲᠠᠢ ᠪᠠᠶᠢᠨ ᠪᠠᠶᠢᠨ ᠰᠠᠨᠠᠯ ᠢᠶᠠᠨ ᠰᠣᠯᠢᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠷᠠᠳ ᠤᠨ ᠡᠵᠡᠩᠨᠡᠭᠰᠡᠨ | ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠠᠵᠤ ᠠᠬᠤᠶᠢᠯᠠᠯ ᠤᠳ ᠬᠥᠭᠵᠢᠯᠲᠡ ᠤᠨ ᠢᠲᠡᠭᠡᠯ ᠢᠶᠠᠨ | ᠨᠡᠮᠡᠭᠳᠡᠭᠦᠯᠵᠦ᠂ ᠮᠠᠨ ᠤ ᠣᠷᠣᠨ ᠤ ᠬᠦᠴᠦᠷᠬᠡᠭ ᠶᠡᠭᠡ ᠬᠥᠭᠵᠢᠯᠲᠡ ᠶᠢᠨ ᠲᠣᠬᠢᠶᠠᠯ ᠢ ᠴᠢᠩᠭ᠎ᠠ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ ᠠᠵᠤ | ᠠᠬᠤᠶᠢᠯᠠᠯ ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠳᠠᠩᠰᠠ ᠶᠢ | ᠢᠯᠭᠠᠷᠠᠭᠤᠯᠤᠨ ᠰᠢᠢᠳᠪᠦᠷᠢᠯᠡᠬᠦ᠂ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠬᠦᠴᠢᠷᠳᠡᠯ ᠢ ᠰᠢᠢᠳᠪᠦᠷᠢᠯᠡᠬᠦ᠂ ᠲᠥᠬᠦᠭᠡᠷᠦᠮᠵᠢ ᠬᠤᠳᠠᠯᠳᠤᠨ ᠠᠪᠬᠤ ᠳᠤ | ᠲᠤᠬᠠᠢ ᠶᠢᠨ ᠭᠠᠵᠠᠷ ᠤᠨ ᠪᠦᠷᠢᠯᠳᠦᠭᠦᠨ ᠢ ᠴᠢᠩᠭᠠᠷᠠᠭᠤᠯᠬᠤ ᠵᠡᠷᠭᠡ ᠠᠰᠠᠭᠤᠳᠠᠯ ᠤᠳ ᠢ ᠢᠳᠡᠪᠬᠢᠲᠡᠢ ᠠᠬᠢᠭᠤᠯᠵᠤ᠂ ᠠᠵᠤ ᠠᠬᠤᠶᠢᠯᠠᠯ ᠢ ᠬᠠᠪᠰᠤᠷᠤᠨ ᠴᠢᠭᠯᠡᠯ ᠤᠨ | ᠲᠠᠯ᠎ᠠ ᠪᠠᠷ ᠲᠥᠭᠡᠷᠢᠭᠳᠡᠯ ᠢ ᠨᠢ ᠠᠷᠢᠯᠭᠠᠬᠤ᠂ ᠬᠥᠭᠵᠢᠯᠲᠡ ᠶᠢᠨ ᠲᠠᠯ᠎ᠠ ᠪᠠᠷ ᠵᠣᠪᠠᠭᠤᠷᠢ ᠶᠢ ᠨᠢ ᠠᠷᠢᠯᠭᠠᠬᠤ᠂ ᠣᠷᠴᠢᠨ ᠤ ᠲᠠᠯ᠎ᠠ ᠪᠠᠷ ᠳᠠᠷᠤᠯᠲᠠ ᠶᠢ ᠨᠢ ᠲᠠᠶᠢᠯᠬᠤ | ᠬᠡᠷᠡᠭᠲᠡᠢ ᠭᠡᠵᠡᠢ᠃ | ᠡᠨᠡ ᠬᠤᠭᠤᠴᠠᠭᠠᠨ ᠳᠤ᠂ ᠬᠤᠸᠠᠩ ᡁᠢ ᠴᠢᠶᠠᠩ ᠪᠠᠰᠠ ᠨᠠᠮ ᠤᠨ ᠭᠠᠳᠠᠨᠠᠬᠢ ᠲᠥᠯᠥᠭᠡᠯᠡᠭᠴᠢᠳ ᠲᠠᠢ ᠰᠡᠳᠬᠢᠯ ᠤᠨ ᠦᠭᠡ ᠪᠠᠨ ᠶᠠᠷᠢᠯᠴᠠᠵᠤ᠂ ᠰᠠᠨᠠᠯ | ᠰᠠᠨᠠᠭᠤᠯᠭ᠎ᠠ ᠬᠤᠷᠢᠶᠠᠪᠠ᠃ | | |