ᠰᠢᠨ᠎ᠡ ᠪᠠᠷᠭᠤ ᠪᠠᠷᠠᠭᠤᠨ ᠬᠤᠰᠢᠭᠤ᠄ ︽ᠬᠦᠲᠦᠯᠦᠨ ᠳᠠᠭᠠᠭᠤᠯᠵᠤ ᠬᠦᠭᠵᠢᠭᠦᠯᠦᠨ ᠮᠠᠨᠳᠤᠭᠤᠯᠬᠤ︾ ᠢᠨᠵᠧᠨᠧᠷᠢᠩ ᠢᠶᠠᠷ ᠮᠠᠯᠵᠢᠬᠤ ᠣᠷᠣᠨ ᠤ ᠠᠵᠤ ᠦᠢᠯᠡᠰ ᠤᠨ ᠬᠦᠭᠵᠢᠯᠲᠡ ᠶᠢ ᠢᠳᠡᠪᠬᠢᠲᠡᠢ ᠠᠬᠢᠭᠤᠯᠪᠠ
ᠨᠡᠶᠢᠲᠡᠯᠡᠭᠰᠡᠨ ᠴᠠᠭ᠄
2023/12/4
      ᠬᠦᠯᠦᠨ ᠪᠣᠶᠢᠷ ᠬᠤᠲᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ︽ᠬᠦᠲᠦᠯᠦᠨ ᠳᠠᠭᠠᠭᠤᠯᠵᠤ ᠬᠦᠭᠵᠢᠭᠦᠯᠦᠨ ᠮᠠᠨᠳᠤᠭᠤᠯᠬᠤ︾ ᠢᠨᠵᠧᠨᠧᠷᠢᠩ ᠪᠣᠯ ᠲᠤᠰ ᠬᠤᠰᠢᠭᠤᠨ ᠤ ᠨᠠᠮ ᠤᠨ ᠪᠠᠶᠢᠭᠤᠯᠤᠯᠲᠠ ᠶᠢ ᠠᠳᠬᠤᠵᠤ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠶᠢ ᠠᠬᠢᠭᠤᠯᠬᠤ ︽ᠲᠠᠪᠤᠨ ᠶᠡᠭᠡ ᠢᠨᠵᠧᠨᠧᠷᠢᠩ ︾ ᠤᠨ ᠨᠢᠭᠡ ᠨᠢ ᠪᠣᠯᠬᠤ ᠶᠤᠮ᠃      ︽ᠬᠦᠲᠦᠯᠦᠨ ᠳᠠᠭᠠᠭᠤᠯᠵᠤ ᠬᠦᠭᠵᠢᠭᠦᠯᠦᠨ ᠮᠠᠨᠳᠤᠭᠤᠯᠬᠤ︾ ᠢᠨᠵᠧᠨᠧᠷᠢᠩ ᠨᠢ ᠨᠠᠮ ᠤᠨ ᠪᠠᠶᠢᠭᠤᠯᠤᠯᠲᠠ ᠪᠠᠷ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠶᠢ ᠬᠦᠲᠦᠯᠦᠨ ᠳᠠᠭᠠᠭᠤᠯᠵᠤ᠂ ᠮᠠᠯᠵᠢᠬᠤ ᠣᠷᠣᠨ ᠤ ᠠᠵᠤ ᠦᠢᠯᠡᠰ ᠤᠨ ᠬᠦᠭᠵᠢᠯᠲᠡ ᠶᠢ ᠠᠬᠢᠭᠤᠯᠬᠤ ᠲᠠᠯ᠎ᠠ ᠳᠤ ᠢᠳᠡᠪᠬᠢ ᠦᠢᠯᠡᠳᠦᠯ ᠢᠶᠠᠨ ᠪᠠᠳᠠᠷᠠᠭᠤᠯᠵᠤ ᠪᠤᠢ᠃      ᠨᠢᠭᠡ ᠳᠤ᠂ ︽ᠠᠮᠢ ᠠᠬᠤᠢ᠂ ᠦᠢᠯᠡᠳᠪᠦᠷᠢᠯᠡᠯ᠂ ᠠᠮᠢᠳᠤᠷᠠᠯ︾ ᠢ ᠵᠣᠬᠢᠴᠠᠭᠤᠯᠤᠨ ᠬᠦᠭᠵᠢᠭᠦᠯᠬᠦ ᠵᠠᠮ ᠢ ᠰᠦᠪᠡᠭᠴᠢᠯᠡᠨ᠂ ︽ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ + ᠲᠤᠰᠬᠠᠢ ᠬᠤᠷᠰᠢᠶᠠᠵᠢᠯ︾ ᠤᠨ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢ ᠡᠭᠦᠳᠴᠦ᠂ ᠡᠳ᠋ ᠬᠦᠷᠦᠩᠭᠡ ᠶᠢ ᠨᠠᠷᠢᠯᠢᠭ ᠳᠠᠩᠰᠠᠯᠠᠨ ᠪᠡᠯᠡ ᠮᠦᠩᠭᠦ ᠬᠠᠷᠭᠤᠭᠤᠯᠬᠤ᠂ ᠪᠡᠯᠴᠢᠭᠡᠷ ᠨᠤᠲᠤᠭ ᠢ ᠨᠡᠶᠢᠯᠡᠭᠦᠯᠬᠦ᠂ ᠬᠤᠪᠢ ᠣᠷᠣᠭᠰᠠᠨ ᠡᠷᠬᠡ ᠶᠢ ᠬᠡᠮᠵᠢᠶᠡᠵᠢᠭᠦᠯᠬᠦ᠂ ᠮᠠᠯ ᠤᠨᠤᠭ᠎ᠠ ᠶᠢ ᠦᠨᠡᠯᠡᠨ ᠵᠢᠱᠢᠵᠦ ᠰᠦᠷᠦᠭ ᠨᠡᠶᠢᠯᠡᠭᠦᠯᠬᠦ ᠵᠡᠷᠭᠡ ᠠᠷᠭ᠎ᠠ ᠬᠡᠮᠵᠢᠶ᠎ᠡ ᠶᠢ ᠠᠪᠴᠠᠢ᠃      ᠬᠤᠶᠠᠷ ᠲᠤ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠪᠠᠷ ᠪᠠᠭᠤᠷᠠᠢ ᠭᠠᠴᠠᠭ᠎ᠠ ᠲᠣᠰᠬᠤᠨ ᠤ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠠᠵᠢᠯ ᠢ ᠦᠷᠨᠢᠭᠦᠯᠵᠦ᠂ ᠴᠦᠬᠡᠨ ᠲᠣᠭᠠᠲᠤ ᠦᠨᠳᠦᠰᠦᠲᠡᠨ ᠤ ᠬᠦᠭᠵᠢᠯᠲᠡ ᠶᠢᠨ ᠪᠡᠯᠡ ᠮᠦᠩᠭᠦ ᠵᠡᠷᠭᠡ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠦᠷᠦᠯ ᠵᠦᠢᠯ ᠢ ᠬᠡᠷᠡᠭᠵᠢᠭᠦᠯᠵᠦ᠂ ᠨᠡᠶᠢᠲᠡ 1.5 ᠳ᠋ᠦᠩᠰᠢᠭᠤᠷ ᠲᠦᠬᠦᠷᠢᠭ ᠤᠨ ᠲᠦᠷᠦᠯ ᠵᠦᠢᠯ ᠤᠨ ᠪᠡᠯᠡ ᠮᠦᠩᠭᠦ ᠶᠢ ᠭᠠᠷᠭᠠᠵᠤ᠂ ᠮᠠᠯᠵᠢᠬᠤ ᠣᠷᠣᠨ ᠤ ᠭᠠᠴᠠᠭ᠎ᠠ ᠲᠣᠰᠬᠤᠨ ᠤ ᠬᠦᠭᠵᠢᠯᠲᠡ ᠶᠢᠨ ᠨᠦᠬᠡᠴᠡ ᠬᠦᠴᠦᠨ ᠢ ᠨᠡᠮᠡᠭᠳᠡᠭᠦᠯᠵᠡᠢ᠃ 2022 ᠣᠨ ᠳᠤ ᠰᠢᠨ᠎ᠡ ᠪᠠᠷᠭᠤ ᠪᠠᠷᠠᠭᠤᠨ ᠬᠤᠰᠢᠭᠤᠨ ᠤ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ 3564 ᠲᠦᠮᠡᠨ ᠲᠦᠬᠦᠷᠢᠭ ᠲᠤ ᠬᠦᠷᠴᠦ᠂ ᠵᠢᠯ ᠤᠨ ᠳᠤᠮᠳᠠᠴᠢ ᠣᠷᠣᠯᠭ᠎ᠠ 69.8 ᠲᠦᠮᠡᠨ ᠲᠦᠬᠦᠷᠢᠭ ᠲᠤ ᠬᠦᠷᠴᠦ᠂ 51 ᠭᠠᠴᠠᠭ᠎ᠠ ᠲᠣᠰᠬᠤᠨ ᠪᠦᠬᠦᠨ ᠢᠶᠠᠷ ᠢᠶᠠᠨ 10 ᠲᠦᠮᠡᠨ ᠲᠦᠬᠦᠷᠢᠭ ᠠᠴᠠ ᠳᠡᠭᠡᠭᠰᠢᠬᠢ ᠡᠭᠦᠷᠭᠡ ᠶᠢᠨ ᠬᠠᠷᠠᠯᠲᠠ ᠶᠢ ᠪᠡᠶᠡᠯᠡᠭᠦᠯᠪᠡ᠃      ︽ᠬᠦᠲᠦᠯᠦᠨ ᠳᠠᠭᠠᠭᠤᠯᠵᠤ ᠬᠦᠭᠵᠢᠭᠦᠯᠦᠨ ᠮᠠᠨᠳᠤᠭᠤᠯᠬᠤ︾ ᠢᠨᠵᠧᠨᠧᠷᠢᠩ ᠢ ᠬᠡᠷᠡᠭᠵᠢᠭᠦᠯᠦᠭᠰᠡᠨ ᠢᠶᠠᠷ ᠰᠢᠨ᠎ᠡ ᠪᠠᠷᠭᠤ ᠪᠠᠷᠠᠭᠤᠨ ᠬᠤᠰᠢᠭᠤᠨ ᠤ ᠬᠡᠷᠦᠯᠦᠨ ᠰᠣᠮᠣ ᠶᠢᠨ ᠮᠠᠩᠯᠠᠢ ᠭᠠᠴᠠᠭ᠎ᠠ ︽ᠪᠦᠬᠦ ᠤᠯᠤᠰ ᠤᠨ ᠬᠦᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ︾ ︽ᠪᠦᠬᠦ ᠣᠷᠣᠨ ᠤ ᠨᠠᠮ ᠤᠨ ᠪᠠᠶᠢᠭᠤᠯᠤᠯᠲᠠ ᠶᠢ ᠠᠳᠬᠤᠨ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠤᠭᠰᠠᠨ ᠲᠡᠷᠢᠭᠦᠨ ᠤ ᠬᠠᠮᠲᠤ ᠨᠢᠭᠡᠴᠢ︾ ᠶᠢᠨ ᠢᠷᠠᠭᠤ ᠠᠯᠳᠠᠷ ᠢ ᠬᠦᠷᠲᠡᠵᠦ᠂ ᠠᠯᠳ᠋ᠬᠠᠮᠡᠭᠡᠯ ᠪᠠᠯᠭᠠᠰᠤ ᠪᠦᠬᠦ ᠤᠯᠤᠰ ᠤᠨ ︽2021 ᠣᠨ ᠤ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠵᠢᠱᠢᠶᠡᠴᠢ︾ ᠶᠢᠨ ᠢᠷᠠᠭᠤ ᠠᠯᠳᠠᠷ ᠢ ᠬᠦᠷᠲᠡᠪᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ