ᠰᠢ ᠶᠢᠨ ᠫᠢᠩ ᠤᠨ ᠬᠠᠥᠯᠥ ᠪᠠᠷ ᠵᠠᠰᠠᠬᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠡᠶᠢᠭᠡᠮ ᠵᠢᠷᠤᠮ ᠤᠨ ᠬᠠᠥᠯᠢ ᠪᠠᠷ ᠵᠠᠰᠠᠬᠤ ᠵᠣᠷᠢᠭ | ᠰᠠᠨᠠᠭ᠎ᠠ ᠶᠢ ᠶᠡᠬᠡᠪᠡᠷ ᠪᠠᠳᠠᠷᠠᠭᠤᠯᠬᠤ ᠶᠢᠨ ᠲᠥᠯᠥᠭᠡ᠂ ᠠᠷᠪᠠᠳᠤᠭᠠᠷ ᠤᠳᠠᠭ᠎ᠠ ᠶᠢᠨ ᠤᠯᠤᠰ ᠤᠨ ᠦᠨᠳᠦᠰᠦᠨ ᠬᠠᠤᠯᠢ ᠶᠢᠨ ᠡᠳᠦᠷ ᠪᠣᠯᠣᠨ ᠵᠢᠷᠭᠤᠳᠤᠭᠠᠷ | ᠤᠳᠠᠭ᠎ᠠ ᠶᠢᠨ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠬᠦᠷᠴᠦ ᠢᠷᠡᠬᠦ ᠲᠠᠰᠢᠷᠠᠮ ᠢᠶᠠᠷ᠂ ᠪᠤᠶᠢᠷ ᠰᠤᠮᠤ ︽ᠦᠨᠳᠦᠰᠦᠨ ᠬᠠᠤᠯᠢ ᠶᠢᠨ ᠵᠣᠷᠢᠭ | ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠨᠡᠶᠢᠭᠡᠮ ᠵᠢᠷᠤᠮ ᠤᠨ ᠬᠠᠥᠯᠢ ᠪᠠᠷ ᠵᠠᠰᠠᠬᠤ ᠰᠣᠶᠣᠯ ᠢ ᠪᠠᠶᠢᠭᠤᠯᠬᠤ︾ ᠪᠠᠷ ᠭᠤᠣᠯ ᠰᠡᠳᠦᠪ ᠪᠣᠯᠭᠠᠭᠰᠠᠨ ᠦᠨᠳᠦᠰᠦᠨ | ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ᠃ | | | | ᠠᠵᠢᠯᠯᠠᠭ᠎ᠠ ᠳᠤ᠂ ᠪᠤᠶᠢᠷ ᠰᠤᠮᠤ ᠬᠠᠤᠯᠢ ᠴᠠᠭᠠᠵᠠ ᠶᠢᠨ ᠭᠠᠵᠠᠷ᠂ ᠬᠢᠯᠢ ᠶᠢᠨ ᠲᠣᠮᠢᠯᠠᠭᠰᠠᠨ ᠰᠠᠯᠪᠤᠷᠢ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠠᠮᠢᠶ᠎ᠠ | ᠪᠦᠬᠦᠢ ᠬᠠᠷᠢᠭᠤᠴᠠᠯᠭᠠᠲᠠᠨ ᠲᠠᠢ ᠬᠤᠯᠪᠤᠭᠠᠯᠠᠨ ᠮᠣᠩᠭᠤᠯ ᠭᠡᠷ ᠲᠤ ᠭᠦᠨᠵᠡᠭᠡᠶᠢᠷᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ | ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠵᠡᠷᠭᠡ ᠶᠢᠨ ᠲᠣᠭᠤᠷᠢᠨ ᠳᠤ ᠬᠠᠷᠢᠶ᠎ᠠ ᠣᠷᠣᠨ ᠳᠠᠬᠢ | ᠤᠯᠠᠭᠠᠨ ᠪᠠᠬᠢᠯᠡᠯᠲᠡ ᠶᠢᠨ ᠡᠷᠦᠬᠡ᠂ ᠬᠢᠯᠢ ᠶᠢᠨ ᠬᠠᠮᠠᠭᠠᠯᠠᠭᠴᠢ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠵᠦ᠂ | ᠮᠠᠯᠴᠢᠳ ︵ᠰᠠᠭᠤᠭᠠᠯᠢ ᠠᠷᠠᠳ︶ ᠤᠨ ᠠᠮᠢᠳᠤᠷᠠᠯ ᠳᠤ ᠡᠭᠦᠰᠦᠭᠰᠡᠨ ᠬᠠᠤᠯᠢ ᠴᠠᠭᠠᠵᠠ ᠶᠢᠨ ᠬᠡᠷᠡᠭ ᠤᠨ ᠵᠢᠱᠢᠶ᠎ᠡ ᠶᠢ ᠵᠢᠭᠰᠠᠭᠠᠵᠤ᠂ ᠲᠡᠳᠡᠨ ᠤ ᠬᠠᠤᠯᠢ ᠳᠦᠷᠢᠮ ᠤᠨ | ᠦᠵᠡᠯᠲᠡ ᠪᠠ ᠬᠠᠤᠯᠢ ᠴᠠᠭᠠᠵᠠ ᠶᠢᠨ ᠦᠵᠡᠯ ᠤᠬᠠᠮᠰᠠᠷ ᠢ ᠴᠢᠩᠭᠠᠷᠠᠭᠤᠯᠬᠤ ᠶᠢᠨ ᠬᠠᠮᠲᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠᠷ ᠳᠠᠮᠵᠢᠨ᠂ ᠨᠠᠩ | ᠣᠯᠠᠨ ᠮᠠᠯᠴᠢᠳ ︵ᠰᠠᠭᠤᠭᠠᠯᠢ ᠠᠷᠠᠳ︶ ᠤᠨ ᠤᠬᠠᠮᠰᠠᠷ ᠠᠴᠠ ᠪᠠᠨ ᠬᠠᠤᠯᠢ ᠰᠤᠷᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠶᠢ ᠨᠥᠯᠥᠭᠡᠯᠡᠨ | ᠳᠠᠶᠢᠴᠢᠯᠠᠬᠤ ᠶᠢᠨ ᠬᠠᠮᠲᠤ᠂ ᠤᠯᠠᠭᠠᠨ ᠪᠠᠬᠢᠯᠡᠯᠲᠡ ᠶᠢᠨ ᠡᠷᠦᠬᠡ᠂ ᠬᠢᠯᠢ ᠶᠢᠨ ᠬᠠᠮᠠᠭᠠᠯᠠᠭᠴᠢ ᠳᠤ ᠡᠯ᠎ᠡ ᠲᠥᠷᠥᠯ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ | ᠬᠠᠭᠤᠳᠠᠰᠤ ᠪᠠ ᠤᠬᠠᠭᠤᠯᠭ᠎ᠠ ᠶᠢᠨ ᠳᠡᠪᠲᠡᠷ ᠢ ᠲᠠᠷᠬᠠᠭᠠᠨ ᠥᠭᠴᠦ᠂ ᠲᠡᠳᠡᠨ ᠤ ᠳᠤᠷᠠᠳᠤᠭᠰᠠᠨ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠳᠤ | ᠬᠠᠯᠠᠰᠢᠷᠠᠯ ᠦᠭᠡᠢ ᠬᠠᠷᠢᠭᠤᠯᠲᠠ ᠥᠭᠪᠡ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠨ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠪᠦᠲᠦᠮᠵᠢᠲᠡᠶ ᠤᠬᠠᠭᠤᠯᠵᠤ᠂ | ᠦᠨᠳᠦᠰᠦᠨ ᠬᠠᠤᠯᠢ ᠶᠢ ᠠᠷᠠᠳ ᠣᠯᠠᠨ ᠤ ᠡᠳᠦᠷ ᠲᠤᠲᠤᠮ ᠤᠨ ᠠᠮᠢᠳᠤᠷᠠᠯ ᠳᠤ ᠦᠨᠡᠨ ᠬᠦ ᠠᠭᠤᠰᠬᠠᠨ ᠣᠷᠤᠭᠤᠯᠪᠠ᠃ | | |