ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠳᠠᠷᠤᠶᠢᠬᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ | ᠣᠶᠢᠷ᠎ᠠ ᠬᠠᠪᠢ ᠳᠠᠭᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾ ᠵᠠᠷᠴᠢᠮ ᠶᠣᠰᠣᠭᠠᠷ᠂ ︽ᠴᠠᠭ ᠨᠢ ᠬᠠᠮᠤᠭ ᠤᠨ ᠣᠬᠤᠷ᠂ ᠭᠤᠭᠴᠤᠭ᠎ᠠ ᠨᠢ | ᠬᠠᠮᠤᠭ ᠤᠨ ᠲᠥᠬᠦᠮ᠂ ᠦᠷ᠎ᠡ ᠪᠦᠲᠦᠮᠵᠢ ᠨᠢ ᠬᠠᠮᠤᠭ ᠤᠨ ᠥᠨᠳᠥᠷ︾ ᠪᠠᠶᠢᠬᠤ ᠪᠠᠷ ᠬᠠᠷᠠᠯᠲᠠ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠵᠢᠯ ᠤᠨ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ ᠪᠠᠶᠢᠨ᠎ᠠ᠃ ᠡᠲᠡᠭᠡᠷ ᠠᠷᠭ᠎ᠠ ᠬᠡᠮᠵᠢᠶ᠎ᠡ ᠪᠠᠷ ᠳᠠᠮᠵᠢᠨ᠂ ᠲᠣᠰ ᠲᠣᠪᠴᠢᠶ᠎ᠠ ᠬᠢᠨᠠᠨ | ᠵᠥᠪᠰᠢᠶᠡᠷᠡᠬᠦ ᠶᠠᠪᠤᠴᠠ ᠶᠢ ᠳᠥᠭᠦᠮᠴᠢᠯᠡᠵᠦ᠂ ᠠᠵᠢᠯ ᠶᠠᠪᠤᠳᠠᠯ ᠭᠦᠢᠴᠡᠳᠬᠡᠬᠦ ᠵᠠᠩᠭᠢᠯᠠᠭ᠎ᠠ ᠶᠢ ᠪᠠᠭᠠᠰᠬᠠᠨ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ᠨᠠᠩ ᠥᠨᠳᠥᠷ ᠪᠦᠲᠦᠮᠵᠢᠲᠡᠶ᠂ ᠳᠥᠭᠦᠮ ᠳᠥᠲᠡ᠂ ᠲᠦᠷᠭᠡᠨ ᠵᠠᠰᠠᠭ ᠤᠨ ᠶᠠᠪᠤᠳᠠᠯ ᠤᠨ ᠦᠢᠯᠡᠴᠢᠯᠡᠭᠡ | ᠬᠠᠩᠭᠠᠭᠰᠠᠨ ᠪᠠᠶᠢᠨ᠎ᠠ᠃ | | | | ᠵᠥᠪᠬᠡᠨ ᠥᠨᠥ ᠵᠢᠯ ᠤᠨ 11 ᠰᠠᠷ᠎ᠠ ᠳᠤ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠴᠣᠩᠬᠤᠪᠴᠢ 300 ᠭᠠᠷᠤᠢ ᠤᠳᠠᠭ᠎ᠠ ᠶᠢᠨ ᠲᠤᠬᠠᠶᠢᠯᠠᠭᠰᠠᠨ ᠠᠵᠢᠯ ᠤᠨ ᠯᠠᠪᠯᠠᠯᠭ᠎ᠠ ᠶᠢ ᠭᠥᠯᠢᠶᠡᠨ ᠠᠪᠤᠭᠰᠠᠨ ᠪᠠᠶᠢᠨ᠎ᠠ᠃ ᠡᠨᠡ ᠬᠤᠭᠤᠴᠠᠭᠠᠨ ᠳᠤ᠂ | ᠨᠡᠶᠢᠳᠡ 5 ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠵᠢᠴᠢ 80 ᠬᠤᠪᠢ ᠶᠢᠨ ᠡᠵᠡᠩᠨᠡᠯᠲᠡ ᠶᠢᠨ ᠡᠷᠤᠭᠡ ᠶᠢᠨ ᠳᠠᠩᠰᠠᠯᠠᠭᠤᠯᠬᠤ ᠶᠠᠪᠤᠳᠠᠯ ᠢ | ᠭᠦᠢᠴᠡᠳᠬᠡᠬᠦ ᠶᠢᠨ ᠬᠠᠮᠲᠤ ᠪᠠᠰᠠ 10 ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠬᠤᠪᠢᠷᠠᠭᠤᠯᠬᠤ ᠵᠢᠷᠤᠮ᠂ 32 ᠬᠤᠪᠢ ᠶᠢᠨ ᠡᠵᠡᠩᠨᠡᠯᠲᠡ ᠶᠢᠨ | ᠡᠷᠤᠭᠡ ᠶᠢᠨ ᠬᠤᠪᠢᠷᠠᠭᠤᠯᠬᠤ ᠵᠢᠷᠤᠮ᠂ 36 ᠬᠤᠪᠢ ᠶᠢᠨ ᠡᠵᠡᠩᠨᠡᠯᠲᠡ ᠶᠢᠨ ᠡᠷᠤᠭᠡ ᠶᠢᠨ ᠬᠠᠰᠤᠬᠤ ᠵᠢᠷᠤᠮ᠂ 3 ᠬᠤᠪᠢ ᠶᠢᠨ ᠡᠵᠡᠩᠨᠡᠯᠲᠡ ᠶᠢᠨ ᠠᠵᠤ | ᠠᠬᠤᠶᠢᠯᠠᠯ ᠤᠨ ᠡᠷᠤᠭᠡ ᠶᠢᠨ ᠬᠠᠰᠤᠬᠤ ᠵᠢᠷᠤᠮ ᠢ ᠪᠡᠶᠡᠯᠡᠭᠦᠯᠪᠡ᠃ ᠡᠭᠦᠨ ᠠᠴᠠ ᠭᠠᠳᠠᠨ᠎ᠠ᠂ ᠴᠣᠩᠬᠤᠪᠴᠢ ᠳᠤ ᠪᠠᠰᠠ 28 ᠵᠦᠢᠯ ᠤᠨ ᠢᠳᠡᠭᠡᠨ ᠡᠵᠡᠩᠨᠡᠬᠦ | ᠵᠥᠪᠰᠢᠶᠡᠷᠡᠯ ᠤᠨ ᠦᠨᠡᠮᠯᠡᠯ ᠭᠤᠶᠤᠴᠢᠯᠠᠬᠤ᠂ 6 ᠵᠦᠢᠯ ᠤᠨ ᠵᠥᠪᠰᠢᠶᠡᠷᠡᠯ ᠤᠨ ᠦᠨᠡᠮᠯᠡᠯ ᠢ ᠦᠷᠭᠦᠯᠵᠢᠯᠡᠭᠦᠯᠬᠦ᠂ 6 ᠵᠦᠢᠯ ᠤᠨ ᠵᠥᠪᠰᠢᠶᠡᠷᠡᠯ ᠤᠨ ᠦᠨᠡᠮᠯᠡᠯ ᠢ | ᠬᠤᠪᠢᠷᠠᠭᠤᠯᠬᠤ ᠵᠢᠴᠢ 11 ᠵᠦᠢᠯ ᠤᠨ ᠵᠥᠪᠰᠢᠶᠡᠷᠡᠯ ᠤᠨ ᠦᠨᠡᠮᠯᠡᠯ ᠢ ᠬᠦᠴᠦᠨ ᠦᠭᠡᠢ ᠪᠣᠯᠭᠠᠬᠤ ᠠᠰᠠᠭᠤᠳᠠᠯ ᠢ ᠰᠢᠢᠳᠪᠦᠷᠢᠯᠡᠪᠡ᠃ | | | | ᠬᠤᠶᠢᠰᠢᠳᠠ ᠶᠢᠨ ᠠᠵᠢᠯ ᠳᠤᠮᠳᠠ᠂ ᠲᠤᠰ ᠲᠣᠪᠴᠢᠶ᠎ᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠪᠠᠷ ᠴᠢᠷᠮᠠᠶᠢᠵᠤ᠂ | ᠦᠢᠯᠡᠴᠢᠯᠡᠭᠡ ᠶᠢ ᠨᠠᠷᠢᠯᠢᠭᠵᠢᠭᠤᠯᠬᠤ ᠬᠡᠮᠵᠢᠶ᠎ᠡ ᠶᠢ ᠭᠦᠨᠵᠡᠭᠡᠶᠢᠷᠡᠭᠦᠯᠦᠨ᠂ ︽ᠲᠥᠬᠦᠮ᠂ ᠲᠦᠷᠭᠡᠨ᠂ ᠲᠦᠳᠡ︾ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ | ᠴᠣᠩᠬᠤᠪᠴᠢ ᠳᠤ ᠰᠦᠢᠳᠬᠡᠯ ᠬᠤᠷᠢᠶᠠᠬᠤ ᠦᠭᠡᠢ ᠪᠠᠷ ᠠᠰᠠᠭᠤᠨ ᠯᠠᠪᠯᠠᠵᠤ ᠬᠠᠪᠰᠤᠷᠤᠨ ᠭᠦᠢᠴᠡᠳᠬᠡᠬᠦ᠂ ᠠᠩᠬ᠎ᠠ ᠭᠦᠢᠴᠡᠳᠬᠡᠬᠦ ᠬᠠᠷᠢᠭᠤᠴᠠᠯᠭ᠎ᠠ ᠲᠠᠢ ᠪᠠᠶᠢᠬᠤ᠂ | ᠨᠢᠭᠡ ᠤᠳᠠᠭ᠎ᠠ ᠳᠤ ᠮᠡᠳᠡᠭᠳᠡᠬᠦ ᠵᠡᠷᠭᠡ ᠳᠦᠷᠢᠮ ᠢ ᠤᠯᠠᠮ ᠨᠢᠭᠡ ᠠᠯᠬᠤᠮ ᠬᠡᠷᠡᠭᠵᠢᠭᠦᠯᠵᠦ᠂ ᠠᠵᠤ ᠦᠢᠯᠡᠳᠪᠦᠷᠢ ᠬᠤᠳᠠᠯᠳᠤᠭᠠᠨ ᠤ ᠪᠦᠷᠢᠳᠬᠡᠨ ᠳᠠᠩᠰᠠᠯᠠᠬᠤ ᠶᠢᠨ | ᠨᠢᠭᠡᠳᠦᠯᠲᠡᠢ᠂ ᠵᠢᠷᠤᠮᠵᠢᠯ ᠲᠠᠢ ᠪᠠ ᠥᠨᠳᠥᠷ ᠦᠷ᠎ᠡ ᠪᠦᠲᠦᠮᠵᠢ ᠲᠠᠢ ᠪᠠᠶᠢᠬᠤ ᠶᠢ ᠠᠬᠢᠭᠤᠯᠤᠨ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠬᠦᠴᠦᠨ ᠴᠢᠳᠠᠪᠤᠷᠢ ᠶᠢ | ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠬᠤᠳᠠᠯᠳᠤᠭ᠎ᠠ ᠡᠷᠭᠢᠯᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠶᠢ | ᠲᠠᠯᠪᠢᠨ᠎ᠠ᠃ | | |