ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2023/12/5
      ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠲᠠᠰ ᠪᠣᠯᠣᠨ᠎ᠠ᠃ ︽ᠰᠢᠨ᠎ᠡ ᠪᠠᠷᠭᠤ ᠪᠠᠷᠠᠭᠤᠨ ᠬᠤᠰᠢᠭᠤᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠫᠠᠶᠢᠰᠠ ᠶᠢ ᠨᠡᠮᠡᠵᠦ ᠡᠯᠭᠦᠨ᠎ᠡ︾᠃       ᠨᠢᠭᠡ᠂ ᠭᠤᠣᠯ ᠡᠭᠦᠷᠭᠡ ᠬᠠᠷᠢᠭᠤᠴᠠᠯᠭ᠎ᠠ       1. ᠪᠥᠬᠦ ᠬᠤᠰᠢᠭᠤᠨ ᠤ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠠᠷᠠᠳ ᠤᠨ ᠶᠠᠪᠤᠳᠠᠯ ᠤᠨ ᠠᠵᠢᠯ ᠲᠥᠷᠥᠯ ᠤᠨ ᠪᠠᠷᠢᠮᠵᠢᠶ᠎ᠠ ᠶᠢ ᠲᠥᠯᠥᠪᠵᠢᠭᠦᠯᠵᠦ᠂ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      2. ᠠᠷᠠᠳ ᠤᠨ ᠶᠠᠪᠤᠳᠠᠯ ᠤᠨ ᠲᠥᠷᠥᠯ ᠵᠦᠢᠯ ᠤᠨ ᠨᠥᠭᠡᠴᠡ ᠶᠢ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠠᠷᠠᠳ ᠤᠨ ᠶᠠᠪᠤᠳᠠᠯ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       3. ᠪᠥᠬᠦ ᠬᠤᠰᠢᠭᠤᠨ ᠤ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠡᠩᠰᠡᠯᠡᠨ ᠬᠠᠮᠢᠶᠠᠷᠬᠤ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠤᠯᠢ ᠶᠣᠰᠣᠭᠠᠷ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠡᠩᠰᠡᠯᠡᠨ ᠬᠠᠮᠢᠶᠠᠷᠬᠤ ᠪᠠ ᠬᠢᠨᠠᠨ ᠪᠠᠶᠢᠴᠠᠭᠠᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠴᠤ᠂ ᠬᠤᠰᠢᠭᠤᠨ ᠤ ᠲᠣᠰ ᠱᠠᠲᠤᠨ ᠤ ᠰᠢᠭᠤᠳ ᠳᠡᠩᠰᠡᠯᠡᠨ ᠬᠠᠮᠢᠶᠠᠷᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃       4. ᠪᠥᠬᠦ ᠬᠤᠰᠢᠭᠤᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠲᠣᠭᠲᠠᠭᠠᠵᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠬᠤᠲᠠ ᠬᠥᠳᠡᠭᠡ ᠶᠢᠨ ᠣᠨᠴᠠ ᠬᠦᠴᠢᠷᠳᠡᠯᠲᠡᠢ ᠬᠥᠮᠥᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠤᠨ ᠲᠡᠩᠬᠡᠷᠡᠭᠦᠯᠦᠨ ᠲᠤᠰᠠᠯᠠᠬᠤ᠂ ᠠᠮᠢᠳᠤᠷᠠᠯ ᠤᠨ ᠠᠷᠭ᠎ᠠ ᠦᠭᠡᠢ ᠲᠡᠨᠦᠭᠦᠴᠢᠯᠡᠵᠦ ᠪᠠᠶᠢᠭ᠎ᠠ ᠬᠥᠮᠥᠰ ᠢ ᠲᠡᠩᠬᠡᠷᠡᠭᠦᠯᠦᠨ ᠲᠤᠰᠠᠯᠠᠬᠤ ᠠᠵᠢᠯ ᠢ ᠬᠠᠷᠢᠭᠤᠴᠠᠨ᠎ᠠ᠃       5. ᠪᠥᠬᠦ ᠬᠤᠰᠢᠭᠤᠨ ᠤ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠪᠦᠲᠦᠭᠡᠨ ᠪᠠᠶᠢᠭᠤᠯᠤᠯᠲᠠ ᠪᠠ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠦᠨᠳᠦᠰᠦᠨ ᠱᠠᠲᠤᠨ ᠤ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠤᠨ᠎ᠠ︔ ᠭᠠᠴᠠᠭᠠᠨ ᠤ ᠠᠷᠠᠳ ᠤᠨ ᠵᠥᠪᠯᠡᠯ ᠤᠨ ᠠᠷᠠᠳᠴᠢᠯᠠᠯ ᠢᠶᠠᠷ ᠰᠣᠩᠭᠤᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠷᠠᠳᠴᠢᠯᠠᠯ ᠢᠶᠠᠷ ᠬᠠᠮᠢᠶᠠᠷᠬᠤ ᠪᠠ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ ᠵᠢᠯᠣᠭᠤᠳᠤᠨ᠎ᠠ︔ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠠᠬᠢᠭᠤᠯᠤᠨ᠎ᠠ᠃      6. ᠪᠥᠬᠦ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠲᠥᠯᠦᠪᠵᠢᠭᠦᠯᠭᠡ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠤᠨ ᠬᠠᠮᠢᠶᠠᠷᠤᠯᠲᠠ ᠪᠠ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠣᠭᠲᠠᠭᠠᠵᠤ᠂ ᠪᠥᠬᠦ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠬᠤᠪᠢᠷᠠᠭᠤᠯᠤᠯᠲᠠ ᠶᠢ ᠬᠢᠨᠠᠨ ᠬᠠᠷᠭᠤᠭᠤᠯᠬᠤ ᠪᠠ ᠮᠡᠳᠡᠭᠦᠯᠬᠦ ᠠᠵᠢᠯ ᠢ ᠡᠭᠦᠷᠭᠡᠯᠡᠵᠦ᠂ ᠰᠤᠮᠤ ᠪᠠᠯᠭᠠᠰᠤ ᠶᠢᠨ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ᠂ ᠬᠠᠮᠢᠶᠠᠷᠬᠤ ᠪᠠ ᠵᠠᠭᠠᠭ ᠱᠤᠭᠤᠮ ᠤᠨ ᠵᠢᠭᠤᠷᠠᠯᠳᠤᠭᠠᠨ ᠢ ᠵᠣᠬᠢᠴᠠᠭᠤᠯᠤᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ︔ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠦᠭᠦ ᠬᠤᠰᠢᠭᠤᠨ ᠤ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃      7. ᠪᠥᠬᠦ ᠬᠤᠰᠢᠭᠤᠨ ᠤ ᠨᠠᠰᠤᠵᠢᠯ ᠤᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠱᠠᠯᠠᠪᠳᠠᠭᠤᠯᠤᠨ ᠵᠢᠯᠤᠭᠤᠳᠴᠤ᠂ ᠬᠢᠨᠠᠨ ᠬᠠᠮᠢᠶᠠᠷᠴᠤ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠣᠨᠴᠠ ᠬᠦᠴᠢᠷᠳᠡᠯᠲᠡᠢ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃       8. ᠤᠷᠤᠭ ᠤᠨ ᠶᠠᠪᠤᠳᠠᠯ᠂ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠦᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠤᠷᠤᠭ ᠤᠨ ᠵᠠᠩᠰᠢᠯ ᠪᠠ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃        9. ᠪᠥᠬᠦ ᠬᠤᠰᠢᠭᠤᠨ ᠤ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠵᠡᠮᠳᠡᠭᠴᠦᠳ ᠤᠨ ᠠᠰᠠᠷᠠᠮᠵᠢ ᠶᠢᠨ ᠳᠦᠷᠢᠮ ᠤᠨ ᠪᠠᠶᠢᠭᠤᠯᠤᠯᠲᠠ ᠪᠠ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃       10. ᠬᠡᠦᠬᠡᠳ ᠤᠨ ᠠᠰᠠᠷᠠᠮᠵᠢ᠂ ᠥᠨᠥᠴᠢᠨ ᠬᠡᠦᠬᠡᠳ ᠤᠨ ᠪᠠᠲᠤᠯᠠᠭ᠎ᠠ᠂ ᠬᠡᠦᠬᠡᠳ ᠢ ᠡᠷᠭᠦᠨ ᠲᠡᠵᠢᠭᠡᠬᠦ᠂ ᠬᠡᠦᠬᠡᠳ ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠬᠥᠳᠡᠭᠡ ᠲᠣᠰᠬᠤᠨ᠂ ᠮᠠᠯᠵᠢᠬᠤ ᠣᠷᠣᠨ ᠤ ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ᠎ᠡ᠃       11. ᠪᠦᠭᠦ ᠬᠤᠰᠢᠭᠤᠨ ᠤ ᠪᠤᠶᠠᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠳᠦᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠳᠡᠮᠵᠢᠨ ᠲᠤᠰᠠᠯᠠᠬᠤ ᠠᠵᠢᠯ ᠢ ᠵᠢᠯᠣᠭᠤᠳᠤᠨ᠎ᠠ᠃       12. ᠨᠡᠶᠢᠭᠡᠮ ᠤᠨ ᠠᠵᠢᠯ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠪᠣᠯᠣᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃       13. ᠶᠠᠳᠠᠭᠤ ᠬᠦᠴᠢᠷᠳᠡᠯ ᠲᠠᠢ ᠪᠠᠶᠢᠳᠠᠯ ᠢ ᠬᠢᠨᠠᠨ ᠬᠡᠮᠵᠢᠬᠦ ᠪᠠ ᠪᠦᠷᠢᠳᠬᠡᠬᠦ ᠠᠵᠢᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠨ᠎ᠠ᠃ ᠪᠥᠬᠦ ᠬᠤᠰᠢᠭᠤᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥᠯ ᠵᠦᠢᠯ ᠢ ᠲᠣᠭᠲᠠᠭᠠᠬᠤ ᠶᠢ ᠲᠤᠭᠤᠷᠪᠢᠨ ᠲᠣᠭᠲᠠᠭᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠡᠷᠡᠭᠯᠡᠯᠲᠡ ᠶᠢ ᠵᠢᠯᠤᠭᠤᠳᠬᠤ᠂ ᠬᠢᠨᠠᠯᠲᠠ ᠲᠠᠯᠪᠢᠬᠤ ᠪᠠ ᠪᠠᠶᠢᠴᠠᠭᠠᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢ ᠬᠠᠷᠢᠭᠤᠴᠠᠨ᠎ᠠ᠃       14. ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠵᠦᠢᠯᠡᠰ ᠢ ᠪᠡᠶᠡᠯᠡᠭᠦᠯᠦᠨ᠎ᠡ᠃       15. ᠡᠭᠦᠷᠭᠡ ᠴᠢᠳᠠᠪᠬᠢ ᠶᠢ ᠬᠤᠪᠢᠷᠠᠭᠤᠯᠤᠨ᠎ᠠ᠃ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠡᠭᠦᠷᠭᠡ ᠴᠢᠳᠠᠪᠤᠷᠢ ᠶᠢ ᠴᠢᠩᠭᠠᠳᠬᠠᠵᠤ᠂ ᠬᠦᠴᠢᠷᠳᠡᠯᠲᠡᠢ ᠣᠯᠠᠨ ᠲᠦᠮᠡᠨ᠂ ᠭᠤᠤᠨᠢ ᠭᠠᠭᠴᠠ ᠨᠠᠰᠤᠲᠠᠨ ᠵᠡᠮᠳᠡᠭ ᠥᠨᠥᠴᠢᠨ ᠬᠡᠦᠬᠡᠳ ᠵᠡᠷᠭᠡ ᠣᠨᠴᠠᠭᠠᠶ ᠣᠯᠠᠨ ᠲᠦᠮᠡᠨ ᠳᠤ ᠦᠨᠳᠦᠰᠦᠨ ᠨᠡᠶᠢᠭᠡᠮ ᠤᠨ ᠦᠢᠯᠡᠴᠢᠯᠡᠭᠡ ᠬᠠᠩᠭᠠᠵᠤ᠂ ᠡᠬᠢ ᠪᠠᠶᠠᠯᠢᠭ ᠢ ᠪᠠᠭᠤᠷᠠᠢ ᠭᠠᠵᠠᠷ ᠣᠷᠣᠨ᠂ ᠬᠦᠷᠢᠶ᠎ᠡ ᠴᠠᠷᠠᠭ᠎ᠠ ᠪᠠ ᠭᠤᠭᠴᠤᠭ᠎ᠠ ᠳᠠᠰᠢ ᠬᠡᠯᠪᠡᠶᠢᠯᠭᠡᠬᠦ ᠶᠢ ᠠᠬᠢᠭᠤᠯᠤᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠢᠳᠡᠪᠬᠢᠲᠡᠢ ᠪᠣᠶᠢᠵᠢᠭᠤᠯᠤᠨ᠎ᠠ᠃ ᠨᠡᠶᠢᠭᠡᠮ ᠤᠨ ᠠᠵᠢᠯᠲᠠᠨ ᠵᠡᠷᠭᠡ ᠤᠯᠠᠨ ᠡᠰᠢᠲᠦ ᠵᠡᠮᠳᠡᠭ ᠪᠠ ᠪᠡᠶᠡᠴᠢ ᠴᠣᠭᠴᠠ ᠶᠢ ᠪᠠᠶᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠠ ᠨᠡᠶᠢᠭᠡᠮ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠶᠢ ᠠᠬᠢᠭᠤᠯᠤᠨ᠎ᠠ᠃       16. ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃       ︵ᠨᠢᠭᠡ︶ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠯᠦᠭᠡ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠠᠰᠤᠵᠢᠯ ᠤᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ᠂ ᠱᠠᠯᠠᠪᠳᠠᠭᠤᠯᠤᠨ ᠵᠢᠯᠤᠭᠤᠳᠬᠤ᠂ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠦᠪᠵᠢᠭᠦᠯᠭᠡ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠣᠨᠴᠠ ᠬᠦᠴᠢᠷᠳᠡᠯᠲᠡᠢ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠥᠮᠥᠨ ᠠᠮᠠ ᠶᠢᠨ ᠨᠠᠰᠤᠵᠢᠯᠲᠠ ᠶᠢ ᠠᠷᠭᠠᠴᠠᠬᠤ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠬᠤ ᠶᠢ ᠬᠠᠷᠢᠭᠤᠴᠠᠵᠤ᠂ ᠨᠠᠰᠤᠲᠠᠶᠢᠴᠤᠳ ᠤᠨ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠵᠣᠬᠢᠴᠠᠭᠤᠯᠵᠤ᠂ ᠱᠠᠯᠠᠪᠳᠠᠭᠤᠯᠤᠨ ᠵᠢᠯᠤᠭᠤᠳᠴᠤ᠂ ᠵᠣᠬᠢᠶᠠᠨ ᠪᠠᠶᠢᠭᠤᠯᠤᠨ ᠠᠬᠢᠭᠤᠯᠵᠤ᠂ ᠨᠠᠰᠤᠲᠠᠶᠢᠴᠤᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠡᠮᠴᠢᠯᠡᠭᠡᠨ ᠤ ᠰᠤᠪᠢᠯᠠᠯᠲᠠ᠂ ᠰᠡᠳᠬᠢᠴᠡ ᠶᠢᠨ ᠡᠷᠡᠭᠦᠯ ᠮᠡᠨᠳᠦ ᠬᠢᠭᠡᠳ ᠬᠠᠯᠠᠮᠵᠢᠯᠠᠯ ᠤᠨ ᠦᠢᠯᠡᠴᠢᠯᠡᠭᠡ ᠵᠡᠷᠭᠡ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠬᠠᠷᠢᠭᠤᠴᠠᠨ᠎ᠠ᠃       ︵ᠬᠤᠶᠠᠷ︶ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠯᠤᠭ᠎ᠠ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠢ ᠬᠠᠮᠲᠤᠷᠠᠨ ᠵᠠᠰᠠᠭ ᠵᠠᠬᠢᠷᠭᠠᠨ ᠤ ᠬᠤᠪᠢᠶᠠᠷᠢᠯᠠᠯ ᠤᠨ ᠮᠡᠳᠡᠭᠡ ᠵᠠᠩᠭᠢ ᠶᠢ ᠨᠡᠶᠢᠲᠡᠯᠡᠬᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠵᠠᠬᠢᠷᠭᠠᠨ ᠤ ᠬᠤᠪᠢᠶᠠᠷᠢᠯᠠᠯ ᠤᠨ ᠵᠢᠷᠤᠭ ᠢ ᠨᠠᠶᠢᠷᠠᠭᠤᠯᠤᠨ ᠵᠣᠬᠢᠶᠠᠬᠤ ᠵᠡᠷᠭᠡ ᠠᠵᠢᠯ ᠢ ᠬᠠᠷᠢᠭᠤᠴᠠᠨ᠎ᠠ᠃ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ