ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ ᠶᠢ ᠴᠢᠨᠠᠭᠰᠢᠳᠠ ᠰᠤᠷᠤᠯᠴᠠᠨ ᠲᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠦᠨᠳᠦᠰᠦᠨ ᠬᠠᠤᠯᠢ ᠶᠢᠨ | ᠡᠷᠬᠡ ᠰᠦᠷ ᠢ ᠬᠠᠮᠠᠭᠠᠯᠠᠬᠤ ᠶᠢᠨ ᠲᠦᠯᠦᠭᠡ᠂ 12 ᠰᠠᠷ᠎ᠠ ᠶᠢᠨ 1 ᠤ ᠡᠳᠦᠷ᠂ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠺᠠᠳ᠋ᠷ | ᠠᠵᠢᠯᠲᠠᠳ ᠢᠶᠠᠨ ᠢᠳᠡᠪᠬᠢᠲᠡᠢ ᠵᠣᠬᠢᠶᠠᠨ ᠪᠠᠶᠢᠭᠤᠯᠵᠤ᠂ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠨᠡᠶᠢᠭᠡᠮ ᠵᠢᠷᠤᠮ ᠤᠨ | ᠬᠠᠤᠯᠢ ᠪᠠᠷ ᠵᠠᠰᠠᠬᠤ ᠰᠣᠶᠣᠯ ᠢ ᠪᠦᠲᠦᠭᠡᠨ ᠪᠠᠶᠢᠭᠤᠯᠬᠤ︾ ᠵᠢᠴᠢ ᠰᠢᠨ᠎ᠡ ᠪᠠᠷᠭᠤ ᠪᠠᠷᠠᠭᠤᠨ ᠬᠤᠰᠢᠭᠤᠨ ᠤ 2023 ᠣᠨ ᠤ ︽ᠤᠯᠤᠰ ᠤᠨ ᠦᠨᠳᠦᠰᠦᠨ | ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | | | | ᠡᠬᠢᠯᠡᠯᠲᠡ ᠶᠢᠨ ᠶᠣᠰᠣᠯᠠᠯ ᠳᠤ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠱᠦᠵᠢ | ᠲᠢᠶᠠᠨ ᠹᠧᠩ ᠯᠢᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠳᠤ ᠪᠠᠶᠠᠷ ᠤᠨ ᠦᠭᠡ ᠬᠡᠯᠡᠵᠦ᠂ ᠪᠥᠬᠦ ᠬᠥᠮᠥᠰ ᠦᠨᠳᠦᠰᠦᠨ ᠬᠠᠤᠯᠢ ᠳᠤ ᠲᠠᠩᠭᠠᠷᠢᠭᠯᠠᠵᠤ᠂ | ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠠᠤᠯᠢ ᠪᠠᠷ | ᠵᠠᠰᠠᠬᠤ ᠤᠯᠠᠭᠠᠨᠮᠥ᠋ᠴᠢᠷ︾ ᠤᠨ ᠬᠠᠤᠯᠢ ᠲᠦᠭᠡᠮᠡᠯᠵᠢᠭᠦᠯᠵᠦ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ ᠰᠣᠨᠢᠷᠬᠠᠪᠠ᠃ ᠡᠬᠢᠯᠡᠯᠲᠡ ᠶᠢᠨ ᠶᠣᠰᠣᠯᠠᠯ ᠤᠨ | ᠳᠠᠷᠠᠭ᠎ᠠ᠂ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠳ ᠪᠥᠬᠦ ᠬᠤᠰᠢᠭᠤᠨ ᠤ ᠡᠯ᠎ᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠵᠡᠭᠡᠯᠢ ᠢᠶᠠᠷ ᠲᠣᠭᠤᠷᠢ᠊ | ᠤᠬᠠᠭᠤᠯᠬᠤ ᠠᠵᠢᠯᠯᠠᠭ᠎ᠠ ᠶᠢ ᠲᠦᠪᠯᠡᠷᠡᠩᠭᠦᠢ ᠥᠷᠨᠢᠭᠦᠯᠪᠡ᠃ | | | | ᠲᠠᠷᠠᠭᠠᠴᠢ ᠶᠢᠨ ᠠᠯᠬᠤᠮ ᠳᠤ᠂ ᠲᠣᠰ ᠲᠣᠪᠴᠢᠶ᠎ᠠ ︽ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ | ᠬᠠᠷᠢᠭᠤᠴᠠᠯᠭ᠎ᠠ ᠶᠢᠨ ᠳᠦᠷᠢᠮ ᠤᠨ ᠱᠠᠭᠠᠷᠳᠠᠯᠭ᠎ᠠ ᠶᠣᠰᠣᠭᠠᠷ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠤᠷᠤᠯᠴᠠᠯᠭ᠎ᠠ ᠪᠠ | ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ᠣᠯᠠᠨ ᠲᠦᠮᠡᠨ ᠳᠤ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ | ᠳᠡᠯᠭᠡᠷᠡᠭᠦᠯᠬᠦ ᠪᠠᠷ ᠳᠠᠮᠵᠢᠨ᠂ ᠣᠶ ᠰᠢᠭᠤᠢ ᠪᠠ ᠨᠤᠲᠤᠭ ᠪᠡᠯᠴᠢᠭᠡᠷ ᠤᠨ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠬᠠᠤᠯᠢ | ᠴᠠᠭᠠᠵᠠ ᠶᠢᠨ ᠵᠥᠪᠯᠡᠯᠭᠡ ᠥᠭᠬᠦ ᠠᠵᠢᠯ ᠢ ᠥᠷᠨᠢᠭᠦᠯᠵᠦ᠂ ᠥᠷᠭᠡᠨ ᠣᠯᠠᠨ ᠮᠠᠯᠴᠢᠨ ᠲᠦᠮᠡᠨ ᠤ ︽ᠦᠨᠳᠦᠰᠦᠨ ᠬᠠᠤᠯᠢ︾ ᠵᠢᠴᠢ ᠣᠶ ᠰᠢᠭᠤᠢ ᠨᠤᠲᠤᠭ | ᠪᠡᠯᠴᠢᠭᠡᠷ ᠲᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠣᠯᠠᠨ ᠤ ᠬᠠᠤᠯᠢ | ᠴᠠᠭᠠᠵᠠ ᠶᠢᠨ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠦᠨ᠂ ᠪᠥᠬᠦ ᠨᠡᠶᠢᠭᠡᠮ ᠳᠤ ᠬᠥᠮᠥᠨ ᠪᠣᠯᠭᠠᠨ ᠬᠠᠤᠯᠢ ᠴᠠᠭᠠᠵᠠ ᠶᠢ ᠡᠷᠬᠢᠮᠯᠡᠬᠦ᠂ ᠬᠠᠤᠯᠢ ᠴᠠᠭᠠᠵᠠ ᠶᠢ | ᠵᠢᠷᠤᠮᠯᠠᠬᠤ ᠪᠠ ᠬᠠᠤᠯᠢ ᠴᠠᠭᠠᠵᠠ ᠶᠢ ᠬᠠᠮᠠᠭᠠᠯᠠᠬᠤ ᠬᠠᠤᠯᠢ ᠪᠠᠷ ᠵᠠᠰᠠᠬᠤ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠬᠤᠰᠢᠭᠤᠨ ᠤ ᠣᠶ ᠰᠢᠭᠤᠢ ᠨᠤᠲᠤᠭ | ᠪᠡᠯᠴᠢᠭᠡᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | | |