ᠮᠠᠨ ᠤ ᠬᠤᠰᠢᠭᠤ ᠠᠵᠢᠯᠴᠢᠨ ᠤ ᠡᠪᠯᠡᠯ ᠤᠨ ᠺᠠᠳ᠋ᠷᠴᠤᠳ ᠤᠨ ᠲᠤᠬᠠᠶᠢᠯᠠᠭᠰᠠᠨ ᠠᠵᠢᠯ ᠤᠨ ᠬᠡᠪ ᠴᠢᠨᠠᠷ ᠤᠨ ᠬᠢᠷᠢ ᠲᠦᠪᠰᠢᠨ ᠢ ᠳᠡᠭᠡᠭᠰᠢᠯᠡᠭᠦᠯᠵᠦ ᠪᠦᠬᠦ ᠬᠤᠰᠢᠭᠤᠨ ᠤ ᠠᠵᠢᠯᠴᠢᠨ ᠤ ᠡᠪᠯᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠪᠠ
ᠨᠡᠶᠢᠲᠡᠯᠡᠭᠰᠡᠨ ᠴᠠᠭ᠄
2023/12/6
      ᠰᠢᠨ᠎ᠡ ᠪᠠᠶᠢᠳᠠᠯ ᠳᠠᠬᠢ ᠠᠵᠢᠯᠴᠢᠨ ᠤ ᠡᠪᠯᠡᠯ ᠤᠨ ᠠᠵᠤ ᠠᠬᠤᠢ ᠶᠢᠨ ᠬᠢᠨᠠᠯᠲᠠ ᠶᠢᠨ ᠠᠵᠢᠯ ᠤᠨ ᠬᠡᠷᠡᠭᠴᠡᠭᠡ ᠳᠤ ᠵᠣᠬᠢᠴᠠᠭᠤᠯᠤᠨ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠵᠠᠷᠤᠳᠠᠯ ᠤᠨ ᠣᠷᠣᠯᠭ᠎ᠠ ᠵᠠᠷᠤᠯᠭ᠎ᠠ ᠶᠢᠨ ᠳᠦᠷᠢᠮᠵᠢᠭᠦᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯᠴᠢᠨ ᠤ ᠡᠪᠯᠡᠯ ᠤᠨ ᠠᠵᠤ ᠠᠬᠤᠢ ᠶᠢᠨ ᠬᠢᠨᠠᠯᠲᠠ ᠶᠢᠨ ᠺᠠᠳ᠋ᠷᠴᠤᠳ ᠤᠨ ᠤᠯᠤᠰ ᠲᠦᠷᠦ ᠶᠢᠨ ᠤᠨᠤᠯ ᠪᠠ ᠲᠤᠬᠠᠶᠢᠯᠠᠭᠰᠠᠨ ᠠᠵᠢᠯ ᠤᠨ ᠬᠡᠪ ᠴᠢᠨᠠᠷ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠢᠯᠴᠢᠨ ᠤ ᠡᠪᠯᠡᠯ ᠤᠨ ᠭᠤᠣᠯ ᠠᠵᠢᠯ ᠤᠨ ᠶᠡᠭᠡ ᠲᠠᠯ᠎ᠠ ᠳᠤ ᠨᠡᠩ ᠰᠠᠶᠢᠨ ᠦᠢᠯᠡᠴᠢᠯᠡᠭᠦᠯᠬᠦ ᠶᠢᠨ ᠲᠦᠯᠦᠭᠡ᠂ 12 ᠰᠠᠷ᠎ᠠ ᠶᠢᠨ 5 ᠤ ᠡᠳᠦᠷ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠡᠳ᠋ ᠤᠨ ᠶᠠᠪᠤᠳᠠᠯ ᠠᠵᠤ ᠠᠬᠤᠢ ᠶᠢᠨ ᠬᠢᠨᠠᠯᠲᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠵᠦ᠂ ᠪᠥᠬᠦ ᠬᠤᠰᠢᠭᠤᠨ ᠤ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠲᠡᠷᠢᠭᠦᠯᠡᠭᠴᠢ᠂ ᠠᠵᠤ ᠠᠬᠤᠢ ᠶᠢᠨ ᠬᠢᠨᠠᠯᠲᠠ ᠶᠢᠨ ᠭᠡᠰᠢᠭᠦᠨ᠂ ᠠᠵᠢᠯᠴᠢᠨ ᠤ ᠡᠪᠯᠡᠯ ᠤᠨ ᠡᠳ᠋ ᠤᠨ ᠶᠠᠪᠤᠳᠠᠯ ᠤᠨ ᠠᠵᠢᠯᠲᠠᠨ ᠨᠡᠶᠢᠲᠡ 160 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠪᠠ᠃
12.6工会1.jpg
      ᠪᠣᠯᠪᠠᠰᠤᠷᠠᠯ ᠳᠤ᠂ ᠬᠥᠯᠥᠨ ᠪᠤᠶᠢᠷ ᠬᠤᠲᠠ ᠶᠢᠨ ᠠᠵᠢᠯᠲᠠᠨ ᠠᠵᠢᠯᠴᠢᠨ ᠤ ᠦᠢᠯᠡᠴᠢᠯᠡᠭᠡᠨ ᠤ ᠲᠥᠪ ︵ᠬᠤᠲᠠ ᠶᠢᠨ ᠠᠵᠢᠯᠴᠢᠨ ᠤ ᠡᠪᠯᠡᠯ ᠤᠨ ᠺᠠᠳ᠋ᠷ ᠤᠨ ᠰᠤᠷᠭᠠᠭᠤᠯᠢ︶ ᠤᠨ ᠳᠡᠭᠡᠳᠦ ᠵᠡᠷᠭᠡ ᠶᠢᠨ ᠯᠧᠺᠲ᠋ᠣᠷ ᠵᠠᠩ ᠵᠢᠩ ᠡᠾᠦ᠋ᠢ ᠨᠥᠬᠦᠷ ᠢ ᠤᠷᠢᠵᠤ ᠬᠢᠴᠢᠶᠡᠯ ᠣᠷᠣᠭᠤᠯᠵᠤ᠂ ᠠᠵᠢᠯᠴᠢᠨ ᠤ ᠡᠪᠯᠡᠯ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ᠂ ᠵᠣᠬᠢᠶᠠᠨ ᠪᠠᠶᠢᠭᠤᠯᠤᠯᠲᠠ ᠶᠢᠨ ᠳᠣᠲᠣᠭᠠᠳᠤ ᠶᠢᠨ ᠳᠦᠷᠢᠮ ᠤᠨ ᠪᠠᠶᠢᠭᠤᠯᠤᠯᠲᠠ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠵᠠᠷᠤᠳᠠᠯ ᠢ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠭᠤᠣᠯᠳᠠᠯᠭ᠎ᠠ ᠵᠢᠴᠢ ᠱᠠᠭᠠᠷᠳᠠᠯᠭ᠎ᠠ᠂ ᠬᠢᠨᠠᠨ ᠪᠤᠳᠤᠭᠰᠠᠨ ᠬᠡᠷᠡᠭ ᠤᠨ ᠵᠢᠱᠢᠶ᠎ᠡ ᠪᠠ ᠪᠠᠶᠢᠩᠭᠤ ᠲᠣᠬᠢᠶᠠᠯᠳᠤᠬᠤ ᠠᠰᠠᠭᠤᠳᠠᠯ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠵᠠᠷᠤᠳᠠᠯ ᠢ ᠬᠢᠨᠠᠨ ᠪᠠᠶᠢᠴᠠᠭᠠᠵᠤ ᠬᠢᠨᠠᠨ ᠪᠤᠳᠤᠬᠤ ᠶᠢ ᠳᠦᠷᠢᠮᠵᠢᠭᠦᠯᠬᠦ ᠪᠠᠶᠢᠭᠤᠯᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ ᠨᠠᠷᠢᠯᠢᠭ ᠲᠠᠶᠢᠯᠤᠮᠵᠢ ᠬᠢᠪᠡ᠃       ᠪᠣᠯᠪᠠᠰᠤᠷᠠᠯ ᠠᠴᠠ᠂ ᠲᠣᠰ ᠤᠳᠠᠭᠠᠨ ᠤ ᠠᠵᠠ ᠲᠣᠬᠢᠶᠠᠯ ᠢ ᠨᠠᠨᠳᠢᠩᠨᠠᠨ᠂ ᠪᠣᠯᠪᠠᠰᠤᠷᠠᠯ ᠤᠨ ᠠᠭᠤᠯᠭ᠎ᠠ ᠶᠢ ᠰᠠᠶᠢᠲᠤᠷ ᠣᠶᠢᠯᠠᠭᠠᠨ᠂ ᠰᠠᠶᠢᠲᠤᠷ ᠡᠵᠡᠮᠰᠢᠵᠦ᠂ ᠦᠵᠡᠯ ᠰᠠᠨᠠᠭ᠎ᠠ ᠲᠠᠨᠢᠯᠲᠠ ᠪᠠ ᠠᠵᠢᠯ ᠤᠨ ᠦᠢᠯᠡᠳᠦᠯᠭᠡ ᠶᠢᠨ ᠲᠠᠯ᠎ᠠ ᠪᠠᠷ ᠰᠢᠨ᠎ᠡ ᠳᠡᠭᠡᠭᠰᠢᠯᠡᠯᠲᠡ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ︔ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠠᠵᠢᠯᠴᠢᠨ ᠤ ᠡᠪᠯᠡᠯ ᠤᠨ ᠵᠠᠷᠤᠳᠠᠯ ᠢ ᠤᠯᠠᠮ ᠴᠢᠨᠠᠭᠰᠢᠳᠠ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠠᠵᠢᠯᠴᠢᠨ ᠤ ᠡᠪᠯᠡᠯ ᠤᠨ ᠵᠠᠷᠤᠳᠠᠯ ᠢ ᠬᠡᠷᠡᠭᠯᠡᠬᠦ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ︔ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ᠂ ᠠᠵᠢᠯᠴᠢᠨ ᠤ ᠡᠪᠯᠡᠯ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠬᠡᠪᠴᠢᠶᠡᠨ ᠳᠠᠬᠢ ᠠᠵᠢᠯᠴᠢᠨ ᠤ ᠡᠪᠯᠡᠯ ᠤᠨ ᠡᠳ᠋ ᠤᠨ ᠶᠠᠪᠤᠳᠠᠯ ᠠᠵᠤ ᠠᠬᠤᠢ ᠶᠢᠨ ᠬᠢᠨᠠᠨ ᠪᠠᠶᠢᠴᠠᠭᠠᠬᠤ ᠠᠵᠢᠯ ᠤᠨ ᠰᠢᠨ᠎ᠡ ᠪᠠᠶᠢᠳᠠᠯ ᠢ ᠨᠡᠭᠡᠭᠡᠵᠦ᠂ ᠪᠥᠬᠦ ᠬᠤᠰᠢᠭᠤᠨ ᠤ ᠠᠵᠢᠯᠴᠢᠨ ᠤ ᠡᠪᠯᠡᠯ ᠤᠨ ᠠᠵᠢᠯ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
12.6工会3.jpg
      ᠬᠤᠶᠢᠰᠢᠳᠠ ᠶᠢᠨ ᠠᠵᠢᠯ ᠳᠤᠮᠳᠠ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠵᠢᠯᠴᠢᠨ ᠤ ᠡᠪᠯᠡᠯ ᠤᠨ ᠬᠢᠨᠠᠨ ᠪᠤᠳᠤᠬᠤ ᠠᠵᠢᠯ ᠢ ᠰᠠᠶᠢᠲᠤᠷ ᠬᠢᠬᠦ ᠰᠠᠨᠠᠭᠠᠴᠢᠯᠠᠭᠠᠲᠤ ᠴᠢᠨᠠᠷ ᠪᠠ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠠᠵᠤ ᠠᠬᠤᠢ ᠶᠢᠨ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠲᠠᠯᠪᠢᠬᠤ᠂ ᠦᠢᠯᠡᠴᠢᠯᠡᠬᠦ ᠪᠠ ᠪᠠᠲᠤᠯᠠᠬᠤ ᠴᠢᠳᠠᠪᠤᠷᠢ ᠶᠢ ᠦᠨᠡᠨᠬᠦ ᠪᠠᠳᠠᠷᠠᠭᠤᠯᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠢᠯᠴᠢᠨ ᠤ ᠡᠪᠯᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠴᠢᠷᠮᠠᠶᠢᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ