ᠮᠠᠨ ᠤ ᠣᠷᠣᠨ 2023 ᠣᠨ ᠤ ᠲᠠᠪᠤᠳᠤᠭᠠᠷ ᠬᠤᠭᠤᠴᠠᠭᠠᠨ ᠤ ᠴᠠᠭ ᠤᠨ ᠪᠠᠶᠢᠳᠠᠯ ᠲᠥᠷᠥ ᠶᠢᠨ ᠪᠣᠳᠣᠯᠭ᠎ᠠ ᠶᠢᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/6
      12 ᠳ᠋ᠤᠭᠠᠷ ᠰᠠᠷ᠎ᠠ ᠶᠢᠨ 1 ᠤ ᠡᠳᠦᠷ᠂ ᠮᠠᠨ ᠤ ᠣᠷᠣᠨ 2023 ᠣᠨ ᠤ ᠲᠠᠪᠤᠳᠤᠭᠠᠷ ᠬᠤᠭᠤᠴᠠᠭᠠᠨ ᠤ ᠴᠠᠭ ᠤᠨ ᠪᠠᠶᠢᠳᠠᠯ ᠲᠥᠷᠥ ᠶᠢᠨ ᠪᠣᠳᠣᠯᠭ᠎ᠠ ᠶᠢᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ᠃      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠵᠠᠩ ᠶᠦᠩ ᠵᠢᠶᠦ᠋ᠨ ᠬᠡᠷᠬᠢᠨ ᠦᠵᠡᠬᠦ᠂ ᠬᠡᠷᠬᠢᠨ ᠬᠢᠬᠦ ᠬᠤᠶᠠᠷ ᠲᠠᠯ᠎ᠠ ᠠᠴᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠲᠣᠭᠲᠠᠭᠠᠵᠤ ᠨᠡᠶᠢᠲᠡᠯᠡᠭᠰᠡᠨ ᠴᠠᠭ ᠦᠶ᠎ᠡ ᠶᠢᠨ ᠠᠬᠤᠢ ᠪᠠᠶᠢᠳᠠᠯ᠂ ᠴᠢᠬᠤᠯᠠ ᠶᠡᠭᠡ ᠠᠴᠢ ᠬᠤᠯᠪᠣᠭᠳᠠᠯ᠂ ᠭᠤᠣᠯᠳᠠᠯᠭ᠎ᠠ ᠲᠠᠢ ᠡᠭᠦᠷᠭᠡ ᠵᠡᠷᠭᠡ ᠠᠭᠤᠯᠭ᠎ᠠ ᠨᠤᠭᠤᠳ ᠲᠤ ᠭᠦᠨᠵᠡᠭᠡᠢ ᠲᠠᠶᠢᠯᠤᠮᠵᠢ ᠬᠢᠵᠡᠢ᠃ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠴᠠᠭ ᠤᠨ ᠪᠠᠶᠢᠳᠠᠯ ᠢ ᠭᠦᠨᠵᠡᠭᠡᠢ ᠪᠥᠭᠡᠳ ᠲᠤᠭᠤᠷᠠᠲᠠᠯ᠎ᠠ ᠵᠠᠳᠠᠯᠤᠭᠠᠳ᠂ ᠠᠵᠢᠯ ᠢ ᠪᠥᠬᠦ ᠲᠠᠯ᠎ᠠ ᠪᠠᠷ ᠰᠢᠰᠲ᠋ᠧᠮ ᠲᠠᠢ ᠡᠮᠬᠢᠯᠡᠨ ᠲᠢᠭᠯᠡᠵᠦ᠂ ᠬᠤᠷᠠᠯ ᠳᠤ ᠣᠷᠣᠯᠴᠠᠭᠰᠠᠳ ᠢ ᠬᠠᠪᠰᠤᠷᠤᠨ ᠬᠠᠷᠠᠭ᠎ᠠ ᠶᠢ ᠨᠢ ᠲᠡᠯᠡᠵᠦ᠂ ᠰᠡᠳᠬᠢᠬᠦᠢ ᠶᠢ ᠨᠢ ᠰᠡᠩᠬᠡᠷᠡᠭᠦᠯᠦᠭᠰᠡᠨ ᠪᠥᠭᠡᠳ ᠣᠯᠠᠨ ᠤ ᠠᠵᠢᠯ ᠢᠶᠠᠨ ᠠᠬᠢᠭᠤᠯᠬᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠳᠤ ᠨᠢ ᠠᠷᠭ᠎ᠠ ᠪᠠ ᠵᠠᠮ ᠢ ᠲᠣᠳᠣᠷᠬᠠᠢ ᠵᠢᠭᠠᠵᠤ ᠥᠭᠭᠦᠭᠰᠡᠨ ᠪᠠᠶᠢᠨ᠎ᠠ᠃      ᠮᠡᠳᠡᠭᠦᠯᠦᠯᠲᠡ ᠶᠢ ᠰᠣᠨᠣᠰᠤᠭᠰᠠᠨ ᠤ ᠲᠠᠷᠠᠭ᠎ᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ ᠶᠢ ᠵᠢᠷᠦᠬᠡᠨ ᠠᠴᠠ ᠪᠠᠨ ᠮᠡᠳᠡᠷᠡᠵᠦ᠂ ︽ᠰᠠᠨᠠᠯ︾ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠪᠦᠬᠦ ᠲᠠᠯ᠎ᠠ ᠪᠠᠷ ᠡᠵᠡᠮᠰᠢᠵᠦ᠂ ᠣᠷᠭᠢᠯᠤᠭᠤᠨ ᠬᠠᠯᠠᠭᠤᠨ ᠠᠴᠢᠯᠠᠬᠤ ᠰᠡᠳᠬᠢᠯᠭᠡ ᠪᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠤᠨ᠎ᠠ᠃ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠵᠤ᠂ ᠬᠦᠴᠦᠯᠡᠨ ᠴᠢᠷᠮᠠᠶᠢᠵᠤ ᠶᠡᠭᠡ ᠶᠢ ᠪᠦᠲᠦᠭᠡᠬᠦ ᠴᠤᠭ ᠵᠣᠯᠪᠤᠭ᠎ᠠ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ ᠤᠬᠠᠮᠰᠠᠷ ᠢᠶᠠᠷ ︽ᠰᠠᠨᠠᠯ︾ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠤᠯᠠᠨ ᠢᠶᠠᠷ ᠢᠶᠠᠨ ᠢᠯᠡᠳᠬᠡᠵᠡᠭᠡᠪᠡ᠃      ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠬᠥᠬᠡᠬᠤᠲᠠ ᠳᠤ ᠰᠠᠭᠤᠭ᠎ᠠ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠺᠠᠳ᠋ᠷᠴᠤᠳ ᠬᠢᠭᠡᠳ ᠪᠠᠭᠰᠢ ᠰᠤᠷᠤᠭᠴᠢᠳ᠂ ᠠᠵᠢᠯᠲᠠᠨ ᠠᠵᠢᠯᠴᠢᠨ ᠤ ᠲᠥᠯᠥᠭᠡᠯᠡᠭᠴᠢᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠲᠥᠯᠥᠭᠡᠯᠡᠭᠴᠢᠳ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠥᠬᠦ ᠺᠠᠳ᠋ᠷᠴᠤᠳ ᠭᠤᠣᠯ ᠬᠤᠷᠠᠯ ᠤᠨ ᠲᠠᠯᠠᠪᠠᠶ ᠶᠢᠨ ᠬᠤᠷᠠᠯ ᠳᠤ ᠣᠷᠣᠯᠴᠠᠪᠠ᠃ ᠬᠤᠷᠠᠯ ᠢ ᠸᠢᠳᠢᠤ᠋ ᠬᠡᠯᠪᠡᠷᠢ ᠪᠠᠷ ᠡᠯ᠎ᠡ ᠠᠶᠢᠮᠠᠭ ᠬᠤᠳᠠ ᠬᠦᠷᠲᠡᠯ᠎ᠡ ᠶᠠᠪᠤᠭᠳᠠᠭᠤᠯᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ