12 ᠰᠠᠷ᠎ᠠ ᠶᠢᠨ 3 ᠤ ᠡᠳᠦᠷ᠂ ᠳᠤᠮᠳᠠᠳᠤ ᠤᠯᠤᠰ ᠤᠨ ᠵᠠᠯᠠᠭᠤ ᠠᠵᠤ ᠠᠬᠤᠶᠢᠯᠠᠯᠲᠠᠨ ᠤ ᠨᠡᠶᠢᠭᠡᠮᠯᠢᠭ᠂ ᠥᠪᠥᠷ ᠮᠣᠩᠭᠤᠯ ᠤᠨ ᠡᠪᠯᠡᠯ ᠤᠨ ᠬᠤᠷᠢᠶ᠎ᠠ ᠵᠡᠷᠭᠡ | ᠨᠢᠭᠡᠴᠢ ᠠᠴᠠ ᠭᠤᠣᠯᠯᠠᠨ ᠡᠷᠬᠢᠯᠡᠭᠰᠡᠨ ︽ᠭᠠᠯ ᠵᠠᠯᠠᠭᠤ ᠨᠠᠰᠤᠨ ᠳᠠᠭᠠᠨ ᠭᠠᠪᠢᠶ᠎ᠠ ᠪᠠᠶᠢᠭᠤᠯᠤᠨ ᠬᠤᠶᠠᠷ ᠶᠡᠭᠡ ᠶᠠᠪᠤᠳᠠᠯ ᠳᠤ ᠬᠦᠴᠦᠨ ᠢᠶᠠᠨ ᠲᠥᠪᠯᠡᠷᠡᠭᠦᠯᠵᠦ | ᠡᠷᠡᠯᠬᠡᠭᠯᠡᠨ ᠴᠢᠷᠮᠠᠶᠢᠵᠤ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠪᠠᠨ ᠪᠦᠲᠦᠭᠡᠨ ᠪᠠᠶᠢᠭᠤᠯᠤᠶ᠎ᠠ︾ ᠭᠡᠬᠦ ᠵᠠᠯᠠᠭᠤ ᠠᠵᠤ ᠠᠬᠤᠶᠢᠯᠠᠯᠲᠠᠨ ᠠᠴᠠ ᠥᠪᠥᠷ | ᠮᠣᠩᠭᠤᠯ ᠤᠨ ᠴᠢᠨᠠᠷ ᠰᠠᠶᠢᠲᠠᠢ ᠬᠦᠭᠵᠢᠯᠲᠡ ᠳᠤ ᠬᠦᠴᠦᠨ ᠨᠡᠮᠡᠷᠢᠯᠡᠬᠦ ᠶᠡᠭᠡ ᠬᠤᠷᠠᠯ ᠬᠥᠬᠡᠬᠤᠲᠠ ᠳᠤ ᠬᠤᠷᠠᠯᠳᠤᠵᠤ᠂ 14 ᠮᠤᠵᠢ ᠬᠤᠲᠠ ᠣᠷᠣᠨ ᠤ ᠵᠠᠭᠤ ᠭᠠᠷᠤᠢ | ᠵᠠᠯᠠᠭᠤ ᠠᠵᠤ ᠠᠬᠤᠶᠢᠯᠠᠯᠲᠠᠨ ᠤ ᠲᠥᠯᠥᠭᠡᠯᠡᠭᠴᠢ ᠲᠤᠬᠠᠢ ᠶᠢᠨ ᠲᠠᠯᠠᠪᠠᠢ ᠳᠤ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠤ ᠰᠢᠶᠠᠨ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ | ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠬᠡᠬᠤᠲᠠ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠶᠢ | ᠤᠬᠠᠭᠤᠯᠤᠨ ᠲᠠᠨᠢᠯᠴᠠᠭᠤᠯᠵᠤ᠂ ᠪᠦᠬᠦ ᠣᠷᠣᠨ ᠤ ᠵᠠᠯᠠᠭᠤ ᠠᠵᠤ ᠠᠬᠤᠶᠢᠯᠠᠯᠲᠠᠨ ᠤ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ ᠶᠢ ᠪᠠᠶᠠᠷᠯᠠᠨ ᠤᠭᠲᠤᠪᠠ᠃ | ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ᠂ ᠥᠪᠥᠷ ᠮᠣᠩᠭᠤᠯ ᠤᠨ ᠪᠠᠩᠬᠢ᠂ ᠥᠪᠥᠷ ᠮᠣᠩᠭᠤᠯ ᠤᠨ ᠵᠠᠯᠠᠭᠤ ᠠᠵᠤ ᠠᠬᠤᠶᠢᠯᠠᠯᠲᠠᠨ ᠤ ᠨᠡᠶᠢᠭᠡᠮᠯᠢᠭ ᠠᠴᠠ | 50 ᠳ᠋ᠦᠩᠰᠢᠭᠤᠷ ᠲᠥᠭᠦᠷᠢᠭ ᠤᠨ ᠮᠥᠩᠭᠦᠨ ᠭᠦᠢᠯᠭᠡᠭᠡᠨ ᠤ ᠢᠲᠡᠭᠡᠮᠵᠢ ᠣᠯᠭᠤᠬᠤ ᠵᠥᠪᠯᠡᠯᠴᠡᠭᠡᠷ ᠲᠤ ᠭᠠᠷ ᠤᠨ ᠦᠰᠦᠭ ᠵᠢᠷᠤᠵᠤ᠂ ᠵᠠᠯᠠᠭᠤᠴᠤᠳ ᠠᠴᠠ | ᠮᠥᠩᠭᠦᠨ ᠭᠦᠢᠯᠭᠡᠭᠡᠨ ᠤ ᠰᠦᠯᠵᠢᠶᠡᠨ ᠤ ᠴᠡᠭ ︽ᠵᠠᠯᠠᠭᠤ ᠠᠵᠤ ᠠᠬᠤᠶᠢᠯᠠᠯᠲᠠᠨ ᠤ ᠨᠡᠶᠢᠭᠡᠮᠯᠢᠭ ᠤᠨ ᠭᠡᠷ︾ ᠢ ᠬᠠᠮᠲᠤ ᠪᠠᠷ ᠪᠠᠶᠢᠭᠤᠯᠬᠤ ᠵᠡᠷᠭᠡ 5 ᠲᠠᠯ᠎ᠠ ᠠᠴᠠ | ᠠᠵᠤ ᠠᠬᠤᠶᠢᠯᠠᠯ ᠳᠤ ᠬᠦᠴᠦᠨ ᠨᠡᠮᠡᠷᠢᠯᠡᠪᠡ᠃ | | | |