ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠥᠬᠡᠬᠤᠲᠠ ᠲᠠᠢ ᠬᠠᠮᠲᠤ ᠪᠠᠷ ︽ᠣᠷᠣᠨ ᠪᠦᠰᠡ ᠶᠢᠨ ᠰᠤᠷᠭᠠᠨ ᠬᠥᠮᠦᠵᠢᠯ ᠤᠨ ᠲᠥᠪ︾᠎ ᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2023/12/8
      12 ᠳ᠋ᠤᠭᠠᠷ ᠰᠠᠷ᠎ᠠ ᠶᠢᠨ 6᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ︽ᠣᠷᠣᠨ ᠪᠦᠰᠡ ᠶᠢᠨ ᠰᠤᠷᠭᠠᠨ ᠬᠥᠮᠦᠵᠢᠯ ᠤᠨ ᠲᠥᠪ︾᠎ ᠢ ᠬᠠᠮᠲᠤ ᠪᠠᠷ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠤ ᠭᠠᠷ ᠤᠨ ᠥᠰᠥᠭ ᠵᠢᠷᠤᠵᠤ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠥᠬᠦ ᠣᠷᠣᠨ ᠢ ᠳᠠᠶᠢᠴᠢᠯᠠᠨ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠪᠠᠷ ᠪᠣᠢ᠃      ᠥᠪᠡᠷᠲᠡᠭᠡᠨ ᠵᠠᠰᠠᠬᠤ ᠣᠷᠣᠨ ᠤ ᠲᠥᠪ ᠪᠣᠯᠤᠭᠰᠠᠨ ᠤ ᠬᠤᠪᠢ ᠳᠤ᠂ ᠣᠶᠢᠷ᠎ᠠ ᠶᠢᠨ ᠵᠢᠯ ᠤᠳ ᠲᠤ᠂ ᠬᠥᠬᠡᠬᠤᠲᠠ ᠰᠤᠷᠭᠠᠭᠤᠯᠢ ᠶᠢᠨ ᠪᠠᠶᠢᠷᠢᠰᠢᠯ ᠢ ᠰᠢᠯᠢᠳᠡᠭᠵᠢᠭᠦᠯᠬᠦ᠂ ︽ᠪᠠᠭᠰᠢ ᠶᠢ ᠬᠦᠴᠦᠷᠬᠡᠭᠵᠢᠭᠦᠯᠬᠦ ᠲᠥᠯᠥᠪᠯᠡᠭᠡ︾᠎ ᠶᠢ ᠬᠡᠷᠡᠭᠵᠢᠭᠦᠯᠬᠦ᠂ ᠰᠤᠷᠭᠠᠭᠤᠯᠢ ᠶᠢᠨ ᠵᠠᠬᠢᠷᠤᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠵᠢᠭᠠᠨ ᠰᠤᠳᠤᠯᠬᠤ ᠥᠭᠡᠷᠡᠴᠢᠯᠡᠯᠲᠡ ᠶᠢ ᠴᠢᠩᠭᠠᠳᠬᠠᠬᠤ ᠵᠡᠷᠭᠡ ᠲᠠᠯ᠎ᠠ ᠪᠠᠷ ᠪᠠᠶᠠᠷᠯᠠᠭᠤᠰᠢᠲᠠᠢ ᠠᠮᠵᠢᠯᠲᠠ ᠣᠯᠵᠤ᠂ ᠬᠥᠬᠡᠬᠤᠲᠠ ᠶᠢᠨ ᠲᠡᠷᠢᠭᠦᠨ ᠪᠠᠶᠢᠷᠢ ᠶᠢ ᠦᠨᠡᠨ ᠬᠦ ᠳᠡᠭᠡᠭᠰᠢᠯᠡᠭᠦᠯᠪᠡ᠃ ᠡᠨᠡ ᠤᠳᠠᠭ᠎ᠠ ᠬᠠᠮᠲᠤ ᠪᠠᠷ ᠪᠠᠶᠢᠭᠤᠯᠬᠤ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠭᠰᠠᠨ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠢᠨ᠎ᠡ ᠶᠢ ᠡᠭᠦᠳᠬᠦ ᠦᠢᠯᠡᠳᠦᠯᠭᠡ ᠶᠢ ᠨᠠᠶᠢᠳᠠᠪᠤᠷᠢᠵᠢᠭᠤᠯᠤᠭᠰᠠᠨ ᠶᠠᠪᠤᠳᠠᠯ ᠪᠣᠯᠣᠨ᠎ᠠ᠃ ᠬᠡᠯᠡᠯᠴᠡᠭᠡᠷ ᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠥᠯᠥᠪᠯᠡᠭᠡ᠂ ᠲᠥᠷᠥ ᠶᠢᠨ ᠪᠣᠳᠣᠯᠭ᠎ᠠ᠂ ᠲᠥᠰᠥᠯ ᠤᠨ ᠲᠠᠯ᠎ᠠ ᠪᠠᠷ ᠬᠥᠬᠡᠬᠤᠲᠠ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢ ᠴᠢᠨᠠᠭᠰᠢᠳᠠ ᠨᠡᠩ ᠬᠦᠴᠦᠲᠡᠢ ᠳᠡᠮᠵᠢᠵᠦ᠂ ᠬᠤᠶᠠᠷ ᠲᠠᠯ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯᠯᠠᠵᠤ᠂ ᠶᠣᠰᠣ ᠰᠤᠷᠲᠠᠬᠤᠨ ᠢ ᠪᠤᠶ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ᠂ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠢᠯᠡᠰ ᠴᠣᠭᠴᠠᠯᠠᠬᠤ ᠶᠢ ᠠᠬᠢᠭᠤᠯᠬᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ ᠶᠢ ᠠᠬᠢᠭᠤᠯᠬᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠬᠤ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠠᠬᠢᠭᠤᠯᠬᠤ᠂ ᠣᠷᠣᠨ ᠤ ᠲᠥᠪ ᠤᠨ ᠰᠤᠷᠭᠠᠨ ᠬᠥᠮᠦᠵᠢᠯ ᠤᠨ ᠲᠣᠭᠠᠵᠢᠭᠤᠯᠬᠤ ᠶᠢ ᠠᠬᠢᠭᠤᠯᠬᠤ᠂ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠬᠤ᠂ ᠶᠡᠭᠡ ᠳᠡᠭᠡᠳᠦ ᠰᠤᠷᠭᠠᠭᠤᠯᠢ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠥᠪᠥᠷ ᠮᠣᠩᠭᠤᠯ ᠤᠨ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠤᠨ ᠬᠥᠬᠡᠬᠤᠲᠠ ᠳᠠᠬᠢ ᠬᠤᠪᠢᠶᠠᠷᠢ ᠬᠦᠷᠢᠶᠡᠯᠡᠩ ᠢ ᠡᠭᠦᠳᠦᠨ ᠪᠠᠶᠢᠭᠤᠯᠬᠤ ᠵᠡᠷᠭᠡ ᠲᠠᠯ᠎ᠠ ᠶᠢᠨ ᠲᠣᠭᠤᠷᠢᠨ ᠳᠤ ᠪᠥᠬᠦ ᠲᠠᠯ᠎ᠠ ᠪᠠᠷ ᠬᠠᠮᠲᠤᠷᠠᠯᠴᠠᠭ᠎ᠠ ᠪᠠᠨ ᠴᠢᠩᠭᠠᠳᠬᠠᠨ᠎ᠠ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ