ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ 50 ᠳ᠋ᠤᠭᠠᠷ ᠤᠳᠠᠭ᠎ᠠ ᠶᠢᠨ ᠪᠠᠶᠢᠩᠭᠤ ᠶᠢᠨ ᠭᠡᠰᠢᠭᠦᠳ ᠤᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/1
       1 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠪᠥᠬᠡᠪᠠᠶᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 50 ᠳ᠋ᠤᠭᠠᠷ ᠤᠳᠠᠭ᠎ᠠ ᠶᠢᠨ ᠪᠠᠶᠢᠩᠭᠤ ᠶᠢᠨ ᠭᠡᠰᠢᠭᠦᠳ ᠤᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠷᠢᠮᠵᠢᠶ᠎ᠠ ᠬᠦᠰᠦᠨᠦᠭᠲᠦ ᠳᠡᠭᠡᠷᠡᠬᠢ ᠭᠤᠷᠪᠠᠨ ᠱᠠᠲᠤ ᠪᠠ ᠬᠤᠰᠢᠭᠤᠨ ᠤ ᠲᠣᠰ ᠱᠠᠲᠤᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠠᠵᠢᠯ ᠤᠨ ᠡᠭᠦᠷᠭᠡ ᠳᠤ ᠴᠢᠭᠯᠡᠭᠦᠯᠦᠨ᠂ ᠪᠥᠬᠦ ᠵᠢᠯ ᠤᠨ ᠭᠤᠣᠯᠳᠠᠯᠭ᠎ᠠ ᠲᠠᠢ ᠰᠢᠪᠲᠤᠯᠤᠯᠲᠠ ᠶᠢᠨ ᠡᠭᠦᠷᠭᠡ ᠶᠢᠨ ︽ᠳᠣᠬᠢᠶᠠᠨ ᠤ ᠫᠤᠤ︾ ᠶᠢ ᠬᠠᠩᠭᠢᠨᠠᠭᠤᠯᠵᠤ᠂ ᠺᠠᠳ᠋ᠷ᠂ ᠣᠷᠣᠨ ᠨᠤᠲᠤᠭ᠂ ᠠᠵᠤ ᠠᠬᠤᠶᠢᠯᠠᠯ ᠪᠠ ᠣᠯᠠᠨ ᠲᠦᠮᠡᠨ ᠤ ᠪᠡᠶ᠎ᠡ ᠳᠡᠭᠡᠷ᠎ᠡ ᠬᠠᠳᠠᠭᠠᠯᠠᠭᠳᠠᠵᠤ ᠪᠠᠶᠢᠭ᠎ᠠ ᠠᠵᠢᠯ ᠬᠢᠵᠦ ᠦᠢᠯᠡᠰ ᠴᠣᠭᠴᠠᠯᠠᠬᠤ ᠣᠷᠭᠢᠯᠤᠮ᠎ᠠ ᠰᠡᠳᠬᠢᠯᠭᠡ ᠶᠢ ᠭᠦᠢᠴᠡᠳ ᠠᠭᠤᠳᠠᠯᠵᠤ ᠂ ᠠᠵᠤ ᠠᠬᠤᠢ᠂ ᠨᠡᠮᠡᠭᠳᠡᠯ᠂ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠴᠢᠷᠮᠠᠶᠢᠨ ᠲᠡᠮᠡᠴᠡᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠨᠡᠮᠡᠭᠳᠡᠯ ᠤᠨ ᠲᠤᠶᠢᠯ ᠢ ᠲᠦᠷᠭᠡᠨ ᠪᠣᠶ ᠪᠣᠯᠭᠠᠬᠤ ᠶᠢ ᠠᠬᠢᠭᠤᠯᠪᠠ᠃ ᠴᠠᠩ ᠴᠢᠩ᠂ ᠯᠢ ᠭᠤᠸᠠᠩ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ︔ ᠬᠤᠰᠢᠭᠤᠨ ᠤ ᠤᠯᠤᠰ ᠲᠦᠷᠥ ᠶᠢᠨ ᠵᠥᠪᠯᠡᠯᠭᠡᠨ ᠤ ᠲᠡᠷᠢᠭᠦᠯᠡᠭᠴᠢ ᠳᠠᠰᠢᠵᠠᠮᠰᠤ ᠨᠠᠷ ᠰᠤᠯᠠ ᠣᠷᠣᠯᠴᠠᠪᠠ᠃        ᠬᠤᠷᠠᠯ ᠠᠴᠠ ᠰᠦᠨ ᠱᠤᠤ ᠴᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠦᠬᠦᠳᠠ ᠬᠤᠷᠠᠯ ᠤᠨ ᠬᠤᠶᠠᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠭᠤᠤ ᠷᠦᠨ ᠰᠢ ᠱᠦᠵᠢ ᠶᠢᠨ ᠬᠤᠳᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠪᠦᠬᠦᠳᠠ ᠬᠤᠷᠠᠯ ᠤᠨ ᠬᠤᠶᠠᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠢᠴᠢ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ 55 ᠳ᠋ᠤᠭᠠᠷ ᠤᠳᠠᠭ᠎ᠠ ᠶᠢᠨ ᠪᠠᠶᠢᠩᠭᠤ ᠶᠢᠨ ᠭᠡᠰᠢᠭᠦᠳ ᠤᠨ ᠥᠷᠭᠡᠳᠬᠡᠭᠰᠡᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃        ᠪᠥᠬᠡᠪᠠᠶᠠᠷ ᠵᠢᠭᠠᠵᠤ ᠭᠠᠷᠭᠠᠬᠤ ᠳᠠᠭᠠᠨ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠡᠬᠢᠯᠡᠯᠲᠡ ᠶᠢᠨ ᠵᠢᠯ ᠪᠣᠯᠣᠨ᠎ᠠ᠂ ᠪᠦᠭᠦ ᠬᠤᠰᠢᠭᠤ ᠪᠠᠷ ᠢᠶᠠᠨ ᠠᠵᠠ ᠲᠣᠬᠢᠶᠠᠯ ᠢ ᠨᠠᠨᠳᠢᠩᠨᠠᠵᠤ᠂ ᠡᠷᠡᠯᠬᠡᠭᠯᠡᠨ ᠤᠷᠤᠭᠰᠢᠯᠠᠵᠤ᠂ ᠡᠬᠢᠯᠡᠯᠲᠡ ᠶᠢᠨ ᠦᠶ᠎ᠡ ᠳᠡᠭᠡᠨ ᠬᠥᠭᠵᠢᠯᠲᠡ ᠶᠢᠨ ᠡᠷᠴᠢᠯᠡᠭᠦᠷ ᠢ ᠴᠢᠩᠭ᠎ᠠ ᠠᠳᠬᠤᠵᠤ᠂ ᠨᠠᠩ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠳᠠᠮᠵᠢᠨ᠂ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠪᠠᠭ᠎ᠠ ᠪᠠᠭ᠎ᠠ ᠪᠠᠷ ᠴᠢᠷᠮᠠᠶᠢᠨ ᠪᠡᠶᠡᠯᠡᠭᠦᠯᠬᠦ ᠬᠡᠷᠡᠭᠲᠡᠢ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠲᠣᠪᠤᠶᠢᠯᠭᠠᠨ᠂ ᠠᠵᠢᠯᠯᠠᠬᠤ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠳᠦᠭᠦᠷᠡᠩ ᠵᠣᠷᠢᠭ ᠰᠠᠨᠠᠭ᠎ᠠ᠂ ᠬᠤᠷᠳᠤᠴᠠ ᠶᠢ ᠲᠦᠷᠭᠡᠳᠬᠡᠬᠦ ᠠᠶᠢᠵᠠᠮ᠂ ᠪᠣᠳᠠᠲᠠᠢ ᠠᠵᠢᠯᠯᠠᠬᠤ ᠰᠤᠷᠲᠠᠯ ᠢᠶᠠᠷ ᠡᠯ᠎ᠡ ᠵᠦᠢᠯ ᠤᠨ ᠠᠵᠢᠯ ᠳᠤ ᠢᠳᠡᠪᠬᠢᠲᠡᠢ ᠣᠷᠣᠯᠴᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠰᠢᠨ᠎ᠡ ᠪᠠᠷᠭᠤ ᠪᠠᠷᠠᠭᠤᠨ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠠᠩ ᠢᠯᠡᠭᠦᠦ ᠬᠦᠷᠲᠡᠭᠡᠬᠦ ᠬᠡᠷᠡᠭᠲᠡᠢ ᠭᠡᠵᠡᠢ᠃        ᠪᠥᠬᠡᠪᠠᠶᠠᠷ᠂ ᠨᠢᠭᠡ ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ ᠭᠡᠳᠡᠭ᠃ 2023 ᠣᠨ ᠤ ᠠᠵᠢᠯ ᠤᠨ ᠰᠡᠳᠬᠢᠴᠡ ᠪᠠ ᠬᠠᠷᠠᠯᠲᠠ ᠡᠭᠦᠷᠭᠡ ᠨᠢᠭᠡᠨᠲᠡ ᠲᠤᠶᠢᠯ ᠤᠨ ᠲᠣᠳᠣᠷᠬᠠᠢ ᠪᠣᠯᠪᠠ᠂ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠲᠠᠨᠢᠵᠤ ᠠᠪᠴᠤ᠂ ᠵᠣᠷᠢᠭᠲᠠᠢ ᠪᠠᠷ ᠬᠢᠬᠦ᠂ ᠵᠣᠷᠢᠭᠲᠠᠢ ᠪᠠᠷ ᠠᠵᠢᠯᠯᠠᠬᠤ᠂ ᠵᠣᠷᠢᠭᠲᠠᠢ ᠪᠠᠷ ᠡᠭᠦᠳᠦᠨ ᠪᠦᠲᠦᠭᠡᠬᠦ ᠭᠦᠨ ᠵᠤᠵᠠᠭᠠᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠵᠤ᠂ ᠰᠤᠷᠲᠠᠯ ᠢᠶᠠᠨ ᠬᠤᠪᠢᠷᠠᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠬᠤ᠂ ᠢᠯᠡ ᠲᠣᠳᠣ ᠤᠳᠤᠷᠢᠳᠤᠮᠵᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ᠂ ᠴᠢᠩᠭ᠎ᠠ ᠱᠠᠯᠠᠪᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠤᠯᠲᠠ ᠶᠢ ᠠᠳᠬᠤᠬᠤ ᠪᠠ ᠪᠦᠯᠬᠦᠮᠳᠡᠨ ᠬᠠᠮᠵᠢᠯᠴᠠᠵᠤ ᠪᠠᠶᠢᠭᠠᠳ ᠨᠠᠶᠢᠳᠠᠪᠤᠷᠢᠵᠢᠭᠤᠯᠤᠯᠲᠠ ᠶᠢ ᠠᠳᠬᠤᠵᠤ᠂ ᠥᠨᠢ ᠤᠳᠠᠭᠠᠨ ᠴᠢᠷᠮᠠᠶᠢᠨ ᠠᠵᠢᠯᠯᠠᠬᠤ ᠶᠢ ᠪᠡᠶᠡᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号