ᠮᠠᠨ ᠤ ᠬᠤᠰᠢᠭᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ ᠱᠠᠲᠤᠴᠢ ᠴᠢᠨᠠᠷᠲᠠᠢ ᠵᠠᠳᠠᠯᠤᠯᠲᠠ ᠵᠢᠴᠢ 2023 ᠣᠨ ᠤ ᠬᠠᠪᠤᠷ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/13
       2 ᠰᠠᠷ᠎ᠠ ᠶᠢᠨ 9 ᠤ ᠡᠳᠦᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠭᠤᠷᠪᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ ᠱᠠᠲᠤᠴᠢ ᠴᠢᠨᠠᠷᠲᠠᠢ ᠵᠠᠳᠠᠯᠤᠯᠲᠠ ᠵᠢᠴᠢ 2023 ᠣᠨ ᠤ ᠬᠠᠪᠤᠷ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠯ᠎ᠡ ᠰᠣᠮᠣ ᠪᠠᠯᠭᠠᠰᠤ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
       ᠬᠤᠷᠠᠯ ᠳᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ 2022 ᠣᠨ ᠤ ᠠᠵᠢᠯ ᠤᠨ ᠮᠡᠳᠡᠭᠦᠯᠦᠯᠲᠡ ᠵᠢᠴᠢ ᠡᠯ᠎ᠡ ᠰᠣᠮᠣ ᠪᠠᠯᠭᠠᠰᠤ ᠶᠢᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠬᠢᠨᠠᠨ ᠰᠢᠯᠭᠠᠭᠰᠠᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠰᠣᠨᠣᠰᠪᠠ᠃        ᠬᠤᠷᠠᠯ ᠠᠴᠠ ᠴᠢᠩᠭᠠᠳᠬᠠᠬᠤ ᠳᠠᠭᠠᠨ᠂ ᠬᠠᠪᠤᠷ ᠤᠨ ᠤᠯᠠᠷᠢᠯ ᠪᠣᠯ ᠠᠮᠢᠲᠠᠨ ᠤ ᠬᠢᠵᠢᠭ ᠡᠪᠡᠳᠴᠢᠨ ᠠᠮᠠᠷᠬᠠᠨ ᠳᠡᠯᠭᠡᠷᠡᠬᠦ ᠤᠯᠠᠷᠢᠯ ᠮᠦᠨ᠂ ᠪᠠᠰᠠ ᠴᠦ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠡᠯ᠎ᠡ ᠰᠣᠮᠣ ᠪᠠᠯᠭᠠᠰᠤ ᠪᠠ ᠦᠢᠯᠡᠴᠢᠯᠡᠭᠡᠨ ᠤ ᠠᠵᠤ ᠠᠬᠤᠶᠢᠯᠠᠯ ᠤᠳ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠴᠢᠬᠤᠯᠠ ᠴᠢᠨᠠᠷ ᠪᠠ ᠬᠠᠲᠠᠭᠤ ᠪᠡᠷᠬᠡ ᠴᠢᠨᠠᠷ ᠢ ᠭᠦᠨᠵᠡᠭᠡᠢ ᠲᠠᠨᠢᠵᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠠᠵᠤ ᠠᠬᠤᠶᠢᠯᠠᠯ ᠤᠳ ᠡᠯ᠎ᠡ ᠰᠣᠮᠣ ᠪᠠᠯᠭᠠᠰᠤ ᠲᠠᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠲᠤᠬᠠᠶᠢᠯᠠᠭᠰᠠᠨ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠪᠦᠬᠦ ᠬᠤᠰᠢᠭᠤᠨ ᠤ ᠬᠡᠪᠴᠢᠶᠡᠨ ᠳᠤ ᠭᠡᠷ᠎ᠡ ᠲᠣᠭᠲᠠᠭᠰᠠᠨ ᠭᠠᠴᠠᠭ᠎ᠠ ᠱᠠᠲᠤᠨ ᠤ ᠬᠢᠵᠢᠭ ᠢ ᠰᠡᠷᠭᠡᠶᠢᠯᠡᠬᠦ ᠠᠵᠢᠯᠲᠠᠳ ᠤᠨ ᠲᠤᠬᠠᠢ ᠮᠡᠷᠭᠡᠵᠢᠯ᠂ ᠬᠡᠪ ᠴᠢᠨᠠᠷ ᠤᠨ ᠪᠣᠯᠪᠠᠰᠤᠷᠠᠯ ᠢ ᠳᠡᠭᠡᠭᠰᠢᠯᠡᠭᠦᠯᠦᠨ᠂ ᠬᠢᠵᠢᠭ ᠢ ᠰᠡᠷᠭᠡᠶᠢᠯᠡᠬᠦ ᠠᠵᠢᠯᠲᠠᠨ ᠤ ᠡᠩᠨᠡᠭᠡ ᠶᠢ ᠴᠢᠩᠭᠠᠳᠬᠠᠨ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠳᠦᠷᠢᠮ ᠢ ᠲᠡᠭᠦᠯᠳᠡᠷᠵᠢᠭᠦᠯᠦᠨ᠂ ᠬᠦᠳᠡᠯᠮᠦᠷᠢᠯᠡᠭᠰᠡᠨ ᠤ ᠬᠢᠨᠢ ᠬᠢᠷᠢ ᠪᠠᠷ ᠬᠤᠪᠢᠶᠠᠷᠢᠯᠠᠵᠤ᠂ ᠨᠡᠩ ᠰᠠᠶᠢᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ᠂ ᠮᠠᠨ ᠤ ᠬᠤᠰᠢᠭᠤᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠳᠤ ᠰᠢᠯᠢᠳᠡᠭ ᠰᠠᠶᠢᠨ ᠮᠡᠷᠭᠡᠵᠢᠯ ᠤᠨ ᠦᠢᠯᠡᠴᠢᠯᠡᠭᠡ ᠬᠠᠩᠭᠠᠬᠤ ᠬᠡᠷᠡᠭᠲᠡᠢ ᠭᠡᠵᠡᠢ᠃                                      ᠰᠤᠷᠪᠤᠯᠵᠢᠯᠠᠭᠴᠢ᠄ ᠰᠣᠨᠣᠷ  ᠪᠣᠤ ᠯᠢᠨ ᠯᠢᠨ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号