ᠬᠤᠰᠢᠭᠤᠨ ᠤ ᠬᠠᠥᠯᠢ ᠴᠠᠭᠠᠵᠠ ᠶᠢᠨ ᠲᠣᠪᠴᠢᠶ᠎ᠠ ︽ᠨᠠᠰᠤᠲᠠᠶᠢᠴᠤᠳ ᠢ ᠬᠠᠯᠠᠮᠵᠢᠯᠠᠨ ᠬᠠᠥᠯᠢ ᠴᠠᠭᠠᠵᠠ ᠶᠢ ᠭᠡᠷ ᠪᠦᠯᠢ ᠳᠤ ᠲᠦᠭᠡᠮᠡᠯᠵᠢᠭᠦᠯᠬᠦ︾ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/2/13
       ︽ᠬᠠᠥᠯᠢ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠷᠭᠡᠬᠦ︾ ᠶᠢ ᠭᠦᠨᠵᠡᠭᠡᠶᠢᠷᠡᠭᠦᠯᠵᠦ᠂ ᠠᠷᠠᠳ ᠤᠨ ᠬᠠᠥᠯᠢ ᠶᠢ ᠲᠦᠭᠡᠮᠡᠯᠵᠢᠭᠦᠯᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠦᠯᠦᠭᠡ᠂ ᠣᠶᠢᠷ᠎ᠠ ᠳᠤ ᠬᠤᠰᠢᠭᠤᠨ ᠤ ᠬᠠᠥᠯᠢ ᠴᠠᠭᠠᠵᠠ ᠶᠢᠨ ᠲᠣᠪᠴᠢᠶ᠎ᠠ ︽ᠨᠠᠰᠤᠲᠠᠶᠢᠴᠤᠳ ᠢ ᠬᠠᠯᠠᠮᠵᠢᠯᠠᠨ ᠬᠠᠥᠯᠢ ᠴᠠᠭᠠᠵᠠ ᠶᠢ ᠭᠡᠷ ᠪᠦᠯᠢ ᠳᠤ ᠲᠦᠭᠡᠮᠡᠯᠵᠢᠭᠦᠯᠬᠦ﹈ ᠠᠵᠢᠯᠯᠠᠭ᠎ᠠ ᠦᠷᠨᠢᠭᠦᠯᠵᠦ᠂ ᠨᠠᠰᠤᠲᠠᠶᠢᠴᠤᠳ ᠲᠤ ᠬᠠᠶᠢᠷ᠎ᠠ ᠬᠠᠯᠠᠮᠵᠢ ᠬᠦᠷᠲᠡᠭᠡᠪᠡ᠃
       ᠲᠤᠰ ᠤᠳᠠᠭᠠᠨ ᠤ ᠠᠵᠢᠯᠯᠠᠭ᠎ᠠ ᠨᠢ ᠡᠷᠦᠬᠡ ᠳᠤ ᠭᠦᠨᠵᠡᠭᠡᠶᠢᠷᠡᠵᠦ᠂ ᠢᠷᠡᠭᠡᠨ ᠤ ᠬᠠᠥᠯᠢ ᠶᠢᠨ ᠪᠢᠴᠢᠭ᠂ ᠨᠠᠰᠤᠲᠠᠶᠢᠴᠤᠳ ᠤᠨ ᠡᠷᠬᠡ ᠠᠰᠢᠭ ᠢ ᠬᠠᠮᠠᠭᠠᠯᠠᠬᠤ ᠬᠠᠥᠯᠢ᠂ ᠬᠠᠥᠯᠢ ᠴᠠᠭᠠᠵᠠ ᠶᠢᠨ ᠲᠤᠰᠠᠯᠠᠮᠵᠢ ᠶᠢᠨ ᠬᠠᠥᠯᠢ ᠵᠢᠴᠢ ᠨᠠᠰᠤᠲᠠᠶᠢᠴᠤᠳ ᠤᠨ ᠬᠠᠥᠯᠢ ᠶᠣᠰᠣᠨ ᠤ ᠦᠨᠳᠦᠰᠦᠨ ᠡᠷᠬᠡ ᠠᠰᠢᠭ ᠤᠨ ᠲᠤᠬᠠᠢ ᠲᠠᠶᠢᠯᠪᠤᠷᠢᠯᠠᠨ ᠤᠬᠠᠭᠤᠯᠵᠤ᠂ ︽ᠬᠡᠷᠡᠭ ᠤᠨ ᠵᠢᠱᠢᠶ᠎ᠡ ᠪᠠᠷ ᠬᠠᠥᠯᠢ ᠲᠠᠶᠢᠯᠪᠤᠷᠢᠯᠠᠬᠤ︾ ᠪᠠᠷ ᠳᠠᠮᠵᠢᠨ᠂ ᠨᠠᠰᠤᠲᠠᠶᠢᠴᠤᠳ ᠤᠨ ᠡᠷᠬᠡ ᠠᠰᠢᠭ ᠢ ᠬᠠᠮᠠᠭᠠᠯᠠᠬᠤ ᠲᠤᠬᠠᠢ ᠨᠠᠷᠢᠯᠢᠭ ᠲᠠᠶᠢᠯᠪᠤᠷᠢᠯᠠᠵᠤ᠂ ᠬᠠᠥᠯᠢ ᠴᠠᠭᠠᠵᠠ ᠶᠢᠨ ᠦᠢᠯᠡᠴᠢᠯᠡᠭᠡᠨ ᠤ ᠬᠦᠯᠢᠶᠡᠨ ᠠᠪᠬᠤ ᠤᠲᠠᠰᠤ ᠶᠢ ᠬᠠᠩᠭᠠᠵᠤ ᠥᠭᠪᠡ᠃ ᠡᠭᠦᠨ ᠤ ᠬᠠᠮᠲᠤ᠂ ᠨᠡᠶᠢᠭᠡᠮ ᠤᠨ ᠬᠠᠯᠠᠮᠰᠢᠯ ᠠᠰᠠᠭᠤᠳᠠᠯ ᠲᠠᠢ ᠤᠶᠠᠯᠳᠤᠭᠤᠯᠤᠨ᠂ ᠨᠠᠰᠤᠵᠢᠯ ᠤᠨ ᠠᠰᠠᠷᠠᠮᠵᠢ ᠶᠢᠨ ᠮᠦᠩᠭᠦ ᠶᠢᠨ ᠮᠡᠬᠡᠯᠡᠯ ᠠᠴᠠ ᠰᠡᠷᠭᠡᠶᠢᠯᠡᠬᠦ ᠠᠷᠭ᠎ᠠ ᠵᠠᠮ ᠪᠠ ᠠᠷᠭ᠎ᠠ ᠪᠠᠷᠢᠯ ᠢ ᠲᠦᠭᠡᠮᠡᠯᠵᠢᠭᠦᠯᠵᠦ᠂ ᠨᠠᠰᠤᠲᠠᠶᠢᠴᠤᠳ ᠢ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠬᠤ ᠶᠢ ᠰᠠᠨᠠᠭᠤᠯᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号