ᠭᠡᠰᠢᠭᠦᠨ ᠭᠠᠧᠠᠲᠤᠨᠲᠤᠭ᠄ ᠰᠣᠶᠣᠯ ᠵᠢᠭᠤᠯᠴᠢᠯᠠᠯ ᠤᠨ ᠠᠵᠤ ᠦᠢᠯᠡᠰ ᠢᠶᠠᠷ ᠮᠠᠯᠵᠢᠬᠤ ᠣᠷᠣᠨ ᠤ ᠬᠥᠭᠵᠢᠯᠲᠡ ᠶᠢ ᠠᠬᠢᠭᠤᠯᠪᠠᠯ ᠵᠣᠬᠢᠨ᠎ᠠ
ᠨᠡᠶᠢᠲᠡᠯᠡᠭᠰᠡᠨ ᠴᠠᠭ᠄
2023/2/21
       ᠤᠯᠤᠰ ᠲᠦᠷᠦ ᠶᠢᠨ ᠵᠥᠪᠯᠡᠯᠭᠡᠨ ᠤ ᠬᠥᠯᠥᠨ ᠪᠤᠶᠢᠷ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢᠨ 2023 ᠣᠨ ᠤ ᠠᠵᠢᠯ ᠤᠨ ᠲᠣᠬᠢᠷᠠᠭᠤᠯᠤᠯᠲᠠ ᠳᠠᠬᠢ ︽ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠪᠡᠶᠡᠯᠡᠭᠦᠯᠦᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠶᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠵᠦ᠂ ᠰᠣᠶᠣᠯ ᠤᠨ ᠲᠤᠯᠭᠠᠭᠤᠷᠢᠯᠠᠯ ᠢ ᠠᠬᠢᠭᠤᠯᠬᠤ︾ ᠲᠤᠬᠠᠢ ᠠᠭᠤᠯᠭ᠎ᠠ ᠶᠢ ᠳᠤᠷᠠᠳᠤᠭᠰᠠᠨ ᠢ ᠰᠣᠨᠣᠰᠤᠭᠰᠠᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠡᠷᠦᠯᠦᠨ ᠰᠤᠮᠤ ᠶᠢᠨ ᠴᠡᠴᠡᠭᠯᠡᠯ ᠭᠠᠴᠠᠭ᠎ᠠ ᠠᠴᠠ ᠢᠷᠡᠭᠰᠡᠨ ᠮᠠᠯᠴᠢᠨ ᠭᠡᠰᠢᠭᠦᠨ ᠭᠠᠧᠠᠲᠤᠨᠲᠤᠭ ᠶᠡᠭᠡ ᠪᠠᠶᠠᠷᠲᠠᠶᠢᠬᠠᠨ ᠪᠠᠶᠢᠯ᠎ᠠ᠃        ᠲᠡᠷᠡᠪᠡᠷ ᠦᠨᠳᠦᠰᠦᠨ ᠱᠠᠲᠤᠨ ᠤ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠬᠤᠷᠠᠯ ᠳᠤ ᠣᠷᠤᠯᠴᠠᠬᠤ ᠪᠡᠯᠡᠳᠬᠡᠯ ᠢᠶᠠᠨ ᠭᠦᠢᠴᠡᠳ ᠬᠢᠵᠦ᠂ ︽ᠰᠣᠶᠣᠯ ᠵᠢᠭᠤᠯᠴᠢᠯᠠᠯ ᠤᠨ ᠪᠡᠯᠡ ᠤᠷᠤᠭᠤᠯᠤᠯᠲᠠ ᠶᠢ ᠨᠡᠮᠡᠭᠳᠡᠭᠦᠯᠵᠦ᠂ ᠮᠠᠯᠵᠢᠬᠤ ᠣᠷᠣᠨ ᠤ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠᠯ ᠵᠣᠬᠢᠨ᠎ᠠ︾ ᠭᠡᠰᠡᠨ ᠰᠠᠨᠠᠯ ᠳᠤᠷᠠᠳᠤᠯᠭ᠎ᠠ ᠳᠡᠪᠰᠢᠭᠦᠯᠵᠡᠢ᠃        ᠭᠠᠧᠠᠲᠤᠨᠲᠤᠭ ᠭᠡᠯᠡᠭᠦ ᠳᠡᠭᠡᠨ᠂ ᠰᠢᠨ᠎ᠡ ᠪᠠᠷᠭᠤ ᠪᠠᠷᠠᠭᠤᠨ ᠬᠤᠰᠢᠭᠤ ᠣᠶᠢᠷ᠎ᠠ ᠶᠢᠨ ᠵᠢᠯ ᠠᠴᠠ ᠨᠠᠭᠠᠰᠢ᠂ ᠵᠢᠭᠤᠯᠴᠢᠯᠠᠯ ᠤᠨ ᠪᠡᠯᠡ ᠤᠷᠤᠭᠤᠯᠤᠯᠲᠠ ᠪᠠᠨ ᠲᠠᠰᠤᠷᠠᠯᠳᠡ ᠦᠭᠡᠢ ᠨᠡᠮᠡᠭᠳᠡᠭᠦᠯᠦᠭᠰᠡᠨ ᠠᠴᠠ᠂ ᠰᠠᠭᠤᠷᠢ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠣᠨᠴᠠᠯᠢᠭᠲᠤ ᠨᠡᠷᠡᠲᠦ ᠲᠡᠮᠳᠡᠭ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠳᠡ ᠦᠭᠡᠢ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠰᠢᠯᠢᠳᠡᠭ ᠦᠷ᠎ᠡ ᠪᠦᠲᠦᠮᠵᠢ ᠣᠯᠵᠤ᠂ ᠮᠠᠯᠵᠢᠬᠤ ᠣᠷᠣᠨ ᠤ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠪᠠ᠃ ᠭᠡᠪᠡᠴᠦ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠳᠠᠭᠠᠯᠳᠤᠨ ᠵᠠᠷᠢᠮ ᠬᠦᠷᠦᠯᠴᠡᠬᠦ ᠦᠭᠡᠢ ᠲᠠᠯ᠎ᠠ ᠴᠦ ᠤᠯᠠᠨ ᠢᠯᠡᠷᠡᠨ ᠭᠠᠷᠴᠠᠢ᠃ ᠵᠢᠱᠢᠶᠡᠯᠡᠪᠡᠯ᠄ ᠵᠢᠭᠤᠯᠴᠢᠯᠠᠯ ᠤᠨ ᠪᠦᠲᠦᠭᠡᠭᠳᠡᠬᠦᠨ ᠤ ᠲᠥᠷᠥᠯ ᠵᠦᠢᠯ ᠴᠥᠭᠡᠨ᠂ ᠵᠢᠭᠤᠯᠴᠢᠯᠠᠯ ᠤᠨ ᠪᠦᠲᠦᠭᠡᠭᠳᠡᠬᠦᠨ ᠤ ᠰᠣᠶᠣᠯ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠯᠠᠵᠤ ᠳᠡᠶᠢᠯᠦᠭᠰᠡᠨ ᠦᠭᠡᠢ᠂ ᠵᠢᠭᠤᠯᠴᠢᠯᠠᠭᠴᠢᠳ ᠤᠨ ᠪᠡᠶᠡᠴᠢᠯᠡᠨ ᠣᠶᠢᠯᠠᠭᠠᠬᠤ ᠲᠦᠷᠦᠯ ᠵᠦᠢᠯ ᠴᠥᠭᠡᠨ᠂ ᠵᠢᠭᠤᠯᠴᠢᠯᠠᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠬᠠᠩᠭᠠᠵᠤ ᠴᠢᠳᠠᠬᠤ ᠦᠭᠡᠢ᠂ ᠵᠢᠭᠤᠯᠴᠢᠯᠠᠯ ᠤᠨ ᠴᠡᠭ ᠪᠣᠯᠣᠨ ᠵᠠᠮ ᠱᠤᠭᠤᠮ ᠤᠨ ᠬᠤᠭᠤᠷᠣᠨᠳᠣᠭᠢ ᠵᠣᠯᠭᠠᠭᠤᠯᠤᠯᠲᠠ ᠮᠠᠭᠤ ᠠᠴᠠ ᠪᠣᠯᠵᠤ᠂ ᠨᠢᠭᠡᠳᠦᠯᠲᠡᠢ ᠲᠥᠯᠥᠪᠯᠡᠨ ᠨᠡᠭᠡᠭᠡᠨ ᠬᠥᠭᠵᠢᠭᠦᠯᠬᠦ ᠵᠠᠭᠪᠤᠷ ᠢ ᠪᠦᠷᠢᠯᠳᠦᠭᠦᠯᠵᠦ ᠳᠡᠶᠢᠯᠦᠭᠰᠡᠨ ᠦᠭᠡᠢ ᠵᠡᠷᠭᠡ ᠠᠰᠠᠭᠤᠳᠠᠯ ᠣᠷᠣᠰᠢᠵᠤ ᠪᠤᠢ᠃ ᠡᠶᠢᠮᠦ ᠠᠴᠠ᠂ ᠰᠣᠶᠣᠯ ᠵᠢᠭᠤᠯᠴᠢᠯᠠᠯ ᠤᠨ ᠠᠵᠤ ᠦᠢᠯᠡᠰ ᠲᠠᠬᠢ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ ᠮᠠᠯᠵᠢᠬᠤ ᠣᠷᠣᠨ ᠤ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠰᠠ ᠣᠯᠠᠨ ᠲᠠᠯ᠎ᠠ ᠶᠢᠨ ᠬᠠᠮᠢᠶᠠᠷᠤᠯᠲᠠ ᠶᠢ ᠴᠢᠩᠭᠠᠳᠬᠠᠬᠤ ᠴᠢᠬᠤᠯᠠᠲᠠᠢ ᠶᠤᠮ ᠭᠡᠯ᠎ᠡ᠃        ᠭᠠᠧᠠᠲᠤᠨᠲᠤᠭ ᠭᠡᠰᠢᠭᠦᠨ᠄ ︽ᠮᠠᠯᠵᠢᠬᠤ ᠣᠷᠣᠨ ᠤ ᠵᠢᠭᠤᠯᠴᠢᠯᠠᠯ ᠤᠨ ᠴᠡᠭ ᠢ ᠲᠣᠭᠤᠷᠢᠨ ᠵᠤᠭᠠᠯᠠᠬᠤ᠂ ᠬᠤᠨᠣᠵᠤ ᠠᠮᠠᠷᠠᠬᠤ ᠶᠢ ᠤᠶᠠᠯᠳᠤᠭᠤᠯᠤᠭᠰᠠᠨ ᠵᠠᠭᠪᠤᠷ ᠪᠣᠯᠭᠠᠨ ᠬᠤᠪᠢᠷᠠᠭᠤᠯᠵᠤ᠂ ᠲᠠᠯ᠎ᠠ ᠨᠤᠲᠤᠭ ᠤᠨ ᠣᠨᠴᠠᠯᠢᠭᠲᠤ ᠵᠢᠭᠤᠯᠴᠢᠯᠠᠯ ᠤᠨ ᠣᠷᠣᠨ᠂ ᠮᠠᠯᠴᠢᠨ ᠠᠶᠢᠯ ᠤᠨ ᠵᠢᠭᠤᠯᠴᠢᠯᠠᠯ ᠤᠨ ᠴᠡᠭ ᠵᠡᠷᠭᠡ ᠶᠢ ᠬᠥᠭᠵᠢᠭᠦᠯᠵᠦ᠂ ᠣᠨᠴᠠᠯᠢᠭᠲᠤ ᠵᠢᠭᠤᠯᠴᠢᠯᠠᠯ ᠤᠨ ᠱᠤᠭᠤᠮ ᠢ ᠴᠣᠭᠴᠠᠯᠠᠨ ᠪᠠᠶᠢᠭᠤᠯᠵᠤ᠂ ︿ᠲᠠᠯ᠎ᠠ ᠨᠤᠲᠤᠭ ᠢ ᠡᠵᠡᠩᠨᠡᠬᠦ﹀ ᠤᠨᠤᠯ ᠢᠶᠠᠷ ᠵᠢᠯᠣᠭᠤᠳᠤᠯᠭ᠎ᠠ ᠪᠤᠯᠭᠠᠬᠤ ᠶᠢ ᠠᠬᠢᠭᠤᠯᠤᠨ᠂ ᠠᠮᠢ ᠠᠬᠤᠢ ᠶᠢ ᠬᠠᠮᠠᠭᠠᠯᠠᠬᠤ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠭᠦ᠂ ᠲᠠᠯ᠎ᠠ ᠨᠤᠲᠤᠭ ᠤᠨ ᠵᠢᠭᠤᠯᠴᠢᠯᠠᠯ ᠢ ᠨᠢᠭᠡ ᠴᠣᠭᠴᠠᠵᠢᠭᠤᠯᠤᠭᠰᠠᠨ ᠭᠡᠷ ᠪᠦᠯᠢ ᠶᠢᠨ ᠠᠮᠢ ᠠᠬᠤᠢ ᠶᠢᠨ ᠮᠠᠯᠵᠢᠯ ᠤᠨ ᠲᠠᠯᠠᠪᠠᠶ ᠶᠢ ᠪᠠᠶᠢᠭᠤᠯᠵᠤ᠂ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ᠂ ᠮᠠᠯ ᠠᠵᠤ ᠠᠬᠤᠢ ᠶᠢᠨ ᠬᠥᠭᠵᠢᠯᠲᠡ ᠵᠢᠴᠢ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ︿ᠣᠯᠠᠨ ᠲᠠᠯ᠎ᠠ ᠪᠠᠷ ᠠᠰᠢᠭ ᠭᠦᠷᠲᠡᠭᠦ﹀ ᠬᠠᠷᠠᠯᠲᠠ ᠶᠢ ᠪᠡᠶᠡᠯᠡᠭᠦᠯᠪᠡᠯ ᠵᠤᠭᠢᠨ᠎ᠠ᠃ ᠡᠭᠦᠨ ᠠᠴᠠ ᠭᠠᠳᠠᠨ᠎ᠠ᠂ ᠵᠢᠭᠤᠯᠴᠢᠯᠠᠭᠴᠢᠳ ᠤᠨ ᠬᠥᠳᠡᠭᠡ ᠠᠶᠢᠯ ᠳᠤ ᠣᠴᠢᠵᠤ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠢ ᠪᠡᠶᠡᠴᠢᠯᠡᠨ ᠣᠶᠢᠯᠠᠭᠠᠬᠤ᠂ ᠲᠣᠭᠤᠷᠢᠨ ᠵᠤᠭᠠᠯᠠᠬᠤ᠂ ᠬᠤᠨᠣᠵᠤ ᠠᠮᠠᠷᠠᠬᠤ᠂ ᠲᠤᠬᠠᠢ ᠶᠢᠨ ᠭᠠᠵᠠᠷ ᠤᠨ ᠣᠨᠴᠠᠯᠢᠭᠲᠤ ᠢᠲᠡᠭᠡᠨ ᠤᠮᠳᠠᠭᠠᠨ ᠢ ᠠᠮᠰᠠᠬᠤ᠂ ᠬᠤᠳᠠᠯᠳᠤᠨ ᠠᠪᠬᠤ ᠵᠡᠷᠭᠡ  ᠪᠠᠷ ᠳᠠᠮᠵᠢᠭᠤᠯᠤᠨ ᠵᠢᠭᠤᠯᠴᠢᠯᠠᠬᠰᠠᠳ ᠤᠨ ᠪᠡᠶᠡᠴᠢᠯᠡᠨ ᠣᠷᠤᠯᠴᠠᠬᠤ ᠬᠡᠮᠵᠢᠶ᠎ᠡ ᠶᠢ ᠨᠢ ᠨᠡᠮᠡᠭᠳᠡᠭᠦᠯᠵᠦ᠂ ᠥᠪᠡᠷ ᠤᠨ ᠪᠡᠶ᠎ᠡ ᠪᠠᠷ ᠢᠶᠠᠨ ᠮᠡᠳᠡᠷᠡᠬᠦ ᠮᠡᠳᠡᠷᠡᠮᠵᠢ ᠶᠢ ᠨᠡᠮᠡᠭᠳᠡᠭᠦᠯᠪᠡᠯ ᠵᠤᠭᠢᠨ᠎ᠠ᠃ ᠥᠪᠡᠷ ᠲᠡᠭᠡᠨ ᠮᠠᠰᠢᠨ ᠵᠢᠯᠤᠭᠤᠳᠴᠤ ᠵᠢᠭᠤᠯᠴᠢᠯᠠᠬᠤ ᠬᠥᠮᠥᠰ ᠤᠨ ᠲᠤᠭ᠎ᠠ ᠣᠯᠠᠰᠢᠷᠠᠬᠤ ᠶᠢ ᠳᠠᠭᠠᠯᠳᠤᠨ ᠮᠠᠰᠢᠨ ᠢᠶᠠᠷ ᠵᠢᠭᠤᠯᠴᠢᠯᠠᠬᠤ ᠵᠠᠬ᠎ᠠ ᠳᠡᠯᠭᠡᠭᠦᠷ ᠤᠯᠠᠮ ᠢᠶᠠᠷ ᠥᠷᠭᠡᠳᠴᠦ᠂ ᠱᠠᠭᠠᠷᠳᠠᠯᠭ᠎ᠠ ᠴᠤ ᠤᠯᠠᠮ ᠶᠠᠪᠤᠬᠤ ᠲᠤᠲᠤᠮ ᠨᠡᠮᠡᠭᠳᠡᠵᠦ ᠪᠤᠢ᠂ ᠡᠶᠢᠮᠦ ᠠᠴᠠ ᠵᠢᠭᠤᠯᠴᠢᠯᠠᠯ ᠤᠨ ᠵᠠᠮ ᠱᠤᠭᠤᠮ ᠪᠠ ᠵᠠᠮ ᠳᠠᠭᠠᠤ ᠵᠢᠭᠤᠯᠴᠢᠯᠠᠯ ᠤᠨ ᠭᠠᠵᠠᠷ ᠢ ᠵᠦᠢ ᠵᠣᠬᠢᠰᠲᠠᠢ ᠲᠥᠯᠥᠪᠵᠢᠭᠦᠯᠦᠨ ᠪᠠᠶᠢᠷᠢᠯᠠᠭᠤᠯᠵᠤ᠂ ᠵᠢᠭᠤᠯᠴᠢᠯᠠᠭᠴᠢᠳ ᠲᠤ ᠲᠠᠯ᠎ᠠ ᠨᠤᠲᠤᠭ ᠲᠤ ᠢᠷᠡᠭᠡᠳ ᠡᠵᠡᠨ ᠮᠡᠲᠡᠵᠦ ᠰᠣᠩᠭᠤᠨ ᠲᠣᠭᠤᠷᠢᠬᠤ ᠲᠤᠭᠢᠶᠠᠯ ᠣᠯᠭᠤᠨ᠂ ᠵᠢᠭᠤᠯᠴᠢᠯᠠᠯ ᠤᠨ ᠣᠷᠣᠨ ᠤ ᠤᠰᠤ᠂ ᠴᠠᠭᠢᠯᠭᠠᠨ᠂ ᠵᠤᠷᠯᠤᠩ ᠵᠡᠷᠭᠡ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠤᠨ᠂ ᠵᠢᠭᠤᠯᠴᠢᠯᠠᠭᠴᠢᠳ ᠢ ᠭᠥᠯᠢᠶᠡᠨ ᠠᠪᠴᠤ ᠵᠣᠴᠢᠯᠠᠬᠤ ᠴᠢᠳᠠᠪᠤᠷᠢ ᠶᠢ ᠲᠡᠭᠡᠭᠰᠢᠯᠡᠭᠦᠯᠵᠦ᠂ ᠦᠢᠯᠡᠴᠢᠯᠡᠭᠡᠨ  ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡᠯ ᠵᠣᠬᠢᠨ᠎ᠠ︾ ᠭᠡᠵᠦ ᠶᠠᠷᠢᠯ᠎ᠠ᠃
 
ᠢᠷᠡᠯᠲᠡ᠄ ᠬᠦᠯᠦᠨ ᠪᠣᠶᠢᠷ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号