ᠪᠥᠬᠦ ᠬᠤᠰᠢᠭᠤᠨ ᠤ 2023 ᠣᠨ ᠤ ᠵᠣᠭᠤᠰᠤᠨ ᠤ ᠢᠲᠡᠭᠡᠮᠵᠢᠲᠦ ᠵᠢᠭᠡᠯᠡᠯᠭᠡ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/22
       2 ᠰᠠᠷ᠎ᠠ ᠶᠢᠨ 21 ᠤ ᠡᠳᠦᠷ᠂ ᠮᠠᠨ ᠤ ᠬᠤᠰᠢᠭᠤ 2023 ᠣᠨ ᠤ ᠵᠣᠭᠤᠰᠤᠨ ᠤ ᠢᠲᠡᠭᠡᠮᠵᠢᠲᠦ ᠵᠢᠭᠡᠯᠡᠯᠭᠡ ᠶᠢᠨ ᠠᠵᠢᠯ ᠤᠨ ᠬᠤᠷᠠᠯ ᠢ ᠠᠷᠠᠳ ᠤᠨ ᠪᠠᠩᠬᠢ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠰᠠᠯᠪᠤᠷᠢ ᠪᠠᠩᠬᠢ ᠶᠢᠨ ᠬᠤᠷᠠᠯ ᠤᠨ ᠭᠡᠷ ᠲᠤ ᠬᠤᠷᠠᠯᠳᠤᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠱᠧᠨ ᠭᠦᠸᠧ ᠴᠧᠨ ᠬᠤᠷᠠᠯ ᠳᠤ ᠣᠷᠣᠯᠴᠠᠵᠤ᠂ ᠪᠥᠬᠦ ᠬᠤᠰᠢᠭᠤᠨ ᠤ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
       ᠬᠤᠷᠠᠯ ᠠᠴᠠ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠪᠥᠬᠦ ᠬᠤᠰᠢᠭᠤᠨ ᠤ ᠡᠯ᠎ᠡ ᠪᠠᠶᠢᠭᠤᠯᠤᠮᠵᠢ ᠶᠢᠨ 1 ᠳ᠋ᠦ᠋ᠭᠡᠷ ᠰᠠᠷ᠎ᠠ ᠶᠢᠨ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠪᠡ᠃ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠨᠢᠭᠡᠳᠦᠭᠡᠷ ᠤᠯᠠᠷᠢᠯ ᠵᠢᠴᠢ ᠪᠥᠬᠦ ᠵᠢᠯ ᠤᠨ ᠢᠲᠡᠭᠡᠮᠵᠢᠲᠦ ᠵᠢᠭᠡᠯᠡᠯᠭᠡ ᠲᠠᠯᠪᠢᠬᠤ ᠲᠥᠯᠥᠪᠯᠡᠭᠡ ᠶᠢ ᠰᠣᠨᠣᠰᠪᠠ᠃        ᠱᠧᠨ ᠭᠦᠸᠧ ᠴᠧᠨ ᠱᠠᠭᠠᠷᠳᠠᠬᠤ ᠳᠠᠭᠠᠨ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠰᠢᠨ᠎ᠡ ᠨᠢᠭᠡ ᠵᠢᠯ ᠤᠨ ᠠᠵᠢᠯ ᠢ ᠶᠡᠷᠦᠩᠬᠡᠶᠢᠯᠡᠨ ᠵᠠᠬᠢᠷᠬᠤ ᠶᠢ ᠪᠠᠷᠢᠮᠲᠠᠯᠠᠨ᠂ ᠠᠷᠭ᠎ᠠ ᠰᠦᠪᠡᠭᠴᠢᠯᠡᠬᠦ ᠪᠠ ᠠᠬᠢᠭᠤᠯᠵᠤ᠂ ᠦᠷᠭᠦᠯᠵᠢᠯᠡᠨ ᠬᠦᠴᠦᠲᠡᠢ ᠠᠷᠭ᠎ᠠ ᠬᠡᠮᠵᠢᠶ᠎ᠡ ᠠᠪᠴᠤ᠂ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠢᠯᠠᠩᠭᠤᠶ᠎ᠠ ᠣᠳᠣᠬᠠᠨ ᠤ ᠲᠥᠯ ᠲᠤᠰᠴᠤ ᠪᠣᠶᠢᠵᠢᠭᠤᠯᠬᠤ ᠬᠤᠭᠤᠴᠠᠭᠠᠨ ᠳᠠᠬᠢ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠪᠠᠲᠤᠯᠠᠭ᠎ᠠ ᠶᠢ ᠬᠠᠩᠭᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠲᠣᠭᠲᠠᠪᠤᠷᠢᠵᠢᠭᠤᠯᠤᠨ᠂ ᠨᠡᠮᠡᠭᠳᠡᠯ ᠤᠨ ᠬᠡᠮᠵᠢᠶ᠎ᠡ ᠶᠢ ᠥᠷᠭᠡᠳᠬᠡᠵᠦ᠂ ᠨᠠᠷᠢᠯᠢᠭ ᠣᠨᠣᠴᠠᠲᠠᠢ ᠪᠠᠷ ᠣᠷᠣᠭᠤᠯᠬᠤ᠂ ᠬᠢᠮᠳᠠ ᠦᠨ᠎ᠡ ᠪᠠᠷ ᠣᠷᠣᠭᠤᠯᠬᠤ᠂ ᠲᠦᠷᠭᠡᠨ ᠣᠷᠣᠭᠤᠯᠬᠤ ᠶᠢ ᠪᠡᠶᠡᠯᠡᠭᠦᠯᠬᠦ ᠬᠡᠷᠡᠭᠲᠡᠢ᠃ ᠲᠤᠰ ᠪᠠᠶᠢᠭᠤᠯᠤᠮᠵᠢ ᠶᠢᠨ ᠵᠢᠭᠡᠯᠡᠯᠭᠡ ᠶᠢᠨ ᠬᠤᠭᠤᠴᠠᠭ᠎ᠠ ᠶᠢ ᠤᠷᠲᠤᠳᠬᠠᠬᠤ ᠬᠤᠭᠤᠴᠠᠭ᠎ᠠ ᠲᠤᠯᠤᠭᠰᠠᠨ ᠪᠠ ᠢᠲᠡᠭᠡᠮᠵᠢᠲᠦ ᠵᠢᠭᠡᠯᠡᠯᠭᠡ ᠶᠢᠨ ᠡᠳ᠋ ᠬᠥᠷᠥᠩᠭᠡ ᠶᠢᠨ ᠶᠠᠰᠤ ᠴᠢᠨᠠᠷ ᠤᠨ ᠬᠤᠪᠢᠷᠠᠯᠲᠠ ᠶᠢᠨ ᠪᠠᠶᠢᠳᠠᠯ ᠢ ᠨᠢᠭᠲᠠ ᠠᠩᠬᠠᠷᠴᠤ᠂ ᠢᠲᠡᠭᠡᠮᠵᠢᠲᠦ ᠵᠢᠭᠡᠯᠡᠯᠭᠡ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠡᠯ᠎ᠡ ᠵᠦᠢᠯ ᠤᠨ ᠲᠥᠪ ᠪᠠᠩᠬᠢ ᠶᠢᠨ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠪᠠᠭᠠᠵᠢ ᠶᠢ ᠰᠠᠶᠢᠲᠤᠷ ᠭᠦᠢᠴᠡᠳ ᠬᠡᠷᠡᠭᠯᠡᠵᠦ᠂ ᠢᠲᠡᠭᠡᠮᠵᠢᠲᠦ ᠵᠢᠭᠡᠯᠡᠯᠭᠡ ᠶᠢᠨ ᠶᠡᠷᠦᠩᠬᠡᠢ ᠬᠡᠮᠵᠢᠶ᠎ᠡ ᠶᠢ ᠨᠢᠭᠡᠳᠦᠭᠡᠷ ᠤᠯᠠᠷᠢᠯ ᠳᠤ ᠰᠠᠶᠢᠨ ᠡᠬᠢᠯᠡᠯᠲᠡ ᠲᠠᠢ ᠪᠣᠯᠭᠠᠬᠤ ᠶᠢ ᠪᠡᠶᠡᠯᠡᠭᠦᠯᠵᠦ᠂ ᠪᠦᠬᠦ ᠵᠢᠯ ᠤᠨ ᠢᠲᠡᠭᠡᠮᠵᠢᠲᠦ ᠵᠢᠭᠡᠯᠡᠯᠭᠡ ᠶᠢᠨ ᠶᠡᠷᠦᠩᠬᠡᠢ ᠬᠡᠮᠵᠢᠶ᠎ᠡ ᠶᠢᠨ ᠠᠳᠠᠯᠢ ᠬᠤᠭᠤᠴᠠᠭᠠᠨ ᠤ ᠬᠢ ᠠᠴᠠ ᠢᠯᠡᠭᠦᠦ ᠨᠡᠮᠡᠭᠳᠡᠬᠦ ᠶᠢ ᠪᠡᠶᠡᠯᠡᠭᠦᠯᠬᠦ ᠳᠤ ᠰᠠᠭᠤᠷᠢ ᠲᠠᠯᠪᠢᠬᠤ ᠬᠡᠷᠡᠭᠲᠡᠢ ᠭᠡᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号