ᠰᠢᠯᠢᠳᠡᠭ ᠡᠮᠡᠭᠲᠡᠶᠢᠴᠦᠳ ᠤᠨ ᠨᠡᠶᠢᠲᠡᠯᠢᠭ ᠵᠢᠱᠢᠶ᠎ᠡ — ᠰᠢᠨᠵᠢᠯᠡ
ᠨᠡᠶᠢᠲᠡᠯᠡᠭᠰᠡᠨ ᠴᠠᠭ᠄
2023/2/27
       ᠰᠢᠨᠵᠢᠯᠡ᠂ ᠡᠮᠡᠭᠲᠡᠢ᠂ ᠮᠣᠩᠭᠤᠯ ᠦᠨᠳᠦᠰᠦᠲᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠡᠦᠬᠡ ᠰᠣᠶᠣᠯ ᠤᠨ ᠳᠡᠭᠡᠳᠦ ᠰᠤᠷᠭᠠᠭᠤᠯᠢ ᠠᠴᠠ ᠲᠡᠭᠦᠰᠪᠡ᠂ ᠪᠦᠬᠦᠯᠢ ᠡᠳᠦᠷ ᠤᠨ ᠳᠦᠷᠢᠮᠲᠦ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠃ 2014 ᠣᠨ ᠳᠤ ᠠᠵᠢᠯ ᠳᠤ ᠣᠷᠣᠵᠤ᠂ ᠣᠲᠣ ᠰᠢᠨ᠎ᠡ ᠪᠠᠷᠭᠤ ᠪᠠᠷᠠᠭᠤᠨ ᠬᠤᠰᠢᠭᠤᠨ ᠤ ᠰᠤᠷᠭᠠᠨ ᠬᠥᠮᠦᠵᠢᠯ ᠤᠨ ᠰᠤᠳᠤᠯᠤᠨ ᠰᠤᠷᠤᠯᠴᠠᠬᠤ ᠲᠥᠪ ᠤᠨ ᠠᠩᠬ᠎ᠠ ᠳᠤᠮᠳᠠᠳᠤ ᠶᠢᠨ ᠲᠡᠦᠬᠡ ᠶᠢᠨ ᠰᠢᠨᠵᠢᠯᠡᠭᠡᠨ ᠤ ᠰᠠᠯᠠᠭ᠎ᠠ ᠶᠢᠨ ᠵᠢᠭᠠᠨ ᠰᠤᠳᠤᠯᠤᠭᠴᠢ᠂ ᠰᠢᠨ᠎ᠡ ᠪᠠᠷᠭᠤ ᠪᠠᠷᠠᠭᠤᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠡᠦᠬᠡ ᠶᠢᠨ ᠰᠢᠨᠵᠢᠯᠡᠭᠡᠨ ᠤ ᠰᠠᠯᠠᠭ᠎ᠠ ᠶᠢᠨ ᠰᠤᠷᠭᠠᠨ ᠬᠥᠮᠦᠵᠢᠯ ᠢ ᠳᠡᠮᠵᠢᠬᠦ ᠪᠠᠭᠰᠢ ᠶᠢᠨ ᠲᠤᠰᠢᠶᠠᠯ ᠲᠠᠢ᠃
       2021 ᠣᠨ ᠤ 5 ᠰᠠᠷ᠎ᠠ ᠳᠤ᠂ ᠰᠢᠨᠵᠢᠯᠡ ᠨᠥᠬᠦᠷ ᠰᠤᠷᠭᠠᠨ ᠬᠥᠮᠦᠵᠢᠯ ᠳᠤ ᠬᠠᠶᠢᠷᠠᠲᠠᠢ ᠬᠠᠯᠠᠭᠤᠨ ᠰᠡᠳᠬᠢᠯ ᠢᠶᠠᠷ ᠠᠩᠬ᠎ᠠ ᠳᠤᠮᠳᠠᠳᠤ ᠶᠢᠨ ᠲᠡᠦᠬᠡ ᠶᠢᠨ ᠵᠢᠭᠠᠨ ᠰᠤᠳᠤᠯᠤᠭᠴᠢ ᠪᠣᠯᠵᠠᠢ᠃ ᠠᠵᠢᠯ ᠤᠨ ᠳᠤᠮᠳᠠ ᠪᠠᠨ ᠲᠡᠷᠡ ᠰᠢᠨᠵᠢᠯᠡᠭᠡᠨ ᠤ ᠰᠠᠯᠠᠭ᠎ᠠ ᠶᠢᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠢᠯᠠᠩᠭᠤᠶ᠎ᠠ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠭᠤᠷᠪᠠᠨ ᠲᠥᠷᠥᠯ ᠤᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠬᠦ ᠳᠠᠭᠠᠭᠤᠯᠤᠭᠴᠢ ᠪᠣᠯᠤᠭᠰᠠᠨ ᠤ ᠬᠤᠪᠢ ᠳᠤ᠂ 2022 ᠣᠨ ᠤ 3 ᠰᠠᠷ᠎ᠠ ᠳᠤ ᠰᠤᠷᠭᠠᠭᠤᠯᠢ ᠡᠬᠢᠯᠡᠬᠦ ᠦᠶ᠎ᠡ ᠳᠤ᠂ ᠰᠤᠷᠭᠠᠨ ᠬᠥᠮᠦᠵᠢᠯ ᠤᠨ ᠰᠤᠳᠤᠯᠤᠨ ᠰᠤᠷᠤᠯᠴᠠᠬᠤ ᠲᠥᠪ ᠤᠨ ᠨᠠᠮ ᠤᠨ ᠡᠭᠦᠷ ᠤᠨ ᠳᠡᠮᠵᠢᠯᠭᠡ ᠪᠠ ᠵᠣᠷᠢᠭᠵᠢᠭᠤᠯᠤᠯ ᠳᠣᠣᠷ᠎ᠠ᠂ ᠰᠠᠨᠠᠭᠠᠴᠢᠯᠠᠭ᠎ᠠ ᠠᠴᠠ ᠪᠠᠨ ᠨᠢᠭᠡᠳᠦᠭᠡᠷ ᠹᠷᠣᠨᠲ ᠤᠨ ᠵᠢᠭᠠᠨ ᠰᠤᠷᠭᠠᠯᠲᠠ ᠶᠢᠨ ᠠᠵᠢᠯ ᠤᠨ ᠪᠠᠶᠢᠷᠢ ᠳᠤ ᠬᠦᠷᠴᠦ ᠰᠤᠷᠭᠠᠨ ᠬᠥᠮᠦᠵᠢᠯ ᠢ ᠭᠤᠷᠪᠠᠨ ᠵᠢᠯ ᠳᠡᠮᠵᠢᠬᠦ ᠪᠠᠷ ᠭᠤᠶᠤᠴᠢᠯᠠᠵᠤ᠂ ᠨᠢᠭᠡᠳᠦᠯᠲᠡᠢ ᠨᠠᠶᠢᠷᠠᠭᠤᠯᠤᠭᠰᠠᠨ ᠲᠡᠦᠬᠡ ᠶᠢᠨ ᠬᠢᠴᠢᠶᠡᠯ ᠲᠥᠷᠥᠯ ᠤᠨ ᠵᠢᠭᠠᠬᠤ ᠮᠠᠲ᠋ᠧᠷᠢᠶᠠᠯ ᠢ ᠤᠯᠠᠮ ᠨᠢᠭᠡ ᠠᠯᠬᠤᠮ ᠣᠶᠢᠯᠠᠭᠠᠬᠤ ᠪᠠ ᠰᠤᠳᠤᠯᠵᠤ᠂ ᠪᠠᠭᠰᠢ ᠨᠠᠷ ᠲᠠᠢ ᠬᠠᠮᠲᠤ ᠪᠠᠷ ᠰᠢᠨ᠎ᠡ ᠪᠠᠶᠢᠳᠠᠯ᠂ ᠰᠢᠨ᠎ᠡ ᠠᠰᠠᠭᠤᠳᠠᠯ ᠳᠤ ᠬᠠᠨᠳᠤᠵᠤ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠡᠷᠢᠯᠬᠢᠯᠡᠭᠰᠡᠨ ᠪᠠᠶᠢᠨ᠎ᠠ᠃
       ᠵᠢᠭᠠᠨ ᠰᠤᠷᠭᠠᠯᠲᠠ ᠶᠢᠨ ᠳᠤᠮᠳᠠ ᠨᠡᠶᠢᠳᠡᠮ ᠬᠡᠷᠡᠭᠯᠡᠭᠳᠡᠬᠦ ᠦᠭᠡ ᠬᠡᠯᠡᠨ ᠤ ᠬᠡᠷᠡᠭᠯᠡᠭᠡᠨ ᠤ ᠴᠢᠳᠠᠪᠤᠷᠢ ᠬᠦᠷᠦᠯᠴᠡᠬᠦ ᠦᠭᠡᠢ ᠪᠠᠶᠢᠬᠤ ᠠᠰᠠᠭᠤᠳᠠᠯ ᠳᠤ ᠴᠢᠭᠯᠡᠭᠦᠯᠦᠨ᠂ ᠲᠡᠷᠡ ᠪᠡᠶ᠎ᠡ ᠪᠠᠨ ᠳᠠᠭᠠᠭᠠᠨ ᠰᠤᠷᠤᠯᠴᠠᠬᠤ ᠪᠠᠨ ᠴᠢᠩᠭᠠᠳᠬᠠᠵᠤ᠂ ᠦᠭᠡ ᠬᠡᠯᠡᠨ ᠤ ᠬᠡᠷᠡᠭᠯᠡᠭᠡᠨ ᠤ ᠴᠢᠳᠠᠪᠤᠷᠢ ᠪᠠ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠬᠢᠴᠢᠶᠡᠯ ᠤᠨ ᠲᠠᠩᠬᠢᠮ ᠤᠨ ᠠᠵᠢᠯᠯᠠᠭ᠎ᠠ ᠶᠢ ᠪᠠᠶᠠᠯᠢᠭᠵᠢᠭᠤᠯᠤᠨ᠂ ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠶᠢ ᠨᠢ ᠬᠥᠭᠵᠢᠭᠡᠵᠦ᠂ ᠰᠤᠷᠤᠭᠴᠢᠳ ᠤᠨ ᠬᠢᠴᠢᠶᠡᠯ ᠤᠨ ᠲᠠᠩᠬᠢᠮ ᠳᠤ ᠣᠷᠤᠯᠴᠠᠬᠤ ᠬᠡᠮᠵᠢᠶ᠎ᠡ ᠶᠢ ᠳᠡᠭᠡᠭᠰᠢᠯᠡᠭᠦᠯᠪᠡ᠃ ︽ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠦᠯᠵᠢᠶᠡᠨ ᠤ ᠡᠭᠦᠯᠡᠨ ᠲᠠᠪᠴᠠᠩ︾ ᠵᠡᠷᠭᠡ ᠰᠦᠯᠵᠢᠶᠡᠨ ᠳᠡᠭᠡᠷᠡᠬᠢ ᠰᠤᠷᠤᠯᠴᠠᠯᠭ᠎ᠠ ᠶᠢᠨ ᠲᠠᠪᠴᠠᠩ ᠢ ᠠᠰᠢᠭᠯᠠᠨ ᠥᠪᠡᠰᠦᠪᠡᠨ ᠰᠤᠷᠤᠯᠴᠠᠵᠤ᠂ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠬᠢᠴᠢᠶᠡᠯ ᠤᠨ ᠲᠠᠩᠬᠢᠮ ᠤᠨ ᠮᠠᠷᠭᠤᠯᠳᠤᠭᠠᠨ᠂ ᠳᠤᠭᠤᠶᠢᠯᠠᠩ ᠬᠤᠪᠢᠶᠠᠨ ᠶᠠᠷᠢᠯᠴᠠᠬᠤ ᠵᠡᠷᠭᠡ ᠠᠷᠭ᠎ᠠ ᠪᠠᠷ ᠳᠠᠮᠵᠢᠨ ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠶᠢ ᠬᠥᠭᠵᠢᠭᠡᠵᠦ᠂ ᠰᠤᠷᠤᠭᠴᠢᠳ ᠤᠨ ᠰᠠᠨᠠᠭᠠᠴᠢᠯᠠᠭ᠎ᠠ ᠠᠴᠠ ᠪᠠᠨ ᠰᠡᠳᠬᠢᠬᠦ ᠴᠢᠳᠠᠪᠤᠷᠢ ᠶᠢ ᠳᠡᠭᠡᠭᠰᠢᠯᠡᠭᠦᠯᠪᠡ᠃
       ᠡᠭᠦᠨ ᠤ ᠬᠠᠮᠲᠤ ᠬᠢᠴᠢᠶᠡᠯ ᠲᠥᠷᠥᠯ ᠤᠨ ᠪᠠᠭᠰᠢ ᠲᠠᠢ ᠬᠠᠮᠲᠤ ᠰᠤᠷᠤᠯᠴᠠᠵᠤ᠂ ᠬᠢᠴᠢᠶᠡᠯ ᠲᠥᠷᠥᠯ ᠤᠨ ᠪᠠᠭᠰᠢ ᠶᠢᠨ ᠰᠤᠳᠤᠯᠭᠠᠨ ᠤ ᠰᠡᠳᠦᠪ ᠢ ᠳᠠᠭᠠᠭᠤᠯᠤᠨ᠂ ᠪᠠᠭᠰᠢ ᠶᠢᠨ ᠲᠤᠰᠬᠠᠢ ᠮᠡᠷᠭᠡᠵᠢᠯ ᠤᠨ ᠪᠤᠶᠢᠵᠢᠯᠲᠠ ᠶᠢ ᠳᠡᠮᠵᠢᠬᠦ ᠪᠠᠶᠢᠴᠠᠭᠠᠨ ᠵᠢᠯᠤᠭᠤᠳᠬᠤ ᠠᠵᠢᠯ ᠢ ᠭᠤᠣᠯᠳᠠᠯᠭ᠎ᠠ ᠲᠠᠢ ᠥᠷᠨᠢᠭᠦᠯᠵᠦ᠂ ᠬᠢᠴᠢᠶᠡᠯ ᠤᠨ ᠥᠭᠡᠷᠡᠴᠢᠯᠡᠯᠲᠡ ᠶᠢᠨ ᠳᠠᠷᠠᠭ᠎ᠠ ᠰᠢᠨ᠎ᠡ ᠪᠠᠷᠭᠤ ᠪᠠᠷᠠᠭᠤᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠪᠠᠷ ᠲᠤᠰᠢᠶᠠᠯ ᠡᠭᠦᠷᠭᠡᠯᠡᠭᠰᠡᠨ 3 ᠲᠡᠦᠬᠡ ᠶᠢᠨ ᠲᠤᠰᠬᠠᠢ ᠪᠠᠭᠰᠢ ᠳᠤ ᠪᠣᠯᠪᠠᠰᠤᠷᠠᠯ ᠬᠦᠷᠲᠡᠭᠡᠵᠦ᠂ ᠵᠢᠭᠠᠨ ᠰᠤᠳᠤᠯᠬᠤ ᠲᠥᠯᠥᠪᠯᠡᠭᠡ ᠶᠢ ᠲᠣᠭᠲᠠᠭᠠᠨ ᠨᠠᠶᠢᠳᠠᠪᠤᠷᠢᠵᠢᠭᠤᠯᠵᠤ᠂ ᠬᠠᠮᠲᠤ ᠶᠢᠨ ᠳᠡᠭᠡᠭᠰᠢᠯᠡᠯᠲᠡ ᠶᠢ ᠠᠬᠢᠭᠤᠯᠪᠠ᠃ ᠬᠠᠪᠰᠤᠷᠤᠨ ᠲᠡᠳᠬᠦᠵᠦ ᠵᠢᠯᠤᠭᠤᠳᠬᠤ ᠦᠢᠯᠡᠳᠦᠯ ᠢ ᠲᠣᠪᠤᠶᠢᠯᠭᠠᠨ᠂ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠰᠤᠷᠤᠯᠭ᠎ᠠ ᠶᠢᠨ ᠬᠤᠭᠤᠴᠠᠭ᠎ᠠ ᠪᠦᠷᠢ ᠳᠤ ᠵᠢᠭᠠᠬᠤ ᠶᠢ ᠰᠤᠳᠤᠯᠤᠭᠴᠢ ᠶᠢᠨ ᠬᠤᠪᠢ ᠪᠠᠷ ᠵᠢᠱᠢᠶ᠎ᠡ ᠦᠵᠡᠭᠦᠯᠬᠦ ᠬᠢᠴᠢᠶᠡᠯ ᠢ ᠢᠯᠡ ᠪᠠᠷ ᠳᠡᠯᠭᠡᠨ ᠦᠵᠡᠭᠦᠯᠵᠦ᠂ ᠰᠢᠨ᠎ᠡ ᠪᠠᠭᠰᠢ ᠨᠠᠷ ᠲᠣᠭᠤᠷᠢᠨ ᠦᠵᠡᠵᠦ᠂ ᠲᠤᠰᠬᠠᠢ ᠮᠡᠷᠭᠡᠵᠢᠯ ᠤᠨ ᠪᠤᠶᠢᠵᠢᠯᠲᠠ ᠶᠢ ᠠᠬᠢᠭᠤᠯᠪᠠ᠃        ᠣᠳᠣᠬᠠᠨ ᠳᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠡᠦᠬᠡ ᠶᠢᠨ ᠬᠢᠴᠢᠶᠡᠯ ᠲᠥᠷᠥᠯ ᠤᠨ ᠵᠢᠭᠠᠨ ᠰᠤᠷᠭᠠᠯᠲᠠ ᠪᠠ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠪᠠᠶᠠᠷ ᠬᠥᠷ ᠲᠠᠢ ᠪᠠᠶᠢᠵᠤ᠂ ᠰᠣᠷᠣᠭᠴᠢ ᠶᠢᠨ ᠬᠢᠷᠢ ᠪᠦᠲᠦᠮᠵᠢ ᠢᠯᠡᠳᠲᠡ ᠳᠡᠭᠡᠭᠰᠢᠯᠡᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号