ᠡᠨᠡ ᠵᠢᠯ ︽ᠢᠯᠡᠬᠦᠦ︾ 19 ᠡᠳᠦᠷ ᠠᠵᠢᠯᠯᠠᠨ᠎ᠠ︕ ᠰᠠᠶᠢᠨ ᠴᠢᠮᠡᠭᠡ ᠭᠡᠪᠡᠯ ᠡᠨᠡ ᠵᠢᠯ ᠪᠠᠰᠠ ᠭᠡᠳᠦᠨ ᠠᠯᠲᠠᠨ ᠭᠠᠷᠠᠭ ᠤᠨ ᠠᠮᠠᠷᠠᠯᠲᠠ ᠲᠠᠢ︕
ᠨᠡᠶᠢᠲᠡᠯᠡᠭᠰᠡᠨ ᠴᠠᠭ᠄
2023/2/3
       ᠡᠨᠡ ᠵᠢᠯ ᠤᠨ ᠴᠠᠭ ᠤᠯᠠᠷᠢᠯ ᠤᠨ ᠪᠢᠴᠢᠭ ᠢ ᠤᠷᠪᠠᠭᠤᠯᠪᠠᠯ ᠪᠢᠯᠢᠭ ᠤᠨ ᠤᠯᠠᠷᠢᠯ ᠤᠨ ᠲᠠᠤᠯᠠᠢ ᠵᠢᠯ 384 ᠡᠳᠦᠷ ᠪᠠᠶᠢᠬᠤ ᠶᠢ ᠣᠯᠵᠤ ᠮᠡᠳᠡᠨ᠎ᠡ︕        ᠡᠨᠡ ᠵᠢᠯ ︽ᠢᠯᠡᠬᠦᠦ︾ 19 ᠡᠳᠦᠷ ᠠᠵᠢᠯᠯᠠᠨ᠎ᠡ᠂ ᠠᠩᠬᠠᠷᠤᠭᠠᠷᠠᠢ        ᠳᠤᠮᠳᠠᠳᠤ ᠤᠯᠤᠰ ᠪᠣᠯ ᠳᠡᠯᠡᠬᠡᠶ ᠳᠡᠭᠡᠷ᠎ᠡ ᠬᠠᠮᠤᠭ ᠡᠷᠲᠡ ᠣᠨᠣᠪᠴᠢᠲᠠᠶ ᠵᠢᠷᠤᠬᠠᠶ ᠲᠠᠢ ᠪᠤᠯᠤᠬᠰᠠᠨ ᠤᠯᠤᠰ ᠪᠣᠯᠤᠨ᠎ᠠ᠂ ᠵᠢᠷᠤᠬᠠᠶ ᠶᠢᠨ ᠬᠥᠭᠵᠢᠯᠲᠡ ᠨᠢ ᠮᠠᠰᠢ ᠪᠠᠶᠠᠯᠢᠭ ᠪᠠᠶᠢᠵᠤ᠂ ᠠᠷᠭ᠎ᠠ ᠪᠢᠯᠢᠭ ᠢ ᠨᠡᠶᠢᠯᠡᠬᠦᠯᠦᠭᠰᠡᠨ ᠴᠠᠭ ᠤᠯᠠᠷᠢᠯ᠂ ᠪᠢᠯᠢᠭ ᠤᠨ ᠴᠠᠭ ᠤᠯᠠᠷᠢᠯ᠂ ᠡᠰᠢ ᠡᠷᠬᠡᠲᠡᠨ ᠤ ᠴᠠᠭ ᠤᠯᠠᠷᠢᠯ ᠵᠡᠷᠭᠡ ᠪᠠᠶᠢᠳᠠᠭ᠃ ᠲᠠᠤᠯᠠᠢ ᠵᠢᠯ 384 ᠡᠳᠦᠷ ᠲᠠᠢ᠂ ᠤᠴᠢᠷ ᠨᠢ ᠲᠡᠭᠦᠨ ᠢ ᠳᠤᠮᠳᠠᠳᠤ ᠤᠯᠤᠰ ᠤᠨ ᠠᠷᠭ᠎ᠠ ᠪᠢᠯᠢᠭ ᠤᠨ ᠨᠡᠢᠯᠡᠯᠭᠡ ᠪᠠᠷ ᠪᠣᠳᠣᠵᠤ ᠭᠠᠷᠭᠠᠭᠰᠠᠨ ᠶᠤᠮ᠃         ᠣᠳᠣ ᠳᠤᠮᠳᠠᠳᠤ ᠤᠯᠤᠰ ᠲᠤ ᠨᠡᠶᠢᠳᠡᠮ ᠨᠡᠷᠡᠶᠢᠳᠴᠦ ᠪᠠᠶᠢᠭ᠎ᠠ ᠪᠢᠯᠢᠭ ᠤᠨ ᠤᠯᠠᠷᠢᠯ ᠪᠣᠯ ᠨᠢᠭᠡ ᠵᠦᠢᠯ  ᠤᠨ ᠠᠷᠭ᠎ᠠ ᠪᠢᠯᠢᠭ ᠢ ᠨᠡᠶᠢᠯᠡᠭᠦᠯᠦᠭᠰᠡᠨ ᠴᠠᠭ ᠤᠯᠠᠷᠢᠯ ᠪᠣᠯᠤᠨ᠎ᠠ᠂ ᠬᠠᠮᠤᠭ ᠣᠷᠣᠶ ᠨᠢ ᠪᠠᠷᠠᠭᠤᠨ ᠬᠠᠨ ᠤᠯᠤᠰ ᠤᠨ ᠱᠣ᠋ ᠤᠯᠤᠰ ᠤᠨ ᠬᠥᠮᠦᠨ ᠯᠤᠤ ᠰᠢᠶᠠ ᠬᠤᠩ ᠵᠡᠷᠭᠡ ︽ᠲᠠᠶᠢᠴᠤ ᠶᠢᠨ ᠴᠠᠭ ᠤᠯᠠᠷᠢᠯ︾ ︵ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 104 ᠣᠨ︶ ᠢ ᠡᠬᠢᠯᠡᠨ ᠬᠡᠷᠡᠭᠯᠡᠵᠦ᠂ ᠦᠶ᠎ᠡ ᠦᠶ᠎ᠡ ᠶᠢᠨ ᠡᠷᠳᠡᠮᠲᠡᠳ ᠤᠨ ᠥᠭᠡᠷᠡᠴᠢᠯᠡᠯᠲᠡ ᠪᠠᠷ ᠳᠠᠮᠵᠢᠭᠠᠳ ᠣᠳᠣ ᠪᠣᠯᠲᠠᠯ᠎ᠠ ᠬᠡᠷᠡᠭᠯᠡᠭᠰᠡᠭᠡᠷ ᠪᠠᠶᠢᠨ᠎ᠠ᠂ ᠡᠭᠦᠨ ᠢ ᠪᠠᠰᠠ ᠪᠢᠯᠢᠭ ᠤᠨ ᠴᠠᠭ ᠤᠯᠠᠷᠢᠯ᠂ ᠵᠤᠨ ᠤ ᠴᠠᠭ ᠤᠯᠠᠷᠢᠯ ᠭᠡᠳᠡᠭ᠃         ᠨᠡᠶᠢᠲᠡ ᠶᠢᠨ ᠣᠨ ᠲᠣᠭᠠᠯᠠᠯ ᠤᠨ ᠨᠢᠭᠡ ᠵᠢᠯ ᠤᠨ ᠬᠤᠭᠤᠴᠠᠭ᠎ᠠ ᠨᠢ ᠬᠡᠷᠡᠭ ᠳᠡᠭᠡᠷ᠎ᠡ ᠪᠠᠨ ᠪᠠᠷᠤᠭ 365.24 ᠡᠳᠦᠷ ᠪᠠᠶᠢᠵᠤ᠂ ᠨᠢᠭᠡ ᠰᠠᠷ᠎ᠠ ᠶᠢᠨ ᠬᠤᠭᠤᠴᠠᠭ᠎ᠠ ᠨᠢ ᠬᠡᠷᠡᠭ ᠳᠡᠭᠡᠷ᠎ᠡ ᠪᠠᠨ ᠪᠠᠷᠤᠭ 29.56 ᠡᠳᠦᠷ ᠪᠠᠶᠢᠳᠠᠭ᠂ ᠢᠡᠭᠭᠢᠵᠦ ᠪᠤᠳᠤᠪᠠᠯ 12 ᠰᠠᠷ᠎ᠠ ᠨᠢ ᠦᠨᠡᠨ ᠳᠡᠭᠡᠨ ᠪᠠᠷᠤᠭ 354.37 ᠡᠳᠦᠷ ᠪᠤᠯᠬᠤ ᠪᠦᠭᠡᠳ ᠨᠡᠶᠢᠳᠡ ᠶᠢᠨ ᠤᠨ ᠲᠤᠭᠠᠯᠠᠯ ᠤᠨ ᠨᠢᠭᠡ ᠵᠢᠯ ᠤᠨ ᠡᠳᠦᠷ ᠬᠤᠭᠤᠴᠠᠭ᠎ᠠ ᠳᠤ ᠬᠦᠷᠬᠦ ᠦᠭᠡᠢ ᠶᠤᠮ᠃ ᠬᠡᠷᠪᠡ ᠤᠷᠲᠤ ᠬᠤᠭᠤᠴᠠᠭ᠎ᠠ ᠪᠠᠷ ᠬᠡᠷᠡᠭᠯᠡᠪᠡᠯ᠂ 10 ᠵᠢᠯ ᠤᠨ ᠳᠠᠷᠠᠭ᠎ᠠ᠂ ᠬᠤᠶᠠᠭᠤᠯᠠ ᠲᠠᠷᠦᠢ ᠭᠤᠷᠪᠠᠨ ᠰᠠᠷ᠎ᠠ ᠢᠯᠡᠭᠦᠦ ᠬᠤᠭᠤᠴᠠᠭ᠎ᠠ ᠵᠥᠷᠢᠨ᠎ᠡ᠃        ᠴᠠᠭ ᠤᠯᠠᠷᠢᠯ ᠤᠨ ᠠᠷᠭ᠎ᠠ ᠨᠢ ᠨᠠᠷᠠ ᠰᠠᠷᠠ ᠪᠠ ᠳᠡᠯᠡᠬᠡᠶ ᠶᠢᠨ ᠪᠥᠮᠪᠥᠷᠴᠡᠭ ᠤᠨ ᠬᠠᠷᠢᠴᠠᠭ᠎ᠠ ᠶᠢ ᠬᠠᠮᠲᠤ  ᠳᠤᠨᠢ ᠬᠠᠷᠠᠭᠠᠯᠵᠠᠵᠤ᠂ ᠬᠤᠶᠠᠭᠤᠯᠠ ᠶᠢᠨ ᠬᠤᠭᠤᠷᠣᠨᠳᠣᠬᠢ ᠡᠳᠦᠷ ᠤᠨ ᠲᠤᠭ᠎ᠠ ᠶᠢ ᠵᠣᠬᠢᠴᠠᠭᠤᠯᠬᠤ ᠶᠢᠨ ᠲᠥᠯᠥᠭᠡ᠂ ᠳᠠᠷᠤᠶ ︽ᠢᠯᠡᠭᠦᠦ ᠰᠠᠷ᠎ᠠ ᠭᠠᠷᠭᠠᠬᠤ ᠠᠷᠭ᠎ᠠ︾ ᠶᠢ ᠬᠡᠷᠡᠭᠯᠡᠪᠡ᠂ ᠡᠨᠡ ᠪᠣᠯ ᠨᠢᠭᠡ ᠵᠦᠢᠯ ᠤᠨ ᠵᠣᠬᠢᠶᠠᠮᠠᠯ ᠲᠣᠭᠲᠠᠭᠠᠯ ᠪᠣᠯᠤᠨ᠎ᠠ᠃        ᠣᠳᠣᠬᠠᠨ ᠳᠤ ᠬᠡᠷᠡᠭᠯᠡᠵᠦ ᠪᠠᠶᠢᠭ᠎ᠠ ᠢᠯᠡᠭᠦᠦ ᠰᠠᠷ᠎ᠠ ᠭᠠᠷᠭᠠᠵᠤ ᠪᠤᠳᠤᠬᠤ ᠠᠷᠭ᠎ᠠ ᠪᠣᠯ ︽ᠠᠷᠪᠠ ᠶᠢᠰᠦᠨ ᠵᠢᠯ ᠳᠤ ᠲᠤᠯᠤᠭᠠᠨ ᠢᠯᠡᠭᠦᠦ ᠰᠠᠷ᠎ᠠ ᠲᠠᠢ︾ ᠪᠠᠶᠢᠳᠠᠭ᠂ ᠠᠷᠪᠠ ᠶᠢᠰᠦᠨ ᠵᠢᠯ ᠳᠤ ᠠᠷᠪᠠᠨ ᠬᠤᠶᠠᠷ ᠡᠩ ᠤᠨ ᠵᠢᠯ᠂ ᠨᠢᠭᠡ ᠵᠢᠯ ᠳᠤ ᠠᠷᠪᠠᠨ ᠬᠤᠶᠠᠷ ᠰᠠᠷ᠎ᠠ ᠲᠠᠢ ᠪᠠᠶᠢᠳᠠᠭ︔ ᠳᠣᠯᠣᠭᠠᠨ ᠢᠯᠡᠭᠦᠦ ᠰᠠᠷ᠎ᠠ ᠲᠠᠢ ᠵᠢᠯ ᠪᠠᠶᠢᠵᠤ᠂ ᠨᠢᠭᠡ ᠵᠢᠯ  ᠳᠤ ᠠᠷᠪᠠᠨ ᠭᠤᠷᠪᠠᠨ ᠰᠠᠷ᠎ᠠ ᠲᠠᠢ ᠪᠠᠶᠢᠳᠠᠭ︔ ᠬᠤᠶᠠᠷ ᠠᠴᠠ ᠭᠤᠷᠪᠠᠨ ᠵᠢᠯ ᠪᠤᠯᠬᠤ ᠪᠦᠷᠢ ᠨᠢᠭᠡ ᠰᠠᠷ᠎ᠠ ᠨᠡᠮᠡᠵᠦ᠂ ᠳᠥᠷᠪᠡᠨ ᠤᠯᠠᠷᠢᠯ ᠠᠴᠠ ᠰᠠᠯᠤᠩᠭᠢᠷᠠᠬᠤ ᠠᠴᠠ ᠬᠢᠴᠢᠶᠡᠳᠡᠭ ᠪᠠᠶᠢᠨ᠎ᠠ᠃        ᠳᠤᠮᠳᠠᠳᠤ ᠤᠯᠤᠰ ᠤᠨ ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠡᠳᠦᠷ ᠪᠣᠯ ᠠᠷᠭ᠎ᠠ ᠪᠢᠯᠢᠭ ᠢ ᠨᠡᠶᠢᠯᠡᠬᠦᠯᠦᠭᠰᠡᠨ ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠪᠣᠯᠤᠨ᠎ᠠ᠃ ᠲᠠᠤᠯᠠᠢ ᠵᠢᠯ ᠪᠣᠯ ᠶᠠᠭ ᠢᠯᠡᠭᠦᠦ ᠰᠠᠷ᠎ᠠ ᠲᠠᠢ ᠵᠢᠯ ᠪᠤᠯᠬᠤ ᠶᠤᠮ᠂ ᠲᠡᠶᠢᠨ ᠬᠦ᠋‍ ᠨᠢᠭᠡ ᠵᠢᠯ ᠠᠷᠪᠠᠨ ᠭᠤᠷᠪᠠᠨ ᠰᠠᠷ᠎ᠠ ᠲᠠᠢ᠂ ᠨᠢᠭᠡ ᠵᠢᠯ ᠤᠨ ᠡᠳᠦᠷ ᠤᠨ ᠶᠡᠷᠦᠩᠬᠡᠶ ᠲᠤᠭ᠎ᠠ ᠨᠢ 384 ᠡᠳᠦᠷ ᠪᠤᠯᠤᠨ᠎ᠠ᠃        ᠡᠶᠢᠮᠦ ᠠᠴᠠ ᠡᠨᠡ ᠵᠢᠯ ︽ᠢᠯᠡᠬᠦᠦ︾ 19 ᠡᠳᠦᠷ ᠠᠵᠢᠯᠯᠠᠨ᠎ᠠ        ᠰᠠᠶᠢᠨ ᠴᠢᠮᠡᠭᠡ ᠬᠡᠪᠡᠯ ᠡᠨᠡ ᠵᠢᠯ ᠪᠠᠰᠠ ᠬᠡᠳᠦᠨ ᠠᠯᠲᠠᠨ ᠭᠠᠷᠠᠭ ᠤᠨ ᠠᠮᠠᠷᠠᠯᠲᠠ ᠲᠠᠢ︕        ᠬᠠᠩᠰᠢ ᠶᠢᠨ ᠡᠳᠦᠷ 1 ᠡᠳᠦᠷ ᠠᠮᠠᠷᠠᠨ᠎ᠠ        ᠡᠨᠡ ᠵᠢᠯ ᠤᠨ ᠬᠠᠩᠰᠢ ᠶᠢᠨ ᠡᠳᠦᠷ ᠪᠣᠯ ᠭᠠᠷᠠᠭ ᠤᠨ ᠭᠤᠷᠪᠠᠨ᠂ 4 ᠰᠠᠷ᠎ᠠ ᠶᠢᠨ 5 ᠤ ᠡᠳᠦᠷ ᠴᠢᠯᠥᠭᠡ ᠲᠠᠯᠪᠢᠨ᠎ᠠ᠂ ᠨᠡᠶᠢᠲᠡ 1 ᠡᠳᠦᠷ ᠠᠮᠠᠷᠠᠨ᠎ᠠ᠂ ᠭᠠᠷᠠᠭ ᠤᠨ ᠵᠢᠷᠭᠤᠭᠠᠨ ᠭᠠᠷᠠᠭ ᠤᠨ ᠡᠳᠦᠷ ᠢ ᠰᠢᠯᠵᠢᠭᠦᠯᠦᠨ ᠠᠮᠠᠷᠠᠭᠤᠯᠬᠤ ᠦᠭᠡᠢ᠃        ᠬᠥᠳᠡᠯᠮᠦᠷᠢᠴᠢᠳ ᠤᠨ ᠪᠠᠶᠠᠷ ᠲᠤ 5 ᠡᠳᠦᠷ ᠠᠮᠠᠷᠠᠨ᠎ᠠ        ᠡᠨᠡ ᠵᠢᠯ ᠤᠨ ᠬᠥᠳᠡᠯᠮᠦᠷᠢᠴᠢᠳ ᠤᠨ ᠪᠠᠶᠠᠷ ᠲᠤ 4 ᠰᠠᠷ᠎ᠠ ᠶᠢᠨ 29 ᠤ ᠡᠳᠦᠷ ᠠᠴᠠ 5 ᠰᠠᠷ᠎ᠠ ᠶᠢᠨ 3 ᠤ ᠡᠳᠦᠷ ᠪᠣᠯᠲᠠᠯ᠎ᠠ ᠨᠡᠶᠢᠲᠡ 5 ᠡᠳᠦᠷ ᠠᠮᠠᠷᠠᠨ᠎ᠠ᠃ 4 ᠰᠠᠷ᠎ᠠ ᠶᠢᠨ 23 ᠤ ᠡᠳᠦᠷ ︵ᠭᠠᠷᠠᠭ ᠤᠨ ᠡᠳᠦᠷ︶᠂ 5 ᠰᠠᠷ᠎ᠠ ᠶᠢᠨ 6 ᠤ ᠡᠳᠦᠷ ︵ᠭᠠᠷᠠᠭ ᠤᠨ ᠵᠢᠷᠭᠤᠭᠠᠨ︶ ᠠᠵᠢᠯᠯᠠᠨ᠎ᠠ᠃        ᠪᠢᠯᠢᠭ ᠤᠨ ᠤᠯᠠᠷᠢᠯ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠲᠤ 3 ᠡᠳᠦᠷ ᠠᠮᠠᠷᠠᠨ᠎ᠠ        ᠡᠨᠡ ᠵᠢᠯ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠲᠤ 6 ᠰᠠᠷ᠎ᠠ ᠶᠢᠨ 22 ᠤᠨ ᠡᠳᠦᠷ  ᠠᠴᠠ 24 ᠤ ᠡᠳᠦᠷ ᠪᠣᠯᠲᠠᠯ᠎ᠠ 3 ᠡᠳᠦᠷ ᠠᠮᠠᠷᠠᠨ᠎ᠠ᠃ 6 ᠰᠠᠷ᠎ᠠ ᠶᠢᠨ 25 ᠤ ᠡᠳᠦᠷ ︵ᠭᠠᠷᠠᠭ ᠤᠨ ᠡᠳᠦᠷ︶ ᠠᠵᠢᠯᠯᠠᠨ᠎ᠠ᠃        ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠲᠤ 8 ᠡᠳᠦᠷ ᠠᠮᠠᠷᠠᠨ᠎ᠠ        ᠡᠨᠡ ᠵᠢᠯ ᠤᠨ ᠨᠠᠢᠮᠠᠨ ᠰᠠᠷ᠎ᠠ ᠶᠢᠨ ᠲᠡᠷᠭᠡᠯ ᠪᠠᠶᠠᠷ ᠪᠠ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠶᠢ ︽ᠨᠡᠶᠢᠯᠡᠭᠦᠯᠦᠨ︾ ᠠᠮᠠᠷᠠᠭᠤᠯᠵᠤ᠂ 8 ᠡᠳᠦᠷ ᠤᠨ ᠠᠯᠲᠠᠨ ᠭᠠᠷᠠᠭ ᠤᠨ ᠠᠮᠠᠷᠠᠯᠳᠠ ᠪᠤᠯᠭᠠᠨ ᠪᠦᠷᠢᠯᠳᠦᠬᠦᠯᠦᠨ᠎ᠡ᠂ ᠭᠡᠪᠡᠴᠦ ᠪᠠᠶᠠᠷ ᠤᠨ ᠡᠳᠦᠷ ᠤᠨ ᠳᠠᠷᠠᠭ᠎ᠠ 7 ᠡᠳᠦᠷ ᠳᠠᠷᠠᠭᠠᠯᠠᠨ ᠠᠵᠢᠯᠯᠠᠬᠤ ᠴᠢᠬᠤᠯᠠᠳᠠᠢ᠃ 9 ᠰᠠᠷ᠎ᠠ ᠶᠢᠨ 29 ᠤ ᠡᠳᠦᠷ ᠠᠴᠠ 10 ᠰᠠᠷ᠎ᠠ ᠶᠢᠨ 6 ᠤ ᠡᠳᠦᠷ ᠪᠣᠯᠲᠠᠯ᠎ᠠ 8 ᠡᠳᠦᠷ ᠠᠮᠠᠷᠠᠨ᠎ᠠ᠃ 10 ᠰᠠᠷ᠎ᠠ ᠶᠢᠨ 7 ᠤ ᠡᠳᠦᠷ ︵ᠭᠠᠷᠠᠭ ᠤᠨ ᠵᠢᠷᠭᠤᠭᠠᠨ︶᠂ 10 ᠰᠠᠷ᠎ᠠ ᠶᠢᠨ 8 ᠤ ᠡᠳᠦᠷ ︵ᠭᠠᠷᠠᠭ ᠤᠨ ᠡᠳᠦᠷ︶ ᠠᠵᠢᠯᠯᠠᠨ᠎ᠠ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号