ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ︽ᠠᠵᠢᠯᠲᠠᠨ ᠠᠵᠢᠯᠴᠢᠨ ᠤ ᠭᠡᠷ ᠪᠦᠯᠢ︾ ᠶᠢᠨ ᠡᠭᠦᠳᠦᠨ ᠪᠠᠶᠢᠭᠤᠯᠤᠯᠲᠠ ᠶᠢᠨ ᠠᠵᠢᠯ ᠢ ᠢᠳᠡᠪᠬᠢᠲᠡᠢ ᠲᠦᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/2/7
       ᠠᠵᠢᠯᠲᠠᠨ ᠠᠵᠢᠯᠴᠢᠨ ᠤ ᠠᠵᠢᠯ ᠤᠨ ᠴᠢᠯᠦᠭᠡᠨ ᠤ ᠠᠮᠢᠳᠤᠷᠠᠯ ᠢ ᠬᠦᠭᠵᠢᠶᠡᠨᠲᠡᠢ ᠪᠣᠯᠭᠠᠵᠤ᠂ ᠡᠶ᠎ᠡ ᠵᠣᠬᠢᠴᠠᠩᠭᠤᠢ ᠬᠦᠭᠵᠢᠯᠲᠡ ᠶᠢᠨ ᠣᠷᠴᠢᠨ ᠲᠣᠭᠤᠷᠢᠨ ᠪᠠ ᠰᠠᠶᠢᠨ ᠰᠠᠶᠢᠬᠠᠨ ᠠᠵᠢᠯ ᠤᠨ ᠣᠷᠴᠢᠨ ᠲᠣᠭᠤᠷᠢᠨ ᠢ ᠪᠣᠢ ᠪᠣᠯᠭᠠᠨ᠂ ᠠᠵᠢᠯᠲᠠᠳ ᠤᠨ ᠡᠷᠡᠭᠦᠯ ᠦᠭᠡᠳᠡᠷᠬᠡᠭ ᠣᠶᠣᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠠᠵᠢᠯᠲᠠᠨ ᠠᠵᠢᠯᠴᠢᠳ ᠤᠨ ᠪᠦᠯᠬᠦᠮ ᠨᠡᠶᠢᠲᠡ ᠶᠢᠨ ᠤᠬᠠᠮᠰᠠᠷ ᠢ ᠴᠢᠨᠠᠭᠰᠢᠳᠠ ᠳᠡᠭᠡᠭᠰᠢᠯᠡᠭᠦᠯᠦᠨ᠂ ᠠᠵᠢᠯᠲᠠᠳ ᠤᠨ ᠵᠣᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠶᠢᠨ ᠲᠦᠯᠦᠭᠡ᠂ ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠦᠨᠳᠦᠰᠦᠨ ᠱᠠᠲᠤᠨ ᠤ ᠠᠵᠢᠯᠴᠢᠨ ᠤ ᠶᠡᠷᠦᠩᠬᠡᠢ ᠡᠪᠯᠡᠯ ᠤᠨ ︽ᠠᠵᠢᠯᠲᠠᠨ ᠠᠵᠢᠯᠴᠢᠨ ᠤ ᠭᠡᠷ ᠪᠦᠯᠢ︾ ᠶᠢ ᠴᠣᠭᠴᠠᠯᠠᠨ ᠪᠠᠶᠢᠭᠤᠯᠬᠤ ᠠᠵᠢᠯ ᠢ ᠢᠳᠡᠪᠬᠢᠲᠡᠢ ᠠᠬᠢᠭᠤᠯᠵᠤ᠂ ᠰᠢᠨ᠎ᠡ ᠶᠢ ᠡᠭᠦᠳᠬᠦ ᠴᠢᠨᠠᠷᠲᠠᠢ᠂ ᠬᠡᠷᠡᠭᠯᠡᠭᠡᠨ ᠤ ᠴᠢᠨᠠᠷ ᠢᠶᠠᠷ ᠴᠢᠩᠭ᠎ᠠ ᠬᠡᠷᠡᠭᠯᠡᠭᠡᠨ ᠤ ᠨᠤᠷᠮ᠎ᠠ ᠪᠠᠷ ᠦᠨᠳᠦᠷ ︽ᠠᠵᠢᠯᠲᠠᠨ ᠠᠵᠢᠯᠴᠢᠨ ᠤ ᠬᠠᠯᠠᠭᠤᠨ ᠳᠤᠯᠠᠭᠠᠨ ᠦᠷᠦᠭᠡ︾ ᠶᠢ ᠴᠢᠷᠮᠠᠶᠢᠨ ᠪᠠᠶᠢᠭᠤᠯᠪᠠ᠃
       ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ︽ᠠᠵᠢᠯᠲᠠᠨ ᠠᠵᠢᠯᠴᠢᠨ ᠤ ᠭᠡᠷ ᠪᠦᠯᠢ︾ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠢᠳᠡᠪᠬᠢᠲᠡᠢ ᠳᠡᠮᠵᠢᠬᠦ ᠶᠢᠨ ᠬᠠᠮᠲᠤ᠂ ᠠᠵᠢᠯᠴᠢᠨ ᠤ ᠡᠪᠯᠡᠯ ᠤᠨ ᠠᠵᠢᠯ ᠢ ᠰᠠᠶᠢᠲᠤᠷ ᠵᠢᠭᠠᠨ ᠵᠢᠯᠣᠭᠤᠳᠴᠤ᠂ ᠵᠠᠷᠤᠳᠠᠯ ᠤᠨ ᠲᠠᠯ᠎ᠠ ᠪᠠᠷ ᠳᠡᠮᠵᠢᠯᠭᠡ ᠦᠵᠡᠭᠦᠯᠵᠦ ᠢᠷᠡᠪᠡ᠃ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠠᠵᠢᠯᠴᠢᠨ ᠤ ᠡᠪᠯᠡᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠵᠤ᠂ ᠠᠵᠢᠯ ᠤᠨ ᠴᠢᠯᠦᠭᠡᠨ ᠤ ᠬᠦᠳᠡᠯᠭᠡᠭᠡᠨ ᠤ ᠲᠠᠯᠠᠪᠠᠢ ᠶᠢ ᠰᠢᠯᠢᠳᠡᠭᠵᠢᠭᠦᠯᠦᠨ᠂ ᠬᠠᠮ ᠵᠠᠭᠤᠴᠢᠯᠠᠭᠤᠷ ᠤᠨ ᠲᠥᠪ ᠤᠨ ᠨᠢᠭᠡᠳᠦᠭᠡᠷ ᠠᠰᠠᠷ ᠲᠤ ᠵᠤᠭ᠎ᠠ ᠴᠡᠩᠭᠡᠯ ᠪᠡᠶ᠎ᠡ ᠴᠢᠬᠢᠷᠠᠭᠵᠢᠭᠤᠯᠬᠤ ᠶᠢ ᠨᠢᠭᠡ ᠴᠣᠭᠴᠠᠵᠢᠭᠤᠯᠤᠭᠰᠠᠨ ᠠᠵᠢᠯᠯᠠᠭᠠᠨ ᠤ ᠲᠠᠯᠠᠪᠤᠷ ᠪᠠᠶᠢᠭᠤᠯᠵᠤ᠂ ︽ᠠᠵᠢᠯᠲᠠᠨ ᠠᠵᠢᠯᠴᠢᠨ ᠤ ᠭᠡᠷ ᠪᠦᠯᠢ︾ ᠶᠢᠨ ᠳᠣᠲᠣᠷ᠎ᠠ ᠰᠡᠳᠬᠢᠴᠡ ᠶᠢᠨ ᠠᠰᠠᠭᠤᠨ ᠯᠠᠪᠯᠠᠬᠤ ᠦᠷᠦᠭᠡ᠂ ᠠᠵᠢᠯᠲᠠᠨ ᠠᠵᠢᠯᠴᠢᠨ ᠤ ᠠᠮᠠᠷᠠᠬᠤ ᠲᠣᠭᠤᠷᠢᠭ᠂ ᠬᠠᠮ ᠵᠠᠭᠤᠴᠢᠯᠠᠭᠤᠷ ᠤᠨ ᠨᠣᠮ ᠤᠨ ᠦᠷᠦᠭᠡ᠂ ᠪᠡᠶ᠎ᠡ ᠴᠢᠬᠢᠷᠠᠭᠵᠢᠭᠤᠯᠬᠤ ᠦᠷᠦᠭᠡ᠂ ᠭᠡᠷ ᠤᠨ ᠭᠠᠳᠠᠨᠠᠬᠢ ᠪᠦᠮᠪᠦᠭᠡ ᠶᠢᠨ ᠲᠠᠯᠠᠪᠤᠷ ᠲᠣᠬᠢᠷᠠᠭᠤᠯᠤᠨ᠂ ᠺᠠᠳ᠋ᠷ ᠠᠵᠢᠯᠲᠠᠳ ᠦᠪᠡᠷ ᠤᠨ ᠤᠬᠠᠮᠰᠠᠷ ᠠᠴᠠ ᠪᠠᠨ ᠵᠠᠭᠤ ᠭᠠᠷᠤᠢ ᠨᠣᠮ ᠪᠢᠴᠢᠭ ᠪᠡᠯᠡᠳᠬᠡᠵᠦ ᠨᠢᠭᠡ ᠴᠣᠭᠴᠠᠵᠢᠭᠰᠠᠨ ᠠᠵᠢᠯᠲᠠᠨ ᠠᠵᠢᠯᠴᠢᠨ ᠤ ᠣᠶᠣᠨ ᠰᠠᠨᠠᠭᠠᠨ ᠤ ᠴᠡᠩᠭᠡᠯ ᠤᠨ ᠬᠦᠷᠢᠶᠡᠯᠡᠩ ᠢ ᠪᠠᠶᠢᠭᠤᠯᠤᠨ᠂ ᠠᠵᠢᠯᠲᠠᠨ ᠠᠵᠢᠯᠴᠢᠳ ᠢ ᠪᠠᠴᠢᠮ ᠶᠠᠭᠠᠷᠠᠯᠲᠠᠢ ᠠᠵᠢᠯ ᠤᠨ ᠴᠢᠯᠦᠭᠡ ᠪᠠᠷ ᠢᠶᠠᠨ ᠰᠡᠳᠬᠢᠯ ᠰᠠᠨᠠᠭ᠎ᠠ ᠪᠠᠨ ᠠᠮᠠᠷᠠᠭᠤᠯᠵᠤ᠂ ᠰᠢᠯᠢᠳᠡᠭ ᠰᠠᠶᠢᠨ ᠣᠶᠣᠨ ᠰᠠᠨᠠᠭᠠᠨ ᠤ ᠳᠦᠷᠰᠦ ᠪᠠᠶᠢᠳᠠᠯ ᠢᠶᠠᠷ ᠠᠵᠢᠯᠯᠠᠬᠤ ᠳᠤ ᠪᠠᠲᠤᠯᠠᠭ᠎ᠠ ᠬᠠᠩᠭᠠᠪᠠ᠃ ︽ᠠᠵᠢᠯᠲᠠᠨ ᠠᠵᠢᠯᠴᠢᠨ ᠤ ᠭᠡᠷ ᠪᠦᠯᠢ︾ ᠶᠢ ᠠᠰᠢᠭᠯᠠᠯᠲᠠ ᠳᠤ ᠣᠷᠤᠭᠤᠯᠤᠭᠰᠠᠨ ᠤ ᠳᠠᠷᠠᠭ᠎ᠠ᠂ ᠠᠵᠢᠯᠲᠠᠨ ᠠᠵᠢᠯᠴᠢᠨ ᠤ ᠭᠡᠷ ᠪᠦᠯᠢ ᠶᠢᠨ ᠲᠠᠯᠠᠪᠤᠷ ᠢ ᠠᠰᠢᠭᠯᠠᠨ ︽ᠬᠢᠵᠢᠭ ᠢ ᠰᠡᠷᠭᠡᠶᠢᠯᠡᠬᠦ ᠵᠢᠵᠢᠭ ᠵᠦᠴᠦᠭᠡ ᠶᠢᠨ ᠲᠠᠯᠠᠪᠤᠷ︾ ︽ᠰᠤᠷᠭᠠᠨ ᠬᠦᠮᠦᠵᠢᠯ ᠤᠨ ᠠᠵᠢᠯ ᠤᠨ ᠲᠤᠰᠬᠠᠢ ᠰᠤᠷᠪᠤᠯᠵᠢᠯᠠᠭ᠎ᠠ︾ ᠵᠡᠷᠭᠡ ᠰᠢᠨ᠎ᠡ ᠵᠠᠭᠤᠴᠢᠯᠠᠭᠤᠷ ᠤᠨ ᠫᠷᠦᠭᠷᠡᠮ ᠢ ᠰᠡᠭᠦᠳᠡᠷᠯᠡᠬᠦ ᠶᠢᠨ ᠬᠠᠮᠲᠤ᠂ ᠺᠠᠳ᠋ᠷ ᠠᠵᠢᠯᠲᠠᠨ ᠠᠵᠢᠯᠴᠢᠳ ᠤᠨ ᠪᠡᠶ᠎ᠡ ᠴᠢᠬᠢᠷᠠᠭᠵᠢᠭᠤᠯᠬᠤ᠂ ᠪᠡᠯᠡᠳᠬᠡᠯ ᠲᠦᠬᠦᠭᠡᠷᠦᠮᠵᠢ ᠶᠢ ᠰᠢᠨᠵᠢᠯᠡᠬᠦ ᠤᠬᠠᠭᠠᠨᠴᠢ᠂ ᠵᠦᠢ ᠵᠣᠬᠢᠰᠲᠠᠢ ᠬᠡᠷᠡᠭᠯᠡᠬᠦ ᠶᠢ ᠬᠦᠲᠦᠯᠦᠨ ᠵᠢᠯᠣᠭᠤᠳᠴᠤ᠂ ᠠᠵᠢᠯᠯᠠᠭᠠᠨ ᠤ ᠲᠠᠰᠤᠭ᠂ ᠰᠡᠳᠬᠢᠴᠡ ᠶᠢᠨ ᠠᠰᠠᠭᠤᠨ ᠯᠠᠪᠯᠠᠯᠲᠠ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠠᠵᠢᠯᠯᠠᠭᠠᠨ ᠤ ᠲᠠᠰᠤᠭ ᠵᠢᠴᠢ ᠲᠣᠨᠤᠭ ᠲᠦᠬᠦᠭᠡᠷᠦᠮᠵᠢ ᠶᠢ ᠬᠡᠷᠡᠭᠯᠡᠬᠦ ᠴᠠᠭ ᠪᠠ ᠵᠢᠷᠤᠮᠵᠢᠯ ᠢ ᠲᠣᠳᠣᠷᠬᠠᠶᠢᠯᠠᠪᠠ᠃
       ︽ᠠᠵᠢᠯᠲᠠᠨ ᠠᠵᠢᠯᠴᠢᠨ ᠤ ᠭᠡᠷ ᠪᠦᠯᠢ︾ ᠶᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠦᠷᠨᠢᠭᠦᠯᠬᠦ ᠪᠣᠯ ᠠᠵᠢᠯᠴᠢᠨ ᠤ ᠡᠪᠯᠡᠯ ᠤᠨ ᠴᠢᠬᠤᠯᠠ ᠰᠠᠭᠤᠷᠢ ᠴᠢᠨᠠᠷᠲᠠᠢ ᠠᠵᠢᠯ ᠪᠣᠯᠬᠤ ᠪᠦᠭᠡᠳ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠠᠵᠢᠯ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠴᠣᠭᠴᠠᠯᠠᠨ ᠪᠠᠶᠢᠭᠤᠯᠬᠤ ᠶᠢ ᠠᠬᠢᠭᠤᠯᠬᠤ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠳᠠᠷᠠᠭᠠᠴᠢ ᠶᠢᠨ  ᠠᠯᠬᠤᠮ ᠳᠤ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠦᠨᠳᠦᠰᠦᠨ ᠱᠠᠲᠤᠨ ᠤ ᠠᠵᠢᠯᠴᠢᠨ ᠤ ᠡᠪᠯᠡᠯ ᠢ ᠴᠢᠨᠠᠭᠰᠢᠳᠠ ᠳᠡᠮᠵᠢᠨ ᠵᠢᠯᠣᠭᠤᠳᠴᠤ᠂ ᠠᠵᠢᠯᠲᠠᠨ ᠠᠵᠢᠯᠴᠢᠨ ᠤ ᠰᠣᠶᠣᠯ ᠤᠨ ᠪᠦᠲᠦᠭᠡᠨ ᠪᠠᠶᠢᠭᠤᠯᠤᠯᠲᠠ ᠶᠢ ᠰᠣᠳᠣᠯᠣᠨ ᠲᠦᠯᠦᠪᠯᠡᠵᠦ᠂ ︽ᠪᠠᠶᠠᠷ ᠬᠦᠷ ᠲᠠᠢ ᠠᠵᠢᠯᠯᠠᠵᠤ᠂ ᠵᠣᠯ ᠵᠢᠷᠭᠠᠯ ᠲᠠᠢ ᠠᠮᠢᠳᠤᠷᠠᠬᠤ︾ ᠶᠠᠪᠤᠴᠠ ᠳᠤᠮᠳᠠ ᠢᠳᠡᠪᠬᠢᠲᠡᠢ᠂ ᠡᠷᠡᠭᠦᠯ᠂ ᠦᠭᠡᠳᠡᠷᠬᠡᠭ ᠣᠪᠣᠷ ᠲᠠᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠺᠠᠳ᠋ᠷ ᠣᠯᠠᠨ ᠲᠦᠮᠡᠨ ᠳᠤ ᠠᠵᠢᠯᠴᠢᠨ ᠤ ᠡᠪᠯᠡᠯ ᠤᠨ ᠬᠠᠶᠢᠷ᠎ᠠ ᠬᠠᠯᠠᠮᠵᠢ ᠶᠢ ᠮᠡᠳᠡᠷᠡᠭᠦᠯᠦᠨ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠠᠵᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠴᠢᠨᠠᠷ ᠰᠠᠶᠢᠲᠠᠢ ᠬᠦᠭᠵᠢᠯᠲᠡ ᠶᠢ ᠪᠡᠶᠡᠯᠡᠭᠦᠯᠬᠦ ᠪᠣᠯᠣᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号