ᠠᠷᠠᠳ ᠤᠨ ᠶᠠᠪᠤᠳᠠᠯ ᠤᠨ ᠲᠢᠩᠬᠢᠮ ᠠᠴᠠ 60 ᠵᠤᠷᠪᠤᠰ ᠠᠷᠭ᠎ᠠ ᠬᠡᠮᠵᠢᠶ᠎ᠡ ᠠᠪᠴᠤ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/2/8
       2 ᠳ᠋ᠤᠭᠠᠷ ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ︽ᠵᠢᠷᠤᠮᠵᠢᠭᠤᠯᠤᠨ ᠴᠣᠮᠬᠠᠳᠬᠠᠵᠤ ᠬᠤᠷᠳᠤᠴᠠ ᠶᠢ ᠳᠡᠭᠡᠭᠰᠢᠯᠡᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠦ ᠪᠥᠬᠦ ᠲᠠᠯ᠎ᠠ ᠪᠠᠷ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ︾ ᠢ ᠳᠠᠷᠤᠮᠠᠯᠯᠠᠨ ᠲᠠᠷᠬᠠᠭᠠᠵᠤ᠂ 60 ᠵᠤᠷᠪᠤᠰ ᠪᠣᠳᠠᠲᠠᠢ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ︽ᠲᠦᠷᠭᠡᠨ︾ ᠪᠠᠶᠢᠬᠤ ᠶᠢ ᠲᠡᠷᠢᠭᠦᠨ ᠳᠤ ᠲᠠᠯᠪᠢᠬᠤ᠂ ︽ᠪᠣᠳᠠᠲᠠᠢ︾ ᠠᠵᠢᠯᠯᠠᠬᠤ ᠶᠢ ᠤᠷᠢᠳ ᠢᠶᠠᠷ ᠪᠣᠳᠣᠯᠬᠢᠯᠠᠵᠤ᠂ ︽ᠰᠢᠯᠢᠳᠡᠭ︾ ᠠᠴᠠ ᠰᠢᠯᠢᠳᠡᠭ ᠢ ᠡᠷᠬᠢᠮᠯᠡᠬᠦ ᠪᠠᠷ ᠪᠠᠷᠢᠮᠵᠢᠶ᠎ᠠ ᠪᠣᠯᠭᠠᠵᠤ᠂ ᠠᠷᠠᠳ ᠤᠨ ᠶᠠᠪᠤᠳᠠᠯ ᠤᠨ ᠡᠯ᠎ᠡ ᠵᠦᠢᠯ ᠤᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠂ ᠠᠷᠠᠳ ᠤᠨ ᠶᠠᠪᠤᠳᠠᠯ ᠤᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢ ᠵᠣᠷᠢᠭᠰᠠᠨ ᠪᠠᠶᠢᠨ᠎ᠠ᠃        60 ᠵᠤᠷᠪᠤᠰ ᠪᠣᠳᠠᠲᠠᠢ ᠠᠷᠭ᠎ᠠ ᠬᠡᠮᠵᠢᠶ᠎ᠡ ᠨᠢ ᠠᠯᠪᠠᠨ ᠪᠢᠴᠢᠭ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠠᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠰᠢᠮᠳᠠᠭᠤᠯᠤᠨ ᠭᠦᠢᠴᠡᠳᠬᠡᠬᠦ ᠶᠠᠰᠤ ᠴᠢᠨᠠᠷ ᠢ ᠳᠡᠭᠡᠭᠰᠢᠯᠡᠭᠦᠯᠬᠦ᠂ ᠪᠠᠶᠢᠴᠠᠭᠠᠨ ᠰᠤᠳᠤᠯᠤᠯᠲᠠ ᠶᠢᠨ ᠵᠡᠷᠭᠡᠯᠡᠯ ᠢ ᠳᠡᠭᠡᠭᠰᠢᠯᠡᠭᠦᠯᠬᠦ᠂ ᠵᠠᠰᠠᠭ ᠤᠨ ᠶᠠᠪᠤᠳᠠᠯ ᠢ ᠢᠯᠡ ᠪᠣᠯᠭᠠᠨ ᠲᠦᠷᠭᠡᠳᠬᠡᠬᠦ᠂ ᠬᠠᠤᠯᠢ ᠪᠠᠷ ᠵᠠᠰᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢ ᠰᠢᠯᠢᠳᠡᠭᠵᠢᠭᠦᠯᠬᠦ ᠵᠡᠷᠭᠡ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠢᠴᠢᠭ ᠮᠠᠲ᠋ᠧᠷᠢᠶᠠᠯ ᠶᠠᠪᠤᠭᠤᠯᠬᠤ᠂ ᠬᠦᠯᠢᠶᠡᠨ ᠠᠪᠬᠤ ᠪᠠ ᠭᠦᠢᠴᠡᠳᠬᠡᠬᠦ ᠬᠤᠷᠳᠤᠴᠠ ᠶᠢ ᠨᠡᠮᠡᠭᠳᠡᠭᠦᠯᠵᠦ᠂ ᠲᠢᠩᠬᠢᠮ ᠤᠨ ᠤᠳᠤᠷᠢᠳᠤᠯᠭ᠎ᠠ 1 ᠠᠵᠢᠯᠯᠠᠬᠤ ᠡᠳᠦᠷ ᠤᠨ ᠳᠣᠲᠣᠷ᠎ᠠ ᠠᠯᠪᠠᠨ ᠪᠢᠴᠢᠭ ᠢ ᠤᠩᠰᠢᠨ ᠴᠣᠬᠤᠯᠠᠪᠤᠷᠢᠯᠠᠵᠤ᠂ ᠭᠠᠵᠠᠷ ᠠᠯᠪᠠᠨ ᠭᠡᠷ ︵ᠨᠢᠭᠡᠴᠢ︶ ᠤᠨ ᠬᠠᠷᠢᠭᠤᠴᠠᠯᠭᠠᠲᠠᠨ 1 ᠠᠵᠢᠯᠯᠠᠬᠤ ᠡᠳᠦᠷ ᠤᠨ ᠳᠣᠲᠣᠷ᠎ᠠ ᠡᠭᠦᠷᠭᠡ ᠶᠢ ᠠᠵᠢᠯᠲᠠᠨ ᠳᠤ ᠨᠠᠶᠢᠳᠠᠪᠤᠷᠢᠵᠢᠭᠤᠯᠤᠨ᠎ᠠ︔ ᠰᠢᠮᠳᠠᠭᠤᠯᠤᠨ ᠭᠦᠢᠴᠡᠳᠬᠡᠬᠦ ᠵᠦᠢᠯᠡᠰ ᠤᠨ ᠡᠭᠦᠷᠭᠡ ᠶᠢ ᠬᠤᠪᠢᠶᠠᠷᠢᠯᠠᠬᠤ᠂ ᠭᠦᠢᠴᠡᠳᠬᠡᠬᠦ᠂ ᠬᠠᠷᠢᠭᠤ ᠲᠤᠰᠬᠠᠬᠤ᠂ ᠴᠡᠭᠴᠡᠯᠡᠨ ᠰᠠᠶᠢᠵᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠩ ᠤᠨ ᠪᠠᠶᠢᠳᠠᠯ ᠳᠤ 1-3 ᠠᠵᠢᠯᠯᠠᠬᠤ ᠡᠳᠦᠷ ᠤᠨ ᠳᠣᠲᠣᠷ᠎ᠠ ᠪᠠᠶᠢᠷᠢᠯᠠᠭᠤᠯᠤᠨ ᠨᠠᠶᠢᠳᠠᠪᠤᠷᠢᠵᠢᠭᠤᠯᠵᠤ᠂ 15 ᠠᠵᠢᠯᠯᠠᠬᠤ ᠡᠳᠦᠷ ᠤᠨ ᠳᠣᠲᠣᠷ᠎ᠠ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠣᠶ ᠪᠣᠯᠭᠠᠨ᠎ᠠ︔ ᠰᠢᠮᠳᠠᠭᠤᠯᠤᠨ ᠭᠦᠢᠴᠡᠳᠬᠡᠬᠦ ᠡᠭᠦᠷᠭᠡ ᠶᠢᠨ ᠪᠥᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠤᠨ  ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤ ᠶᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠭᠦᠨ᠎ᠡ︔ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠴᠠᠭ ᠢ ᠪᠣᠭᠤᠨᠢᠰᠬᠠᠵᠤ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠶᠢ ᠴᠥᠭᠡᠳᠬᠡᠨ᠂ ᠭᠤᠶᠤᠴᠢᠯᠠᠬᠤ ᠮᠠᠲ᠋ᠧᠷᠢᠶᠠᠯ ᠢ ᠴᠣᠮᠬᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠶᠡᠷᠦᠩᠬᠡᠢ ᠠᠮᠠᠯᠠᠨ ᠭᠦᠢᠴᠡᠳᠬᠡᠬᠦ ᠴᠠᠭ ᠢ ᠬᠠᠤᠯᠢ ᠪᠠᠷ ᠲᠣᠭᠲᠠᠭᠠᠭᠰᠠᠨ ᠭᠦᠢᠴᠡᠳᠬᠡᠬᠦ ᠴᠠᠭ ᠠᠴᠠ 30% ᠠᠴᠠ ᠳᠡᠭᠡᠭᠰᠢ ᠪᠣᠭᠤᠨᠢᠰᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠪᠴᠢ ᠶᠢᠨ ᠬᠠᠮᠤᠭ ᠠᠷᠪᠢᠨ ᠳᠤ ᠪᠠᠨ ᠨᠢᠭᠡ ᠤᠳᠠᠭ᠎ᠠ ᠭᠦᠶᠦᠯᠭᠡᠬᠦ ᠶᠢ ᠪᠡᠶᠡᠯᠡᠭᠦᠯᠬᠦ ᠵᠡᠷᠭᠡ ᠶᠢ ᠲᠣᠭᠲᠠᠭᠠᠪᠠ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号