ᠠᠯᠳ᠋ᠬᠠᠮᠡᠭᠡᠯ ᠪᠠᠯᠭᠠᠰᠤ ᠶᠢᠨ ᠬᠠᠶᠢᠯᠠᠰᠤᠲᠤ ᠭᠠᠴᠠᠭ᠎ᠠ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠳᠤ ᠦᠢᠯᠡᠴᠢᠯᠡᠵᠦ ᠪᠣᠢ
ᠨᠡᠶᠢᠲᠡᠯᠡᠭᠰᠡᠨ ᠴᠠᠭ᠄
2023/2/9
       ᠬᠠᠪᠤᠷ ᠤᠨ ᠲᠥᠯ ᠲᠣᠰᠴᠤ ᠮᠡᠨᠳᠦ ᠪᠣᠶᠢᠵᠢᠭᠤᠯᠬᠤ ᠨᠢ ᠮᠠᠯᠵᠢᠬᠤ ᠦᠢᠯᠡᠳᠪᠦᠷᠢᠯᠡᠯ ᠤᠨ ᠬᠠᠮᠤᠭ ᠤᠨ ᠭᠤᠣᠯᠳᠠᠯᠭ᠎ᠠ ᠲᠠᠢ ᠠᠵᠢᠯ ᠪᠣᠯᠬᠤ ᠪᠦᠭᠡᠳ ᠮᠠᠯᠴᠢᠳ ᠲᠤ ᠠᠪᠴᠤ ᠬᠡᠯᠡᠪᠡᠯ ᠬᠠᠪᠤᠷ ᠨᠢ ᠨᠢᠭᠡ ᠵᠢᠯ ᠤᠨ ᠬᠠᠮᠤᠭ ᠤᠨ ᠶᠠᠭᠠᠷᠠᠯᠲᠠᠢ ᠤᠯᠠᠷᠢᠯ ᠪᠣᠯᠬᠤ ᠶᠤᠮ᠃ ᠣᠶᠢᠷ᠎ᠠ ᠶᠢᠨ ᠡᠳᠦᠷ᠂ ᠠᠯᠳ᠋ᠬᠠᠮᠡᠭᠡᠯ ᠪᠠᠯᠭᠠᠰᠤ ᠶᠢᠨ ᠬᠠᠶᠢᠯᠠᠰᠤᠲᠤ ᠭᠠᠴᠠᠭ᠎ᠠ ᠶᠢᠨ ᠦᠢᠯᠡᠴᠢᠯᠡᠭᠡᠨ ᠤ ᠪᠠᠭ᠎ᠠ ᠠᠩᠭᠢ ᠮᠠᠯᠴᠢᠳ ᠤᠨ ᠭᠡᠷ ᠲᠤ ᠬᠦᠷᠴᠦ᠂ ᠮᠠᠯ ᠠᠵᠤ ᠠᠬᠤᠢ ᠶᠢᠨ ᠪᠠᠶᠢᠳᠠᠯ ᠢ ᠣᠶᠢᠯᠠᠭᠠᠪᠠ᠃
       ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠦᠢᠯᠡᠴᠢᠯᠡᠭᠡᠨ ᠤ ᠪᠠᠭ᠎ᠠ ᠠᠩᠭᠢ ᠶᠢᠨ ᠬᠢᠨ ᠳᠠᠷᠤᠶᠢᠬᠠᠨ ᠪᠡᠯᠡᠳᠬᠡᠯ ᠬᠢᠵᠦ ᠲᠤᠰᠬᠠᠢ ᠮᠠᠯ ᠤᠨ ᠡᠮᠴᠢ ᠲᠠᠢ ᠬᠠᠷᠢᠯᠴᠠᠵᠤ᠂ ᠳᠠᠷᠠᠭ᠎ᠠ ᠡᠳᠦᠷ ᠨᠢ ᠲᠦᠯᠯᠡᠬᠦ ᠡᠬᠡ ᠮᠠᠯ ᠢ ᠡᠮᠨᠡᠭᠦᠯᠪᠡ᠃ ᠦᠢᠯᠡᠴᠢᠯᠡᠭᠡᠨ ᠤ ᠪᠠᠭ᠎ᠠ ᠠᠩᠭᠢ ᠶᠢᠨ ᠡᠨᠡᠬᠦ ᠠᠵᠢᠯᠯᠠᠭ᠎ᠠ ᠠᠷᠠᠳ ᠣᠯᠠᠨ ᠤ ᠬᠦᠷᠲᠡᠭᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠬᠠᠨᠤᠮᠵᠢ ᠶᠢᠨ ᠲᠦᠷᠦᠭᠳᠡᠯ ᠵᠡᠷᠭᠡ ᠳᠤ ᠬᠤᠯᠪᠣᠭᠳᠠᠬᠤ ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯ ᠪᠠᠶᠢᠵᠤ᠂ ᠬᠠᠶᠢᠯᠠᠰᠤᠲᠤ ᠭᠠᠴᠠᠭ ᠪᠣᠳᠠᠲᠤ ᠦᠢᠯᠡ ᠠᠵᠢᠯᠯᠠᠭ᠎ᠠ ᠪᠠᠷ ᠢᠶᠠᠨ ᠬᠠᠮᠢᠶ᠎ᠠ ᠪᠦᠬᠦᠢ ᠠᠵᠢᠯ ᠤᠨ ᠤᠷᠤᠭᠰᠢᠲᠠᠢ ᠶᠠᠪᠤᠭᠳᠠᠬᠤ ᠶᠢ ᠠᠬᠢᠭᠤᠯᠵᠤ᠂ ᠣᠯᠠᠨ ᠲᠦᠮᠡᠨ ᠳᠤ  ᠦᠢᠯᠡᠴᠢᠯᠡᠬᠦ ︽ᠬᠠᠮᠤᠭ ᠡᠴᠦᠰ ᠤᠨ ᠨᠢᠭᠡ ᠺᠢᠯᠦᠮᠧᠲᠷ︾ ᠢ ᠰᠠᠭᠠᠳ ᠦᠭᠡᠢ ᠨᠡᠪᠲᠡᠷᠡᠭᠦᠯᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号