ᠬᠤᠰᠢᠭᠤᠨ ᠤ ᠬᠠᠥᠯᠢ ᠴᠠᠭᠠᠵᠠ ᠶᠢᠨ ᠲᠣᠪᠴᠢᠶ᠎ᠠ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠡᠲᠡᠭᠡᠳ ᠢ ᠵᠣᠬᠢᠶᠠᠨ ᠪᠠᠶᠢᠭᠤᠯᠵᠤ᠂ 2023 ᠣᠨ ᠤ ᠠᠩᠬᠠᠳᠤᠭᠠᠷ ᠤᠳᠠᠭ᠎ᠠ ᠶᠢᠨ ᠨᠢᠭᠡᠳᠦᠯᠲᠡᠢ ᠰᠤᠷᠭᠠᠨ ᠬᠦᠮᠦᠵᠢᠯ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/2/9
       ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠬᠢᠨᠠᠯᠲᠠ ᠬᠠᠮᠢᠶᠠᠷᠤᠯᠲᠠ ᠵᠢᠴᠢ ᠰᠤᠷᠭᠠᠨ ᠬᠦᠮᠦᠵᠢᠯ ᠤᠨ ᠬᠦᠴᠦᠯᠡᠴᠡ ᠶᠢ ᠲᠠᠰᠤᠷᠠᠯᠲᠠ ᠦᠭᠡᠢ ᠴᠢᠩᠭᠠᠳᠬᠠᠨ᠂ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠡᠲᠡᠭᠡᠳ ᠤᠨ ᠬᠠᠥᠯᠢᠵᠢᠯ ᠤᠨ ᠦᠵᠡᠯᠲᠡ ᠪᠠ ᠬᠠᠥᠯᠢ ᠶᠢ ᠰᠠᠬᠢᠬᠤ ᠤᠬᠠᠮᠰᠠᠷ ᠢ ᠳᠡᠭᠡᠭᠰᠢᠯᠡᠭᠦᠯᠬᠦ ᠶᠢᠨ ᠲᠦᠯᠦᠭᠡ᠂ ᠣᠶᠢᠷ᠎ᠠ ᠳᠤ ᠬᠤᠰᠢᠭᠤᠨ ᠤ ᠬᠠᠥᠯᠢ ᠴᠠᠭᠠᠵᠠ ᠶᠢᠨ ᠲᠣᠪᠴᠢᠶ᠎ᠠ ᠪᠦᠬᠦ ᠬᠤᠰᠢᠭᠤᠨ ᠤ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠬᠦᠮᠦᠰ ᠢ ᠵᠣᠬᠢᠶᠠᠨ ᠪᠠᠶᠢᠭᠤᠯᠵᠤ᠂ ᠥᠨᠥ ᠵᠢᠯ ᠤᠨ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠦᠷᠨᠢᠭᠦᠯᠵᠦ᠂ ᠪᠦᠬᠦ ᠬᠤᠰᠢᠭᠤᠨ ᠤ 18 ᠵᠠᠰᠠᠨ ᠵᠠᠯᠠᠷᠠᠭᠤᠯᠬᠤ ᠬᠦᠮᠦᠰ ᠲᠤᠰ ᠤᠳᠠᠭ᠎ᠠ ᠶᠢᠨ ᠰᠤᠷᠤᠯᠴᠠᠯᠭ᠎ᠠ ᠳᠤ ᠣᠷᠣᠯᠴᠠᠪᠠ᠃
       ᠰᠡᠷᠡᠮᠵᠢᠯᠡᠭᠦᠯᠬᠦ ᠬᠦᠮᠦᠵᠢᠯ ᠤᠨ ᠹᠢᠯᠢᠮ ᠦᠵᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠠᠴᠠ ᠰᠤᠷᠤᠯᠴᠠᠬᠤ ︽ᠨᠡᠶᠢᠭᠡᠮ ᠲᠣᠭᠤᠷᠢᠭ ᠤᠨ ᠵᠠᠯᠠᠷᠠᠭᠤᠯᠤᠭ᠎ᠠ ᠶᠢᠨ ᠬᠠᠥᠯᠢ ᠶᠢᠨ ᠬᠡᠷᠡᠭᠵᠢᠭᠦᠯᠬᠦ ᠠᠷᠭ᠎ᠠ︾ ᠶᠢ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠡᠲᠡᠭᠡᠳ ᠲᠤ ᠵᠠᠰᠠᠨ ᠵᠠᠯᠠᠷᠠᠭᠤᠯᠬᠤ ᠬᠠᠮᠢᠶᠠᠷᠤᠯᠲᠠ ᠶᠢᠨ ᠲᠣᠭᠲᠠᠭᠠᠯ ᠠᠴᠠ ᠵᠦᠷᠢᠴᠡᠭᠰᠡᠨ ᠦᠷ᠎ᠡ ᠳ᠋ᠦᠩ ᠢ ᠣᠶᠢᠯᠠᠭᠠᠭᠤᠯᠵᠤ᠂ ᠳᠡᠷᠭᠡᠳᠡᠬᠢ ᠪᠣᠳᠠᠲᠤ ᠬᠡᠷᠡᠭ ᠤᠨ ᠵᠢᠱᠢᠶ᠎ᠡ ᠠᠴᠠ ᠰᠤᠷᠤᠯᠴᠠᠭᠤᠯᠤᠨ᠂ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠡᠲᠡᠭᠡᠳ ᠤᠨ ᠰᠤᠷᠤᠯᠴᠠᠬᠤ ᠣᠪᠣᠷ ᠲᠥᠪ ᠪᠠᠶᠢᠵᠤ᠂ ᠨᠠᠷᠢᠨ ᠬᠢᠨᠠᠮᠠᠭᠠᠢ ᠲᠡᠮᠳᠡᠭᠯᠡᠯ ᠬᠢᠵᠦ᠂ ᠰᠤᠷᠤᠯᠴᠠᠯᠭ᠎ᠠ ᠶᠢᠨ ᠳᠠᠷᠠᠭ᠎ᠠ ᠨᠡᠶᠢᠲᠡ ᠶᠢᠨ ᠠᠰᠠᠷᠠᠮᠵᠢ ᠶᠢᠨ ᠬᠦᠳᠡᠯᠮᠦᠷᠢ ᠳᠤ ᠣᠷᠣᠯᠴᠠᠪᠠ᠃        ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠬᠠᠥᠯᠢ ᠴᠠᠭᠠᠵᠠ ᠶᠢᠨ ᠲᠣᠪᠴᠢᠶ᠎ᠠ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠨᠢᠭᠡᠳᠦᠯᠲᠡᠢ ᠰᠤᠷᠭᠠᠨ ᠬᠦᠮᠦᠵᠢᠯ ᠤᠨ ᠬᠦᠴᠦᠯᠡᠴᠡ ᠶᠢ ᠤᠯᠠᠮ ᠴᠢᠨᠠᠭᠰᠢᠳᠠ ᠴᠢᠩᠭᠠᠳᠬᠠᠨ᠂ ᠰᠤᠷᠤᠯᠴᠠᠯᠭ᠎ᠠ ᠶᠢᠨ ᠬᠡᠯᠪᠡᠷᠢ ᠶᠢ ᠪᠠᠶᠠᠯᠢᠭᠵᠢᠭᠤᠯᠤᠨ᠂ ᠰᠤᠷᠭᠠᠨ ᠬᠦᠮᠦᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠨᠡᠶᠢᠭᠡᠮ ᠲᠣᠭᠤᠷᠠᠭ ᠤᠨ ᠵᠠᠰᠠᠨ ᠵᠠᠯᠠᠷᠠᠭᠤᠯᠬᠤ ᠠᠵᠢᠯ ᠳᠤ ᠪᠠᠲᠤ ᠰᠠᠭᠤᠷᠢ ᠶᠢ ᠲᠠᠯᠪᠢᠬᠤ ᠪᠣᠯᠣᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号