ᠴᠠᠩ ᠴᠢᠩ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠦᠭᠡᠳ ᠲᠡᠩᠴᠡᠭᠦᠷᠢᠲᠡᠢ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/3/1
       2 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠦᠭᠵᠢᠯᠲᠡ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠲᠡᠷᠡ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠬᠢᠷᠢ ᠲᠦᠪᠰᠢᠨ ᠪᠠ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠰᠤᠷᠭᠠᠨ ᠬᠥᠮᠦᠵᠢᠯ ᠢ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠦᠭᠵᠢᠭᠦᠯᠬᠦ ᠳᠤ ᠣᠯᠠᠨ ᠲᠦᠮᠡᠨ ᠬᠠᠨᠤᠮᠵᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠤᠯᠠᠭᠠᠨᠲᠤᠶᠠᠭ᠎ᠠ ᠵᠡᠷᠭᠡ ᠤᠳᠤᠷᠢᠳᠤᠯᠭ᠎ᠠ ᠪᠠᠷ᠎ᠠ ᠪᠣᠯᠣᠯᠴᠠᠪᠠ᠃        ᠴᠠᠩ ᠴᠢᠩ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ᠂ ᠣᠷᠱᠣᠨ ᠰᠤᠷᠭᠠᠭᠤᠯᠢ ᠪᠠ ᠨᠢᠭᠡᠳᠦᠭᠡᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ᠂ ᠰᠢᠨ᠎ᠡ ᠪᠠᠷ ᠪᠠᠶᠢᠭᠤᠯᠤᠭᠰᠠᠨ ᠶᠡᠷᠦᠩᠬᠡᠶᠢᠯᠡᠭᠰᠡᠨ ᠠᠰᠠᠷ᠂ ᠲᠣᠭᠤᠭᠠᠯᠠᠭ᠎ᠠ ᠶᠢᠨ ᠰᠠᠭᠤᠷᠢᠨ ᠭᠠᠵᠠᠷ᠂ ᠣᠯᠠᠨ ᠴᠢᠳᠠᠮᠵᠢᠲᠤ ᠠᠰᠠᠷ᠂ ᠵᠢᠭᠠᠨ ᠰᠤᠷᠭᠠᠯᠲᠠ ᠶᠢᠨ ᠠᠰᠠᠷ᠂ ᠳᠤᠮᠳᠠᠳᠤ ᠣᠷᠣᠰ ᠮᠣᠩᠭᠤᠯ ᠤᠨ ᠬᠥᠯ ᠪᠥᠮᠪᠦᠭᠡ ᠶᠢᠨ ᠪᠣᠯᠪᠠᠰᠤᠷᠠᠯ ᠤᠨ ᠰᠣᠯᠢᠯᠴᠠᠭᠠᠨ ᠤ ᠰᠠᠭᠤᠷᠢᠨ ᠭᠠᠵᠠᠷ ᠵᠡᠷᠭᠡ ᠲᠠᠯᠠᠪᠤᠷ ᠭᠠᠵᠠᠷ ᠢ ᠪᠠᠶᠢᠴᠠᠭᠠᠨ ᠦᠵᠡᠵᠦ᠂ ᠡᠯ᠎ᠡ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠬᠡᠪᠴᠢᠶ᠎ᠡ᠂ ᠪᠠᠷᠢᠮᠵᠢᠶᠠᠵᠢᠭᠰᠠᠨ ᠪᠠᠶᠢᠭᠤᠯᠤᠯᠲᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠵᠢᠭᠠᠨ ᠰᠤᠷᠭᠠᠯᠲᠠ ᠶᠢᠨ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠪᠠ ︽ᠬᠤᠶᠠᠷ ᠢ ᠬᠦᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠦᠭᠡᠳ ᠲᠡᠩᠴᠡᠭᠦᠷᠢᠲᠡᠢ ᠬᠦᠭᠵᠢᠯᠲᠡ ᠶᠢ ᠠᠬᠢᠭᠤᠯᠬᠤ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠪᠣᠯᠣᠨ ᠣᠷᠣᠰᠢᠵᠤ ᠪᠠᠶᠢᠭ᠎ᠠ ᠬᠦᠴᠢᠷᠳᠡᠯ ᠢ ᠨᠠᠷᠢᠯᠢᠭ ᠣᠶᠢᠯᠠᠭᠠᠬᠤ ᠶᠢᠨ ᠬᠠᠮᠲᠤ᠂ ᠰᠤᠷᠭᠠᠨ ᠬᠥᠮᠦᠵᠢᠯ ᠤᠨ ᠲᠣᠪᠴᠢᠶ᠎ᠠ ᠵᠢᠴᠢ ᠡᠯ᠎ᠡ ᠰᠤᠷᠭᠠᠭᠤᠯᠢ ᠶᠢᠨ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠠᠪᠠ᠃        ᠴᠠᠩ ᠴᠢᠩ᠄ ᠮᠠᠨ ᠤ ᠬᠤᠰᠢᠭᠤ ᠪᠣᠯ ᠬᠥᠯᠥᠨ ᠪᠤᠶᠢᠷ ᠬᠤᠲᠠ ᠶᠢᠨ ᠠᠩᠬᠠᠳᠠᠭᠴᠢ ︽ᠪᠦᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠦᠭᠵᠢᠯᠲᠡ ᠶᠢᠨ ᠰᠢᠶᠠᠨ︾ ᠢ ᠡᠭᠦᠳᠦᠨ ᠪᠠᠶᠢᠭᠤᠯᠬᠤ ᠲᠤᠷᠰᠢᠯᠲᠠ ᠶᠢᠨ ᠴᠡᠭ ᠪᠣᠯᠣᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠠᠮᠢᠶ᠎ᠠ ᠪᠦᠬᠦᠢ ᠲᠥᠰᠥᠯ ᠢ ᠪᠣᠳᠠᠲᠠᠶᠢᠵᠢᠭᠤᠯᠤᠨ ᠨᠠᠷᠢᠯᠢᠭᠵᠢᠭᠤᠯᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠤᠨ᠂ ᠰᠤᠷᠭᠠᠨ ᠬᠥᠮᠦᠵᠢᠯ ᠤᠨ ᠪᠦᠲᠦᠴᠡ ᠶᠢ ᠰᠢᠯᠢᠳᠡᠭᠵᠢᠭᠦᠯᠵᠦ᠂ ᠡᠯ᠎ᠡ ᠵᠦᠢᠯ ᠤᠨ ᠵᠥᠭᠡᠯᠡᠨ ᠬᠠᠲᠠᠭᠤ ᠲᠣᠨᠤᠭ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠰᠤᠷᠤᠭᠴᠢᠳ ᠲᠤ ᠠᠮᠤᠷ ᠲᠦᠪᠰᠢᠨ ᠂ ᠲᠠᠭᠠᠯᠠᠮᠵᠢᠲᠠᠢ ᠰᠤᠷᠤᠯᠴᠠᠯᠭ᠎ᠠ ᠶᠢᠨ ᠣᠷᠴᠢᠨ ᠲᠣᠭᠤᠷᠢᠨ ᠢ ᠬᠠᠩᠭᠠᠨ ᠥᠭᠴᠦ᠂ ᠠᠷᠠᠳ ᠲᠦᠮᠡᠨ ᠤ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠰᠣᠶᠣᠯ ᠢ ᠪᠠᠶᠠᠯᠢᠭᠵᠢᠭᠤᠯᠵᠤ᠂ ᠰᠤᠷᠭᠠᠭᠤᠯᠢ ᠶᠢᠨ ᠦᠪᠡᠷᠮᠢᠴᠡ ᠣᠨᠴᠠᠯᠢᠭᠲᠤ ᠲᠦᠷᠦᠯ ᠲᠡᠮᠳᠡᠭᠲᠦ ᠶᠢ ᠢᠳᠡᠪᠬᠢᠲᠡᠢ ᠡᠭᠦᠳᠴᠦ᠂ ︽ᠪᠦᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠦᠭᠡᠳ ᠲᠡᠩᠴᠡᠭᠦᠷᠢᠲᠡᠢ ᠬᠦᠭᠵᠢᠯᠲᠡ ᠶᠢᠨ ᠰᠢᠶᠠᠨ︾ ᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠴᠢᠳᠠᠪᠤᠷᠢ ᠪᠠ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠰᠤᠷᠤᠭᠴᠢᠳ ᠤᠨ ︽ᠲᠠᠪᠤᠨ ᠵᠦᠢᠯ ᠤᠨ ᠬᠥᠮᠦᠵᠢᠯ︾ ᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠬᠠᠷᠠᠬᠠᠨ ᠪᠠᠭ᠎ᠠ ᠠᠴᠠ ᠨᠢ ᠨᠠᠰᠤᠨ ᠲᠤᠷᠰᠢᠲᠠ ᠶᠢᠨ ᠬᠥᠭᠵᠢᠯᠲᠡ ᠪᠣᠯᠣᠨ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠰᠠᠨ ᠵᠥᠪ ᠦᠷᠳᠡᠭ ᠤᠨ ᠦᠵᠡᠯᠲᠡ᠂ ᠵᠠᠩ ᠰᠤᠷᠲᠠᠯ ᠪᠠ ᠵᠠᠩᠭᠢᠯᠠᠭ᠎ᠠ ᠶᠢᠨ ᠴᠢᠳᠠᠪᠤᠷᠢ ᠶᠢ ᠬᠥᠮᠥᠵᠢᠭᠦᠯᠵᠦ᠂ ᠰᠤᠷᠤᠭᠴᠢᠳ ᠤᠨ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠶᠢᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃        ᠴᠠᠩ ᠴᠢᠩ ᠪᠠᠰᠠ᠂ ᠠᠷᠠᠳ ᠲᠦᠮᠡᠨ ᠤ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠪᠠᠷ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠦᠭᠡᠳ ᠲᠡᠩᠴᠡᠭᠦᠷᠢᠲᠡᠢ ᠬᠥᠭᠵᠢᠯᠲᠡ ᠶᠢ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ᠂ ᠡᠭᠦᠳᠦᠨ ᠪᠠᠶᠢᠭᠤᠯᠬᠤ ᠪᠠᠷᠢᠮᠵᠢᠶ᠎ᠠ ᠶᠢ ᠴᠢᠩᠳᠠᠯᠠᠵᠤ᠂ ᠰᠤᠷᠭᠠᠨ ᠬᠥᠮᠦᠵᠢᠯ ᠤᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠬᠠᠮᠢᠶ᠎ᠠ ᠪᠦᠬᠦᠢ ᠱᠠᠭᠠᠷᠳᠠᠯᠭ᠎ᠠ ᠲᠠᠢ ᠬᠠᠷᠢᠴᠠᠭᠤᠯᠤᠨ᠂ ᠪᠠᠭᠤᠷᠠᠢ ᠲᠠᠯ᠎ᠠ ᠪᠠᠨ ᠨᠥᠬᠦᠪᠦᠷᠢᠯᠡᠵᠦ᠂ ᠬᠤᠰᠢᠭᠤ ᠳᠠᠶᠠᠭᠠᠷ ᠢᠶᠠᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠮᠠᠨ ᠤ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠦᠭᠡᠳ ᠲᠡᠩᠴᠡᠭᠦᠷᠢᠲᠡᠢ ᠬᠥᠭᠵᠢᠯᠲᠡ ᠶᠢ ᠪᠥᠬᠦ ᠲᠠᠯ᠎ᠠ ᠪᠠᠷ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号