ᠶᠡᠭᠡ ᠰᠠᠯᠬᠢ ᠪᠠ ᠴᠠᠰᠤ ᠰᠢᠭᠤᠷᠭ᠎ᠠ ᠲᠠᠢ ᠴᠠᠭ ᠠᠭᠤᠷ ᠤᠨ ᠨᠦᠯᠦᠭᠡ ᠠᠴᠠ ᠪᠣᠯᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠪᠥᠬᠦ ᠣᠷᠣᠨ | ᠬᠡᠪᠴᠢᠶᠡᠨ ᠳᠤ ᠦᠵᠡᠭᠳᠡᠴᠡ ᠲᠤᠶᠢᠯ ᠤᠨ ᠳᠣᠣᠷ᠎ᠠ ᠮᠥᠷᠲᠡᠭᠡᠨ ᠬᠡᠰᠡᠭ ᠵᠠᠮ ᠤᠨ ᠬᠡᠰᠡᠭ ᠲᠤ ᠴᠠᠰᠤ ᠬᠤᠷᠠᠬᠤ᠂ ᠮᠥᠰᠥ ᠬᠥᠯᠳᠡᠬᠦ ᠦᠵᠡᠭᠳᠡᠯ ᠭᠠᠷᠴᠤ᠂ ᠮᠠᠰᠢᠨ | ᠲᠡᠷᠭᠡ ᠨᠡᠪᠲᠡᠷᠡᠬᠦ ᠨᠥᠬᠦᠴᠡᠯ ᠳᠤ ᠬᠦᠷᠬᠦ ᠦᠭᠡᠢ ᠪᠣᠯᠪᠠ᠃ ᠵᠠᠮ ᠬᠠᠷᠢᠯᠴᠠᠭᠠᠨ ᠤ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠬᠦ ᠶᠢᠨ ᠲᠥᠯᠥᠭᠡ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠳᠥᠴᠢᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ | ᠰᠢᠨ᠎ᠡ ᠪᠠᠷᠭᠤ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠴᠠ ᠬᠠᠷᠢᠶ᠎ᠠ | ᠣᠷᠣᠨ ᠳᠠᠬᠢ ᠬᠡᠰᠡᠭ ᠵᠠᠮ ᠤᠨ ᠬᠡᠰᠡᠭ ᠲᠤ ᠲᠦᠷ ᠴᠠᠭ ᠤᠨ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠠᠪᠤᠭᠤᠯᠬᠤ ᠪᠠᠷ ᠲᠣᠭᠲᠠᠪᠠ᠂ ᠪᠣᠳᠠᠲᠠᠢ ᠵᠦᠢᠯᠡᠰ ᠨᠢ | ᠳᠣᠣᠷᠠᠬᠢ ᠮᠡᠲᠦ᠄ | ᠨᠢᠭᠡ᠂ ᠵᠠᠬᠢᠷᠤᠨ ᠬᠠᠮᠢᠶᠠᠷᠤᠯᠲᠠ ᠶᠠᠪᠤᠭᠤᠯᠬᠤ ᠵᠠᠮ ᠤᠨ ᠬᠡᠰᠡᠭ | ︵ᠨᠢᠭᠡ︶ G331 ᠤᠯᠤᠰ ᠤᠨ ᠵᠠᠮ ᠤᠨ 4896 ᠺᠢᠯᠣᠮᠧᠲᠷ ︵ᠮᠠᠨᠵᠤᠤᠷ ᠤᠨ ᠪᠠᠷᠠᠭᠤᠨ ᠵᠠᠬ᠎ᠠ︶ ᠠᠴᠠ 5062 ᠺᠢᠯᠣᠮᠧᠲᠷ ︵ᠣᠷᠱᠣᠨ ᠬᠥᠭᠦᠷᠭᠡ︶ | ᠬᠦᠷᠦᠨ᠎ᠡ᠃ | ︵ᠬᠤᠶᠠᠷ︶ S203 ᠮᠤᠵᠢ ᠶᠢᠨ ᠵᠠᠮ ᠤᠨ 14 ᠺᠢᠯᠣᠮᠧᠲᠷ ︵ᠮᠠᠨᠵᠤᠤᠷ ᠤᠨ ᠪᠠᠷᠠᠭᠤᠨ ᠵᠠᠬ᠎ᠠ︶ ᠠᠴᠠ 183 ᠺᠢᠯᠣᠮᠧᠲᠷ ︵ᠣᠷᠱᠣᠨ ᠬᠥᠭᠦᠷᠭᠡ︶ | ᠬᠦᠷᠦᠨ᠎ᠡ᠃ | ︵ᠭᠤᠷᠪᠠ︶ S306 ᠮᠤᠵᠢ ᠶᠢᠨ ᠵᠠᠮ ᠤᠨ ︵ᠠᠷᠤᠬᠠᠰᠢᠶᠠᠲᠤ ᠪᠣᠭᠤᠮᠲᠠ ᠶᠢᠨ ᠵᠠᠰᠠᠮᠠᠯ ᠵᠠᠮ︶ 1 ᠺᠢᠯᠣᠮᠧᠲᠷ ︵ᠠᠯᠳ᠋ᠬᠠᠮᠡᠭᠡᠯ ᠪᠠᠯᠭᠠᠰᠤ ᠶᠢᠨ ᠪᠠᠷᠠᠭᠤᠨ | ᠭᠠᠷᠬᠤ ᠵᠠᠮ︶ ᠠᠴᠠ 81 ᠺᠢᠯᠣᠮᠧᠲᠷ ︵ᠠᠷᠤᠬᠠᠰᠢᠶᠠᠲᠤ ᠪᠠᠯᠭᠠᠰᠤ︶ ᠬᠦᠷᠦᠨ᠎ᠡ᠃ | ᠬᠤᠶᠠᠷ᠂ ᠵᠠᠬᠢᠷᠤᠨ ᠬᠠᠮᠢᠶᠠᠷᠤᠯᠲᠠ ᠶᠠᠪᠤᠭᠤᠯᠬᠤ ᠬᠤᠭᠤᠴᠠᠭ᠎ᠠ | 2023 ᠣᠨ ᠤ 3 ᠰᠠᠷ᠎ᠠ ᠶᠢᠨ 10 ᠤ ᠡᠳᠦᠷ ᠤᠨ 9 ᠴᠠᠭ ᠠᠴᠠ ᠡᠬᠢᠯᠡᠨ᠂ ᠰᠡᠷᠭᠦᠭᠡᠬᠦ ᠴᠠᠭ ᠢ ᠠᠰ ᠲᠤᠨᠢ ᠮᠡᠳᠡᠭᠳᠡᠨ᠎ᠡ᠃ | ᠵᠠᠬᠢᠷᠤᠨ ᠬᠠᠮᠢᠶᠠᠷᠤᠯᠲᠠ ᠶᠠᠪᠤᠭᠤᠯᠬᠤ ᠬᠤᠭᠤᠴᠠᠭᠠᠨ ᠳᠤ᠂ ᠪᠦᠷᠢᠳᠦ ᠰᠦᠢᠳᠬᠡᠯ ᠬᠤᠷᠢᠶᠠᠬᠤ ᠦᠷᠲᠡᠭᠡ ᠶᠢᠨ ᠣᠷᠣᠵᠤ ᠭᠠᠷᠬᠤ ᠵᠠᠮ ᠢ ᠬᠠᠭᠠᠵᠤ᠂ ᠶᠠᠮᠠᠷᠪᠠ | ᠨᠢᠭᠡᠴᠡ᠂ ᠬᠤᠪᠢ ᠶᠢᠨ ᠲᠡᠷᠭᠡ ᠬᠥᠰᠬᠡ ᠵᠠᠬᠢᠷᠤᠨ ᠬᠠᠮᠢᠶᠠᠷᠤᠯᠲᠠ ᠶᠠᠪᠤᠭᠤᠯᠵᠤ ᠪᠠᠶᠢᠭ᠎ᠠ ᠵᠠᠮ ᠤᠨ ᠬᠡᠰᠡᠭ ᠢᠶᠠᠷ ᠨᠡᠪᠲᠡᠷᠡᠬᠦ ᠶᠢ ᠴᠠᠭᠠᠵᠠᠯᠠᠵᠤ᠂ ᠮᠠᠰᠢᠨ ᠲᠡᠷᠭᠡᠨ ᠤ | ᠵᠢᠯᠣᠭᠤᠴᠢ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠲᠣᠭᠲᠠᠭᠠᠯ ᠢ ᠵᠥᠷᠢᠴᠡᠨ ᠢᠳᠬᠠᠨ ᠬᠤᠷᠢᠭᠯᠠᠬᠤ ᠶᠢ ᠰᠣᠨᠣᠰᠬᠤ ᠦᠭᠡᠢ᠂ ᠠᠯᠪᠠ ᠪᠠᠷ ᠨᠡᠪᠲᠡᠷᠡᠭᠰᠡᠨ ᠪᠠᠶᠢᠪᠠᠯ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠶᠡᠷᠡ ᠶᠢᠰᠦᠳᠦᠭᠡᠷ ᠵᠦᠢᠯ ᠤᠨ ᠲᠣᠭᠲᠠᠭᠠᠯ ᠢ | ᠦᠨᠳᠦᠰᠦᠯᠡᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠶᠠᠷ ᠵᠠᠭᠤᠨ | ᠲᠥᠭᠦᠷᠢᠭ ᠠᠴᠠ ᠳᠡᠭᠡᠭᠰᠢ ᠬᠤᠶᠠᠷ ᠮᠢᠩᠭᠠᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ ᠰᠢᠢᠳᠬᠡᠵᠦ᠂ ᠠᠷᠪᠠᠨ ᠲᠠᠪᠤᠨ ᠡᠳᠦᠷ ᠠᠴᠠ ᠳᠣᠷᠣᠭᠰᠢ ᠲᠦᠷ | ᠬᠤᠷᠢᠬᠤ ᠪᠠᠷ ᠨᠡᠶᠢᠯᠡᠭᠦᠯᠦᠨ ᠰᠢᠢᠳᠬᠡᠨ᠎ᠡ᠃ | ᠭᠤᠷᠪᠠ᠂ ᠳᠣᠲᠣᠨᠣ ᠰᠠᠨᠠᠭᠤᠯᠤᠮᠵᠢ | ᠥᠷᠭᠡᠨ ᠣᠯᠠᠨ ᠵᠢᠯᠣᠭᠤᠴᠢ ᠭᠠᠳᠠᠭᠰᠢ ᠭᠠᠷᠬᠤ ᠪᠠᠨ ᠪᠠᠭᠠᠰᠬᠠᠵᠤ᠂ ᠵᠠᠮ ᠳᠤ ᠭᠠᠷᠴᠤ ᠵᠢᠯᠣᠭᠤᠳᠬᠤ ᠳᠠᠭᠠᠨ ᠮᠠᠰᠢᠨ ᠤ ᠬᠤᠷᠳᠤᠴᠠ ᠪᠠᠨ | ᠤᠳᠠᠭᠠᠰᠢᠷᠠᠭᠤᠯᠤᠨ᠂ ᠪᠣᠯᠭᠤᠮᠵᠢᠲᠠᠢ ᠵᠢᠯᠤᠭᠤᠳᠴᠤ᠂ ᠠᠳᠡᠯ ᠭᠠᠷᠬᠤ ᠠᠴᠠ ᠰᠡᠷᠭᠡᠶᠢᠯᠡᠨ᠂ ᠪᠠᠴᠢᠮ ᠪᠠᠶᠢᠳᠠᠯ ᠲᠣᠬᠢᠶᠠᠯᠳᠤᠪᠠᠯ ᠳᠠᠷᠤᠶᠢᠬᠠᠨ 122 ᠲᠤ | ᠤᠲᠠᠰᠤᠳᠠᠭᠠᠷᠠᠢ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ | | | ᠰᠢᠨ᠎ᠡ ᠪᠠᠷᠭᠤ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | 2023 ᠣᠨ ᠤ 3 ᠰᠠᠷ᠎ᠠ ᠶᠢᠨ 10 ᠤ ᠡᠳᠦᠷ | | |