ᠠᠯᠳ᠋ᠬᠠᠮᠡᠭᠡᠯ ᠪᠠᠯᠭᠠᠰᠤ ᠶᠢᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠦᠢᠯᠡᠴᠢᠯᠡᠭᠡᠨ ᠤ ᠲᠥᠪ ᠪᠠᠶᠢᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/3/10
ᠡᠯ᠎ᠡ ᠭᠠᠴᠠᠭ᠎ᠠ᠂ ᠨᠡᠶᠢᠭᠡᠮ ᠲᠣᠭᠤᠷᠢᠭ ᠲᠤ᠄        ᠭᠠᠯ ᠢ ᠰᠡᠷᠭᠡᠶᠢᠯᠡᠬᠦ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠨ᠂ ᠬᠠᠥᠯᠢ ᠶᠣᠰᠣᠭᠠᠷ ᠬᠢᠨᠠᠨ ᠬᠠᠮᠢᠶᠠᠷᠤᠯᠲᠠ ᠬᠢᠬᠦ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠠᠯᠳ᠋ᠬᠠᠮᠡᠭᠡᠯ ᠪᠠᠯᠭᠠᠰᠤ ᠶᠢᠨ ᠬᠠᠷᠢᠶ᠎ᠠ ᠣᠷᠣᠨ ᠳᠠᠬᠢ ᠭᠠᠯ ᠢ ᠰᠡᠷᠭᠡᠶᠢᠯᠡᠬᠦ ᠬᠦᠴᠦᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠰᠠᠭᠤᠷᠢ ᠶᠢ ᠪᠠᠬᠢᠵᠢᠭᠦᠯᠦᠨ᠂ ᠭᠠᠯ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠪᠠᠯᠭᠠᠰᠤ ᠶᠢᠨ ᠵᠠᠰᠠᠭ ᠤᠨ ᠣᠷᠳᠣᠨ ᠠᠴᠠ ᠰᠣᠳᠣᠯᠣᠨ ᠶᠠᠷᠢᠯᠴᠠᠬᠤ ᠪᠠᠷ ᠳᠠᠮᠵᠢᠨ᠂ ᠠᠯᠳ᠋ᠬᠠᠮᠡᠭᠡᠯ ᠪᠠᠯᠭᠠᠰᠤ ᠶᠢᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠦᠢᠯᠡᠴᠢᠯᠡᠭᠡᠨ ᠤ ᠲᠥᠪ ᠢ ᠪᠠᠶᠢᠭᠤᠯᠬᠤ ᠪᠠᠷ ᠲᠣᠭᠲᠠᠭᠠᠵᠤ᠂ ᠦᠢᠯᠡᠴᠢᠯᠡᠭᠡᠨ ᠤ ᠲᠥᠪ ᠤᠨ ᠪᠦᠷᠢᠯᠳᠦᠭᠦᠨ ᠨᠢᠭᠡᠴᠡ ᠶᠢᠨ ᠨᠡᠷᠡᠰ ᠨᠢ ᠳᠣᠣᠷᠠᠬᠢ ᠮᠡᠲᠦ᠄        ᠡᠷᠬᠢᠯᠡᠭᠴᠢ᠄ ᠢᠦᠢ ᠪᠠᠢ ᠮᠢᠩ  ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ        ᠳᠡᠳ᠋ ᠡᠷᠬᠢᠯᠡᠭᠴᠢ᠄ ᠯᠢᠶᠠᠩ ᠵᠢᠶᠦ᠋ᠨ  ᠪᠠᠯᠭᠠᠰᠤ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ        ᠪᠦᠷᠢᠯᠳᠦᠭᠦᠨ᠄ ᠸᠧᠨ ᠮᠢᠩ  ᠪᠠᠯᠭᠠᠰᠤ ᠶᠢᠨ ᠬᠤᠲᠠ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ        ᠳ᠋ᠦᠩ ᠭᠧ ᠢᠦᠢ  ᠪᠠᠯᠭᠠᠰᠤ ᠶᠢᠨ ᠬᠤᠲᠠ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠠᠵᠢᠯᠲᠠᠨ        ᠶᠠᠩ ᠴᠧᠨ ᠴᠧᠨ  ᠪᠠᠯᠭᠠᠰᠤ ᠶᠢᠨ ᠬᠤᠲᠠ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠠᠵᠢᠯᠲᠠᠨ        ᠤᠴᠠᠷᠠᠯ   ᠪᠠᠯᠭᠠᠰᠤ ᠶᠢᠨ ᠬᠤᠲᠠ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠠᠵᠢᠯᠲᠠᠨ        ᠪᠠᠯᠭᠠᠰᠤ ᠶᠢᠨ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠭᠠᠯ ᠢ ᠰᠡᠷᠭᠡᠶᠢᠯᠡᠬᠦ ᠠᠮᠤᠷ ᠲᠦᠪᠰᠢᠨ ᠤ ᠦᠢᠯᠡᠴᠢᠯᠡᠭᠡᠨ ᠤ ᠲᠥᠪ ᠳᠣᠣᠷᠠᠬᠢ ᠬᠠᠷᠢᠭᠤᠴᠠᠯᠭ᠎ᠠ ᠶᠢ ᠡᠭᠦᠷᠭᠡᠯᠡᠨ᠎ᠡ᠄        ︵ᠨᠢᠭᠡ︶ ᠡᠳᠦᠷ ᠲᠤᠳᠤᠮ ᠤᠨ ᠭᠠᠯ ᠢ ᠰᠡᠷᠭᠡᠶᠢᠯᠡᠬᠦ ᠲᠣᠭᠤᠷᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ ᠵᠠᠰᠠᠯᠲᠠ ᠶᠢ ᠴᠠᠭ ᠲᠤᠨᠢ ᠲᠣᠬᠢᠷᠠᠭᠤᠯᠤᠨ ᠥᠷᠨᠢᠭᠦᠯᠵᠦ᠂ ᠭᠠᠯ ᠤᠨ ᠠᠶᠤᠯ ᠤᠨ ᠲᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠬᠤ ᠬᠡᠷᠡᠭᠲᠡᠢ᠃        ︵ᠬᠤᠶᠠᠷ︶ ᠬᠠᠷᠢᠶ᠎ᠠ ᠣᠷᠣᠨ ᠤ ᠳᠣᠲᠣᠷᠠᠬᠢ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠥᠭᠡ ᠶᠢ ᠵᠢᠯᠤᠭᠤᠳᠴᠤ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃        ︵ᠭᠤᠷᠪᠠ︶ ᠭᠠᠯ ᠢ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠵᠤ ᠦᠷᠨᠢᠭᠦᠯᠬᠦ ᠬᠡᠷᠡᠭᠲᠡᠢ᠃         ︵ᠳᠥᠷᠪᠡ︶ ᠭᠠᠴᠠᠭ᠎ᠠ᠂ ᠨᠡᠶᠢᠭᠡᠮ ᠲᠣᠭᠤᠷᠢᠭ ᠢ ᠵᠢᠯᠣᠭᠤᠳᠤᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠨᠡᠶᠢᠲᠡ ᠶᠢᠨ ᠭᠡᠷ᠎ᠡ ᠲᠣᠭᠲᠠᠭᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠲᠣᠣᠷᠵᠢᠭᠤᠯᠤᠭᠰᠠᠨ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠬᠡᠷᠡᠭᠲᠡᠢ᠃        ︵ᠲᠠᠪᠤ︶ ᠳᠡᠭᠡᠳᠦ ᠱᠠᠲᠤᠨ ᠠᠴᠠ ᠪᠠᠶᠢᠷᠢᠯᠠᠭᠤᠯᠤᠭᠰᠠᠨ ᠭᠠᠯ ᠢ ᠰᠡᠷᠭᠡᠶᠢᠯᠡᠨ ᠤᠨᠲᠠᠷᠠᠭᠠᠬᠤ ᠪᠤᠰᠤᠳ ᠠᠵᠢᠯ ᠤᠨ ᠡᠭᠦᠷᠭᠡ ᠶᠢ ᠪᠡᠶᠡᠯᠡᠭᠦᠯᠬᠦ ᠬᠡᠷᠡᠭᠲᠡᠢ᠃        ᠭᠠᠯ ᠢ ᠰᠡᠷᠭᠡᠶᠢᠯᠡᠬᠦ ᠠᠮᠤᠷ ᠲᠦᠪᠰᠢᠨ ᠤ ᠦᠢᠯᠡᠴᠢᠯᠡᠭᠡᠨ ᠤ ᠲᠥᠪ ᠲᠤ ᠠᠯᠪᠠᠨ ᠭᠡᠷ ᠲᠣᠬᠢᠷᠠᠭᠤᠯᠤᠨ᠂ ᠠᠯᠪᠠᠨ ᠭᠡᠷ ᠢ ᠪᠠᠯᠭᠠᠰᠤ ᠶᠢᠨ ᠬᠤᠳᠠ ᠶᠢᠨ ᠬᠠᠮᠢᠶᠠᠷᠤᠯᠲᠠ ᠶᠢᠨ ᠠᠯᠪᠠᠨ ᠭᠡᠷ ᠲᠤ ᠲᠣᠬᠢᠷᠠᠭᠤᠯᠤᠨ᠎ᠠ᠃ ᠡᠯ᠎ᠡ ᠭᠠᠴᠠᠭ᠎ᠠ᠂ ᠨᠡᠶᠢᠭᠡᠮ ᠲᠣᠭᠤᠷᠢᠭ ᠮᠡᠳᠡᠭᠳᠡᠯ ᠢ ᠣᠯᠣᠭᠰᠠᠨ ᠤ ᠳᠠᠷᠠᠭ᠎ᠠ᠂ ᠵᠣᠬᠢᠬᠤ ᠪᠠᠶᠢᠭᠤᠯᠤᠮᠵᠢ ᠶᠢ ᠦᠳᠲᠡᠷ ᠲᠦᠷᠭᠡᠨ ᠪᠠᠶᠢᠭᠤᠯᠵᠤ᠂ ᠲᠤᠰᠬᠠᠢ ᠬᠥᠮᠥᠨ ᠲᠣᠬᠢᠷᠠᠭᠤᠯᠤᠨ ᠬᠠᠷᠢᠭᠤᠴᠠᠭᠤᠯᠵᠤ᠂ ᠳᠦᠷᠢᠮ ᠪᠠ ᠠᠷᠭ᠎ᠠ ᠬᠡᠮᠵᠢᠶ᠎ᠡ ᠶᠢ ᠪᠦᠷᠢᠨᠰᠢᠭᠦᠯᠦᠨ᠂ ᠠᠵᠢᠯ ᠢᠶᠠᠨ ᠯᠠᠪᠳᠠᠭᠤᠨ ᠪᠠᠲᠤᠲᠠᠢ ᠥᠷᠨᠢᠭᠦᠯᠵᠦ᠂ ᠮᠠᠨ ᠤ ᠬᠠᠷᠢᠶ᠎ᠠ ᠣᠷᠣᠨ ᠤ ᠳᠣᠲᠣᠷᠠᠬᠢ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨᠬᠦ ᠪᠠᠲᠤᠯᠠᠬᠤ ᠬᠡᠷᠡᠭᠲᠡᠢ᠃                                              ᠠᠯᠳ᠋ᠬᠠᠮᠡᠭᠡᠯ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ                                                   2023 ᠣᠨ ᠤ 3 ᠰᠠᠷ᠎ᠠ ᠶᠢᠨ 6᠎ ᠤ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ