ᠰᠢᠨ᠎ᠡ ᠪᠠᠷᠭᠤ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠲᠦᠷ ᠴᠠᠭ ᠤᠨ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠠᠪᠤᠭᠤᠯᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2023/3/10
       ᠶᠡᠭᠡ ᠰᠠᠯᠬᠢ ᠪᠠ ᠴᠠᠰᠤ ᠰᠢᠭᠤᠷᠭ᠎ᠠ ᠲᠠᠢ ᠴᠠᠭ ᠠᠭᠤᠷ ᠤᠨ ᠨᠦᠯᠦᠭᠡ ᠠᠴᠠ ᠪᠣᠯᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠪᠥᠬᠦ ᠣᠷᠣᠨ ᠬᠡᠪᠴᠢᠶᠡᠨ ᠳᠤ ᠦᠵᠡᠭᠳᠡᠴᠡ ᠲᠤᠶᠢᠯ ᠤᠨ ᠳᠣᠣᠷ᠎ᠠ ᠮᠥᠷᠲᠡᠭᠡᠨ ᠬᠡᠰᠡᠭ ᠵᠠᠮ ᠤᠨ ᠬᠡᠰᠡᠭ ᠲᠤ ᠴᠠᠰᠤ ᠬᠤᠷᠠᠬᠤ᠂ ᠮᠥᠰᠥ ᠬᠥᠯᠳᠡᠬᠦ ᠦᠵᠡᠭᠳᠡᠯ ᠭᠠᠷᠴᠤ᠂ ᠮᠠᠰᠢᠨ ᠲᠡᠷᠭᠡ ᠨᠡᠪᠲᠡᠷᠡᠬᠦ ᠨᠥᠬᠦᠴᠡᠯ ᠳᠤ ᠬᠦᠷᠬᠦ ᠦᠭᠡᠢ ᠪᠣᠯᠪᠠ᠃ ᠵᠠᠮ ᠬᠠᠷᠢᠯᠴᠠᠭᠠᠨ ᠤ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠳᠥᠴᠢᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠴᠠ ᠬᠠᠷᠢᠶ᠎ᠠ ᠣᠷᠣᠨ ᠳᠠᠬᠢ ᠬᠡᠰᠡᠭ ᠵᠠᠮ ᠤᠨ ᠬᠡᠰᠡᠭ ᠲᠤ ᠲᠦᠷ ᠴᠠᠭ ᠤᠨ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠠᠪᠤᠭᠤᠯᠬᠤ ᠪᠠᠷ ᠲᠣᠭᠲᠠᠪᠠ᠂ ᠪᠣᠳᠠᠲᠠᠢ ᠵᠦᠢᠯᠡᠰ ᠨᠢ ᠳᠣᠣᠷᠠᠬᠢ ᠮᠡᠲᠦ᠄        ᠨᠢᠭᠡ᠂ ᠵᠠᠬᠢᠷᠤᠨ ᠬᠠᠮᠢᠶᠠᠷᠤᠯᠲᠠ ᠶᠠᠪᠤᠭᠤᠯᠬᠤ ᠵᠠᠮ ᠤᠨ ᠬᠡᠰᠡᠭ        ︵ᠨᠢᠭᠡ︶ G331 ᠤᠯᠤᠰ ᠤᠨ ᠵᠠᠮ ᠤᠨ 4896 ᠺᠢᠯᠣᠮᠧᠲᠷ ︵ᠮᠠᠨᠵᠤᠤᠷ ᠤᠨ ᠪᠠᠷᠠᠭᠤᠨ ᠵᠠᠬ᠎ᠠ︶ ᠠᠴᠠ 5062 ᠺᠢᠯᠣᠮᠧᠲᠷ ︵ᠣᠷᠱᠣᠨ ᠬᠥᠭᠦᠷᠭᠡ︶ ᠬᠦᠷᠦᠨ᠎ᠡ᠃        ︵ᠬᠤᠶᠠᠷ︶ S203 ᠮᠤᠵᠢ ᠶᠢᠨ ᠵᠠᠮ ᠤᠨ 14 ᠺᠢᠯᠣᠮᠧᠲᠷ ︵ᠮᠠᠨᠵᠤᠤᠷ ᠤᠨ ᠪᠠᠷᠠᠭᠤᠨ ᠵᠠᠬ᠎ᠠ︶ ᠠᠴᠠ 183 ᠺᠢᠯᠣᠮᠧᠲᠷ ︵ᠣᠷᠱᠣᠨ ᠬᠥᠭᠦᠷᠭᠡ︶  ᠬᠦᠷᠦᠨ᠎ᠡ᠃        ︵ᠭᠤᠷᠪᠠ︶ S306 ᠮᠤᠵᠢ ᠶᠢᠨ ᠵᠠᠮ ᠤᠨ ︵ᠠᠷᠤᠬᠠᠰᠢᠶᠠᠲᠤ ᠪᠣᠭᠤᠮᠲᠠ ᠶᠢᠨ ᠵᠠᠰᠠᠮᠠᠯ ᠵᠠᠮ︶ 1 ᠺᠢᠯᠣᠮᠧᠲᠷ ︵ᠠᠯᠳ᠋ᠬᠠᠮᠡᠭᠡᠯ ᠪᠠᠯᠭᠠᠰᠤ ᠶᠢᠨ ᠪᠠᠷᠠᠭᠤᠨ ᠭᠠᠷᠬᠤ ᠵᠠᠮ︶ ᠠᠴᠠ 81 ᠺᠢᠯᠣᠮᠧᠲᠷ ︵ᠠᠷᠤᠬᠠᠰᠢᠶᠠᠲᠤ ᠪᠠᠯᠭᠠᠰᠤ︶ ᠬᠦᠷᠦᠨ᠎ᠡ᠃        ᠬᠤᠶᠠᠷ᠂ ᠵᠠᠬᠢᠷᠤᠨ ᠬᠠᠮᠢᠶᠠᠷᠤᠯᠲᠠ ᠶᠠᠪᠤᠭᠤᠯᠬᠤ ᠬᠤᠭᠤᠴᠠᠭ᠎ᠠ        2023 ᠣᠨ ᠤ 3 ᠰᠠᠷ᠎ᠠ ᠶᠢᠨ 10 ᠤ ᠡᠳᠦᠷ ᠤᠨ 9 ᠴᠠᠭ ᠠᠴᠠ ᠡᠬᠢᠯᠡᠨ᠂ ᠰᠡᠷᠭᠦᠭᠡᠬᠦ ᠴᠠᠭ ᠢ ᠠᠰ  ᠲᠤᠨᠢ ᠮᠡᠳᠡᠭᠳᠡᠨ᠎ᠡ᠃        ᠵᠠᠬᠢᠷᠤᠨ ᠬᠠᠮᠢᠶᠠᠷᠤᠯᠲᠠ ᠶᠠᠪᠤᠭᠤᠯᠬᠤ ᠬᠤᠭᠤᠴᠠᠭᠠᠨ ᠳᠤ᠂ ᠪᠦᠷᠢᠳᠦ ᠰᠦᠢᠳᠬᠡᠯ ᠬᠤᠷᠢᠶᠠᠬᠤ ᠦᠷᠲᠡᠭᠡ ᠶᠢᠨ ᠣᠷᠣᠵᠤ ᠭᠠᠷᠬᠤ ᠵᠠᠮ ᠢ ᠬᠠᠭᠠᠵᠤ᠂ ᠶᠠᠮᠠᠷᠪᠠ ᠨᠢᠭᠡᠴᠡ᠂ ᠬᠤᠪᠢ ᠶᠢᠨ ᠲᠡᠷᠭᠡ ᠬᠥᠰᠬᠡ ᠵᠠᠬᠢᠷᠤᠨ ᠬᠠᠮᠢᠶᠠᠷᠤᠯᠲᠠ ᠶᠠᠪᠤᠭᠤᠯᠵᠤ ᠪᠠᠶᠢᠭ᠎ᠠ ᠵᠠᠮ ᠤᠨ ᠬᠡᠰᠡᠭ ᠢᠶᠠᠷ ᠨᠡᠪᠲᠡᠷᠡᠬᠦ ᠶᠢ ᠴᠠᠭᠠᠵᠠᠯᠠᠵᠤ᠂ ᠮᠠᠰᠢᠨ ᠲᠡᠷᠭᠡᠨ ᠤ ᠵᠢᠯᠣᠭᠤᠴᠢ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠲᠣᠭᠲᠠᠭᠠᠯ ᠢ ᠵᠥᠷᠢᠴᠡᠨ ᠢᠳᠬᠠᠨ ᠬᠤᠷᠢᠭᠯᠠᠬᠤ ᠶᠢ ᠰᠣᠨᠣᠰᠬᠤ ᠦᠭᠡᠢ᠂ ᠠᠯᠪᠠ ᠪᠠᠷ ᠨᠡᠪᠲᠡᠷᠡᠭᠰᠡᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠶᠡᠷᠡ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠶᠠᠷ ᠵᠠᠭᠤᠨ ᠲᠥᠭᠦᠷᠢᠭ ᠠᠴᠠ ᠳᠡᠭᠡᠭᠰᠢ ᠬᠤᠶᠠᠷ ᠮᠢᠩᠭᠠᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ ᠰᠢᠢᠳᠬᠡᠵᠦ᠂ ᠠᠷᠪᠠᠨ ᠲᠠᠪᠤᠨ ᠡᠳᠦᠷ ᠠᠴᠠ ᠳᠣᠷᠣᠭᠰᠢ ᠲᠦᠷ ᠬᠤᠷᠢᠬᠤ ᠪᠠᠷ ᠨᠡᠶᠢᠯᠡᠭᠦᠯᠦᠨ ᠰᠢᠢᠳᠬᠡᠨ᠎ᠡ᠃        ᠭᠤᠷᠪᠠ᠂ ᠳᠣᠲᠣᠨᠣ ᠰᠠᠨᠠᠭᠤᠯᠤᠮᠵᠢ        ᠥᠷᠭᠡᠨ ᠣᠯᠠᠨ ᠵᠢᠯᠣᠭᠤᠴᠢ ᠭᠠᠳᠠᠭᠰᠢ ᠭᠠᠷᠬᠤ ᠪᠠᠨ ᠪᠠᠭᠠᠰᠬᠠᠵᠤ᠂ ᠵᠠᠮ ᠳᠤ ᠭᠠᠷᠴᠤ ᠵᠢᠯᠣᠭᠤᠳᠬᠤ ᠳᠠᠭᠠᠨ ᠮᠠᠰᠢᠨ ᠤ ᠬᠤᠷᠳᠤᠴᠠ ᠪᠠᠨ ᠤᠳᠠᠭᠠᠰᠢᠷᠠᠭᠤᠯᠤᠨ᠂ ᠪᠣᠯᠭᠤᠮᠵᠢᠲᠠᠢ ᠵᠢᠯᠤᠭᠤᠳᠴᠤ᠂ ᠠᠳᠡᠯ ᠭᠠᠷᠬᠤ ᠠᠴᠠ ᠰᠡᠷᠭᠡᠶᠢᠯᠡᠨ᠂ ᠪᠠᠴᠢᠮ ᠪᠠᠶᠢᠳᠠᠯ ᠲᠣᠬᠢᠶᠠᠯᠳᠤᠪᠠᠯ ᠳᠠᠷᠤᠶᠢᠬᠠᠨ 122 ᠲᠤ ᠤᠲᠠᠰᠤᠳᠠᠭᠠᠷᠠᠢ᠃        ᠡᠭᠦᠨ ᠤ ᠲᠤᠯᠠ ᠣᠨᠴᠠᠭᠠᠶᠢᠯᠠᠨ ᠵᠠᠷᠯᠠᠪᠠ               ᠰᠢᠨ᠎ᠡ ᠪᠠᠷᠭᠤ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ                             ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ                               2023 ᠣᠨ ᠤ 3 ᠰᠠᠷ᠎ᠠ ᠶᠢᠨ 10 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号