ᠬᠤᠰᠢᠭᠤᠨ ᠤ ᠤᠳᠤᠷᠢᠳᠤᠯᠭ᠎ᠠ ᠢ ᠡᠦ ᠬᠤᠲᠠ ᠳᠤ ᠬᠦᠷᠴᠦ ᠠᠵᠤ ᠠᠬᠤᠶᠢᠯᠠᠯ ᠢ ᠰᠢᠨᠵᠢᠯᠡᠨ ᠪᠠᠶᠢᠴᠠᠭᠠᠵᠤ ᠲᠣᠭᠤᠷᠢᠨ ᠰᠤᠷᠤᠯᠴᠠᠪᠠ
ᠨᠡᠶᠢᠲᠡᠯᠡᠭᠰᠡᠨ ᠴᠠᠭ᠄
2023/3/11
       3 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠤᠨ ᠳᠠᠭᠠᠭᠤᠯᠤᠭᠰᠠᠨ ᠲᠣᠭᠤᠷᠢᠨ ᠰᠤᠷᠤᠯᠴᠠᠬᠤ ᠪᠦᠯᠬᠦᠮ ᠵᠧᠵᠢᠶᠠᠩ ᠮᠤᠵᠢ ᠶᠢᠨ ᠢ ᠡᠦ ᠬᠤᠲᠠ ᠳᠤ ᠬᠦᠷᠴᠦ᠂ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ᠂ ᠳᠣᠲᠣᠭᠠᠲᠤ ᠠᠷᠠᠯᠵᠢᠶᠠᠨ ᠤ ᠭᠦᠢᠯᠭᠡᠭᠡ᠂ ᠬᠢᠯᠢ ᠠᠯᠤᠰᠯᠠᠭᠰᠠᠨ ᠡᠯᠧᠺᠲᠷᠣᠨ ᠲᠠᠸᠠᠷ ᠤᠨ ᠲᠡᠮᠳᠡᠭ ᠤᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠡᠵᠡᠩᠨᠡᠨ ᠪᠣᠷᠤᠯᠠᠭᠤᠯᠤᠯᠲᠠ ᠵᠡᠷᠭᠡ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠠᠵᠤ ᠠᠬᠤᠶᠢᠯᠠᠯ ᠳᠤ ᠬᠦᠷᠴᠦ᠂ ᠬᠠᠮᠲᠤᠷᠠᠯᠴᠠᠭ᠎ᠠ ᠬᠢᠵᠦ᠂ ᠬᠠᠮᠲᠤᠪᠠᠷ ᠬᠦᠭᠵᠢᠬᠦ ᠵᠠᠮ ᠢ ᠡᠷᠢᠯᠬᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠲᠢᠶᠡᠨ ᠹᠧᠩ ᠯᠢᠨ ᠪᠠ ᠢ ᠡᠦ ᠬᠤᠲᠠ ᠶᠢᠨ ᠵᠠᠬ᠎ᠠ ᠳᠡᠯᠭᠡᠭᠦᠷ ᠤᠨ ᠬᠦᠭᠵᠢᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃        ᠪᠦᠬᠡᠪᠠᠶᠠᠷ ᠨᠠᠷ ᠣᠯᠠᠨ ᠤᠯᠤᠰ ᠤᠨ ᠬᠤᠳᠠᠯᠳᠤᠭ᠎ᠠ ᠠᠷᠠᠯᠵᠢᠶᠠᠨ ᠤ ᠬᠤᠲᠠ᠂ ᠷᠦᠢ ᠹᠠᠩ ᠣᠯᠠᠨ ᠤᠯᠤᠰ ᠤᠨ ᠪᠦᠷᠢᠨ ᠪᠠᠷᠠᠭᠠᠲᠤ ᠦᠵᠡᠭᠦᠯᠦᠯᠭᠡ ᠶᠢᠨ ᠲᠢᠩᠬᠢᠮ᠂ ᠬᠠᠨ ᠱᠠᠩ ᠰᠢᠯᠢᠳᠡᠭ ᠪᠦᠲᠦᠭᠡᠭᠳᠡᠬᠦᠨ ᠤ ᠶᠡᠷᠦᠩᠬᠡᠢ ᠭᠠᠵᠠᠷ᠂ ᠵᠢᠢ ᠬᠤᠸᠠ ᠲᠦᠩ ᠤᠯᠠᠭᠠᠨ ᠢᠳᠡᠭᠡᠨ ᠤ ᠺᠤᠮᠫᠠᠨᠢ ᠵᠡᠷᠭᠡ ᠭᠠᠵᠠᠷ ᠲᠤ ᠬᠦᠷᠴᠦ᠂ ᠨᠢᠭᠡ ᠲᠠᠯ᠎ᠠ ᠪᠠᠷ ᠦᠵᠡᠵᠦ᠂ ᠨᠢᠭᠡ ᠲᠠᠯ᠎ᠠ ᠪᠠᠷ ᠰᠤᠷᠤᠯᠴᠠᠵᠤ᠂ ᠣᠯᠠᠨ ᠬᠦᠷᠢᠶ᠎ᠡ ᠬᠡᠪᠴᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠰᠠᠭᠤᠷᠢ ᠲᠠᠯᠪᠢᠪᠠ᠃        ᠪᠦᠬᠡᠪᠠᠶᠠᠷ ᠶᠠᠷᠢᠶᠠᠨ ᠳᠠᠭᠠᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠬ᠎ᠠ ᠳᠡᠯᠭᠡᠭᠦᠷ ᠤᠨ ᠣᠷᠣᠨ ᠵᠠᠢ ᠦᠷᠭᠡᠨ ᠠᠭᠤᠳᠠᠮ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠰᠣᠶᠣᠯ ᠤᠨ ᠠᠭᠤᠯᠤᠭᠳᠠᠬᠤᠨ ᠭᠦᠨ ᠵᠤᠵᠠᠭᠠᠨ᠂ ᠡᠯ᠎ᠡ ᠠᠵᠤ ᠠᠬᠤᠶᠢᠯᠠᠯ ᠤᠨ ᠰᠢᠨ᠎ᠡ ᠪᠠᠷᠭᠤ ᠪᠠᠷᠠᠭᠤᠨ ᠬᠤᠰᠢᠭᠤᠨ ᠳᠤ ᠬᠦᠷᠴᠦ ᠰᠣᠯᠢᠯᠴᠠᠭ᠎ᠠ ᠬᠢᠵᠦ ᠪᠦᠲᠦᠭᠡᠨ ᠪᠠᠶᠢᠭᠤᠯᠤᠨ ᠬᠦᠭᠵᠢᠬᠦ ᠶᠢ ᠪᠠᠶᠠᠷᠯᠠᠨ ᠤᠭᠲᠤᠵᠤ ᠪᠠᠶᠢᠨ᠎ᠠ᠃ ᠲᠤᠰ ᠤᠳᠠᠭ᠎ᠠ ᠶᠢᠨ ᠲᠣᠭᠤᠷᠢᠨ ᠰᠤᠷᠤᠯᠴᠠᠬᠤ ᠪᠠᠷ ᠳᠠᠮᠵᠢᠨ ᠣᠯᠠᠨ ᠢᠶᠠᠷ ᠢᠶᠠᠨ ᠬᠠᠷᠠᠭ᠎ᠠ ᠪᠠᠨ ᠦᠷᠭᠡᠳᠬᠡᠵᠦ᠂ ᠦᠵᠡᠯ ᠰᠠᠨᠠᠭᠠᠨ ᠤ ᠲᠠᠨᠢᠯᠲᠠ ᠪᠠᠨ ᠤᠯᠠᠮ ᠳᠡᠭᠡᠭᠰᠢᠯᠡᠭᠦᠯᠪᠡ᠃ ᠰᠢᠨ᠎ᠡ ᠪᠠᠷᠭᠤ ᠪᠠᠷᠠᠭᠤᠨ ᠬᠤᠰᠢᠭᠤ ᠲᠤᠰ ᠤᠳᠠᠭ᠎ᠠ ᠶᠢᠨ ᠪᠠᠶᠢᠴᠠᠭᠠᠨ ᠰᠤᠷᠤᠯᠴᠠᠬᠤ ᠪᠠᠷ ᠳᠣᠬᠢᠶᠠᠯ ᠪᠣᠯᠭᠠᠵᠤ᠂ ᠠᠷᠠᠯᠵᠢᠶᠠᠴᠢᠨ ᠤᠷᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠲᠦᠷᠥ ᠶᠢᠨ ᠪᠣᠳᠣᠯᠭ᠎ᠠ᠂ ᠡᠬᠢ ᠪᠠᠶᠠᠯᠢᠭ ᠤᠨ ᠴᠢᠬᠤᠯᠠ ᠬᠦᠴᠦᠨ ᠵᠦᠢᠯ ᠵᠡᠷᠭᠡ ᠱᠠᠭᠠᠷᠳᠠᠯᠭ᠎ᠠ ᠶᠢ ᠣᠨᠣᠪᠴᠢᠲᠠᠢ ᠵᠣᠯᠭᠠᠭᠤᠯᠵᠤ᠂ ᠠᠵᠤ ᠠᠬᠤᠢ ᠶᠢᠨ ᠭᠤᠣᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠲᠦᠷᠥ ᠶᠢᠨ ᠪᠣᠳᠣᠯᠭ᠎ᠠ ᠶᠢ ᠰᠠᠶᠢᠲᠤᠷ ᠰᠤᠷᠤᠯᠴᠠᠨ ᠰᠣᠳᠣᠯᠵᠤ᠂ ᠠᠵᠤ ᠠᠬᠤᠶᠢᠯᠠᠯ ᠤᠨ ᠳᠤᠷᠠᠳᠤᠭᠰᠠᠨ ᠱᠠᠭᠠᠷᠳᠠᠯᠭ᠎ᠠ ᠪᠦᠬᠦᠨ ᠢ ᠬᠢᠨᠠᠮᠠᠭᠠᠢ ᠰᠣᠳᠣᠯᠣᠨ ᠰᠢᠢᠳᠪᠦᠷᠢᠯᠡᠪᠡ᠃        ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠦᠭᠵᠢᠯᠲᠡ ᠶᠢᠨ ᠢᠷᠡᠭᠡᠳᠦᠢ ᠶᠢ ᠴᠢᠩᠭ᠎ᠠ ᠠᠳᠬᠤᠨ᠂ ᠲᠤᠰ ᠪᠡᠶ᠎ᠡ ᠶᠢᠨ ᠳᠠᠪᠠᠭᠤᠯᠢᠭ ᠢᠶᠠᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠤ ᠦᠢᠯᠡᠰ ᠤᠨ ᠬᠦᠭᠵᠢᠯᠲᠡ ᠶᠢᠨ ᠲᠦᠯᠦᠪᠵᠢᠭᠦᠯᠭᠡ᠂ ᠲᠦᠷᠥ ᠶᠢᠨ ᠪᠣᠳᠣᠯᠭ᠎ᠠ ᠶᠢᠨ ᠳᠠᠪᠠᠭᠤᠯᠢᠭ ᠲᠠᠢ ᠤᠶᠠᠯᠳᠤᠭᠤᠯᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠳᠠᠬᠢ ᠪᠡᠯᠡ ᠣᠷᠤᠭᠤᠯᠤᠯᠲᠠ ᠶᠢ ᠦᠷᠬᠦᠯᠵᠢᠯᠡᠨ ᠦᠷᠭᠡᠳᠬᠡᠵᠦ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ ᠶᠢᠨ ᠬᠦᠴᠦᠯᠡᠴᠡ ᠶᠢ ᠨᠡᠮᠡᠭᠳᠡᠭᠦᠯᠦᠨ᠂ ᠣᠷᠣᠨ ᠨᠤᠲᠤᠭ ᠤᠨ ᠦᠷ᠎ᠡ ᠠᠰᠢᠭ᠂ ᠠᠵᠤ ᠠᠬᠤᠶᠢᠯᠠᠯ ᠤᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠢ ᠬᠠᠮᠤᠭ ᠶᠡᠭᠡ ᠪᠣᠯᠭᠠᠨ᠎ᠠ ᠭᠡᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号