ᠴᠠᠩ ᠴᠢᠩ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠠᠶᠢᠴᠠᠭᠠᠯᠲᠠ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2023/3/11
       3 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠠᠶᠢᠴᠠᠭᠠᠯᠲᠠ ᠰᠣᠳᠣᠯᠣᠯᠲᠠ ᠬᠢᠪᠡ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠤᠯᠠᠭᠠᠨᠲᠤᠶᠠᠭ᠎ᠠ᠂ ᠵᠸᠦ ᠬᠠᠢ ᠯᠢᠩ ᠨᠠᠷ ᠪᠠᠷ᠎ᠠ ᠪᠣᠯᠣᠯᠴᠠᠪᠠ᠃        ᠴᠠᠩ ᠴᠢᠩ ᠤᠷᠢᠳ ᠬᠤᠵᠢᠳ ᠮᠠᠨ ᠤ ᠬᠤᠰᠢᠭᠤᠨ ᠤ ᠪᠣᠭᠳᠠ ᠨᠡᠶᠢᠳᠡᠮ ᠬᠡᠷᠡᠭᠯᠡᠭᠡᠨ ᠤ ᠨᠢᠰᠬᠡᠯ ᠤᠨ ᠲᠠᠯᠠᠪᠤᠷ᠂ ᠴᠢᠩᠭᠡᠯᠢᠭᠲᠦ ᠡᠮᠨᠡᠯᠭᠡ ᠶᠢᠨ ᠬᠤᠷᠢᠶ᠎ᠠ ᠪᠠ ᠬᠦᠯᠦᠨ ᠪᠣᠶᠢᠷ ᠤᠨ ᠬᠤᠩᠬᠢᠷᠠᠳ ᠢᠳᠡᠭᠡᠨ ᠤ ᠵᠦᠢᠯ ᠤᠨ ᠬᠢᠵᠠᠭᠠᠷᠲᠤ ᠺᠣᠮᠫᠠᠨᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠲᠤ ᠭᠦᠨᠵᠡᠭᠡᠶᠢᠷᠡᠨ᠂ ᠮᠠᠨ ᠤ ᠬᠤᠰᠢᠭᠤᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠴᠠᠩ ᠴᠢᠩ ᠴᠢᠩᠭᠠᠳᠬᠠᠬᠤ ᠳᠠᠭᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠪᠦᠬᠦ ᠣᠷᠣᠨ ᠤ ᠠᠷᠠᠯᠵᠢᠶᠠᠴᠢᠨ ᠤᠷᠢᠵᠤ ᠪᠡᠯᠡ ᠣᠷᠤᠭᠤᠯᠬᠤ ᠵᠢᠴᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ᠂ ᠬᠦᠯᠦᠨ ᠪᠣᠶᠢᠷ ᠬᠤᠲᠠ ᠶᠢᠨ ᠠᠷᠠᠯᠵᠢᠶᠠᠴᠢᠨ ᠤᠷᠢᠵᠤ ᠪᠡᠯᠡ ᠣᠷᠤᠭᠤᠯᠬᠤ ᠶᠢ ᠦᠷᠭᠡᠳᠬᠡᠬᠦ ᠪᠠ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠵᠢᠴᠢ ᠭᠤᠣᠯᠳᠠᠯᠭ᠎ᠠ ᠲᠠᠢ ᠲᠦᠷᠦᠯ ᠵᠦᠢᠯ ᠢ ᠲᠦᠯᠬᠢᠨ ᠠᠬᠢᠭᠤᠯᠵᠤ ᠨᠠᠶᠢᠳᠠᠪᠤᠷᠢᠵᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠶᠢ ᠳᠣᠪᠣᠶᠢᠯᠭᠠᠨ᠂ ᠠᠷᠭ᠎ᠠ ᠬᠡᠮᠵᠢᠶ᠎ᠡ ᠶᠢ ᠴᠢᠩᠭᠠᠳᠬᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠡᠢ᠃        ᠴᠠᠩ ᠴᠢᠩ ᠴᠢᠬᠤᠯᠠᠴᠢᠯᠠᠬᠤ ᠳᠠᠭᠠᠨ᠂ ᠨᠢᠰᠬᠡᠯ ᠤᠨ ᠲᠠᠯᠠᠪᠤᠷ ᠤᠨ ᠠᠶᠠᠯᠠᠯ ᠨᠡᠪᠲᠡᠷᠡᠬᠦ᠂ ᠭᠤᠣᠯᠳᠠᠯᠭ᠎ᠠ ᠲᠠᠢ ᠲᠦᠷᠦᠯ ᠵᠦᠢᠯ ᠤᠨ ᠠᠰᠢᠭᠯᠠᠯᠲᠠ ᠳᠤ ᠣᠷᠣᠬᠤ ᠨᠢ ᠠᠵᠤ ᠠᠬᠤᠢ ᠨᠡᠶᠢᠭᠡᠮ ᠤᠨ ᠴᠢᠨᠠᠷᠯᠢᠭ ᠬᠦᠭᠵᠢᠯᠲᠡ ᠶᠢᠨ ᠶᠡᠭᠡ ᠲᠠᠯ᠎ᠠ ᠪᠠ ᠠᠷᠠᠳ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠎ᠠ᠃ ᠨᠡᠩ ᠦᠨᠳᠦᠷ ᠵᠣᠭᠰᠣᠴᠠ ᠠᠴᠠ ᠲᠦᠷᠦᠯ ᠵᠦᠢᠯ ᠢ ᠠᠳᠬᠤᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠦᠷ᠎ᠡ ᠠᠰᠢᠭ ᠢᠶᠠᠨ ᠨᠡᠮᠡᠭᠳᠡᠭᠦᠯᠵᠦ᠂ ᠠᠵᠤ ᠦᠢᠯᠡᠰ ᠤᠨ ᠦᠷᠨᠢᠭᠦᠨ ᠬᠦᠭᠵᠢᠯᠲᠡ ᠶᠢ ᠠᠬᠢᠭᠤᠯᠤᠨ᠂ ᠠᠵᠤ ᠠᠬᠤᠢ ᠶᠢᠨ ᠴᠢᠨᠠᠷᠯᠢᠭ ᠬᠦᠭᠵᠢᠯᠲᠡ ᠶᠢ ᠳᠡᠮᠵᠢᠵᠦ ᠨᠡᠩ ᠶᠡᠭᠡ ᠦᠷ᠎ᠡ ᠪᠦᠲᠦᠮᠵᠢ ᠣᠯᠬᠤ ᠬᠡᠷᠡᠭᠲᠡᠢ ᠭᠡᠪᠡ᠃        ᠴᠠᠩ ᠴᠢᠩ ᠪᠠᠰᠠ᠂ ᠠᠵᠢᠯ ᠤᠨ ᠠᠬᠢᠴᠠ ᠪᠠ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠦᠷᠦᠯ ᠵᠦᠢᠯ ᠢ ᠰᠠᠭᠤᠷᠢᠰᠢᠭᠤᠯᠬᠤ᠂ ᠠᠵᠢᠯ ᠡᠬᠢᠯᠡᠭᠦᠯᠬᠦ᠂ ᠪᠦᠲᠦᠭᠡᠨ ᠪᠠᠶᠢᠭᠤᠯᠬᠤ᠂ ᠠᠰᠢᠭᠯᠠᠯᠲᠠ ᠳᠤ ᠣᠷᠤᠭᠤᠯᠬᠤ ᠶᠢ ᠠᠬᠢᠭᠤᠯᠬᠤ ᠬᠡᠷᠡᠭᠲᠡᠢ᠃ ᠭᠠᠳᠠᠨ᠎ᠠ ᠠᠴᠠ ᠠᠷᠠᠯᠵᠢᠶᠠᠴᠢᠨ ᠤᠷᠢᠵᠤ ᠪᠡᠯᠡ ᠣᠷᠤᠭᠤᠯᠬᠤ ᠪᠠ ᠳᠣᠲᠣᠭᠠᠳᠤ ᠦᠢᠯᠡᠳᠪᠦᠷᠢᠯᠡᠯ ᠤᠨ ᠴᠢᠳᠠᠪᠤᠷᠢ ᠶᠢ ᠴᠢᠩᠭ᠎ᠠ ᠠᠳᠬᠤᠬᠤ ᠶᠢ ᠪᠠᠷᠢᠮᠲᠠᠯᠠᠵᠤ᠂ ᠰᠢᠯᠢᠳᠡᠭ ᠠᠵᠤ ᠦᠢᠯᠡᠰ ᠤᠨ ᠲᠦᠷᠦᠯ ᠵᠦᠢᠯ ᠢ ᠦᠷᠬᠦᠯᠵᠢᠯᠡᠨ ᠲᠠᠲᠠᠨ ᠣᠷᠤᠭᠤᠯᠵᠤ᠂ ᠲᠤᠰ ᠭᠠᠵᠠᠷ ᠤᠨ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠬᠤᠪᠢᠷᠠᠭᠤᠯᠵᠤ ᠦᠷ᠎ᠡ ᠠᠰᠢᠭ ᠣᠯᠬᠤ ᠶᠢ ᠲᠦᠷᠭᠡᠳᠬᠡᠨ᠂ ᠠᠵᠤ ᠦᠢᠯᠡᠰ ᠤᠨ ᠪᠦᠬᠦᠯᠢ ᠴᠣᠭᠴᠠ ᠶᠢᠨ ᠬᠦᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠡᠷᠡᠭᠦᠯ ᠪᠦᠭᠡᠳ ᠲᠣᠭᠲᠠᠭᠤᠨ ᠬᠦᠭᠵᠢᠯᠲᠡ ᠶᠢ ᠪᠠᠲᠤᠯᠠᠬᠤ ᠬᠡᠷᠡᠭᠲᠡᠢ᠃ ᠣᠳᠣᠬᠠᠨ ᠤ ᠠᠵᠤ ᠠᠬᠤᠢ ᠶᠢᠨ ᠪᠠᠶᠢᠳᠠᠯ ᠢ ᠣᠨᠣᠪᠴᠢᠲᠠᠢ ᠲᠠᠨᠢᠵᠤ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠨ ᠰᠡᠳᠬᠢᠭᠦᠢ ᠪᠠᠨ ᠦᠷᠭᠡᠳᠬᠡᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠢ ᠶᠢᠨ ᠬᠦᠭᠵᠢᠯᠲᠡ ᠶᠢᠨ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号