ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ 2023 ᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/11
       ᠣᠶᠢᠷ᠎ᠠ ᠶᠢᠨ ᠡᠳᠦᠷ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ 2023 ᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃        ᠬᠤᠷᠠᠯ ᠳᠤ᠂ ︽ᠬᠦᠯᠦᠨ ᠪᠣᠶᠢᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ 2023 ᠣᠨ ᠤ ᠠᠷᠠᠳ ᠤᠨ ᠶᠠᠪᠤᠳᠠᠯ ᠤᠨ ᠠᠵᠢᠯ ᠤᠨ ᠭᠤᠣᠯᠳᠠᠯᠭ᠎ᠠ ᠶᠢᠨ ᠮᠡᠳᠡᠭᠳᠡᠯ︾ ᠢ ᠤᠯᠠᠮᠵᠢᠯᠠᠨ ᠰᠤᠷᠤᠯᠴᠠᠬᠤ ᠶᠢᠨ ᠬᠠᠮᠲᠤ᠂ 2023 ᠣᠨ ᠤ ᠠᠷᠠᠳ ᠤᠨ ᠶᠠᠪᠤᠳᠠᠯ ᠤᠨ ᠭᠤᠣᠯᠳᠠᠯᠭ᠎ᠠ ᠲᠠᠢ ᠠᠵᠢᠯ ᠳᠤ ᠰᠢᠨ᠎ᠡ ᠪᠠᠶᠢᠷᠢᠯᠠᠭᠤᠯᠤᠯᠲᠠ ᠬᠢᠵᠦ᠂ ᠰᠢᠨ᠎ᠡ ᠱᠠᠭᠠᠷᠳᠠᠯᠭ᠎ᠠ ᠳᠤᠷᠠᠳᠪᠠ᠃
       ᠬᠤᠷᠠᠯ ᠠᠴᠠ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠦᠨ᠂ 2023 ᠣᠨ ᠤ ᠠᠷᠠᠳ ᠤᠨ ᠶᠠᠪᠤᠳᠠᠯ ᠤᠨ ᠠᠵᠢᠯ ᠤᠨ ᠡᠭᠦᠷᠭᠡ ᠪᠡᠷᠬᠡ ᠪᠣᠯᠬᠤᠷ ᠥᠨᠥ ᠵᠢᠯ ᠤᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠦᠭᠡᠳ ᠪᠣᠳᠠᠲᠠᠢ ᠨᠠᠶᠢᠳᠠᠪᠤᠷᠢᠵᠢᠭᠤᠯᠵᠤ᠂ ᠠᠷᠠᠳ ᠤᠨ ᠶᠠᠪᠤᠳᠠᠯ ᠤᠨ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠡᠭᠦᠷᠭᠡ ᠶᠢ ᠯᠠᠪᠳᠠᠭᠤᠨ ᠪᠠᠲᠤᠲᠠᠢ ᠪᠦᠭᠡᠳ ᠡᠮᠬᠢ ᠵᠢᠷᠤᠮ ᠲᠠᠢ ᠲᠦᠯᠬᠢᠨ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
       ᠬᠤᠷᠠᠯ ᠠᠴᠠ ᠪᠠᠰᠠ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠣᠯ ᠬᠠᠷᠠᠯᠲᠠ ᠲᠠᠢ ᠨᠢᠭᠲᠠ ᠤᠶᠠᠯᠳᠤᠭᠤᠯᠤᠨ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ 2023 ᠣᠨ ᠤ ᠠᠵᠢᠯ ᠤᠨ ᠭᠤᠣᠯᠳᠠᠯᠭ᠎ᠠ ᠶᠢᠨ ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ ᠶᠣᠰᠣᠭᠠᠷ᠂ 2023 ᠣᠨ ᠤ ᠠᠵᠢᠯ ᠤᠨ ᠲᠦᠯᠦᠪᠯᠡᠭᠡ ᠶᠢ ᠪᠦᠬᠦ ᠲᠠᠯ᠎ᠠ ᠪᠠᠷ ᠰᠢᠰᠲ᠋ᠧᠮ ᠲᠠᠢ ᠡᠮᠬᠢᠯᠡᠨ ᠲᠢᠭᠯᠡᠵᠦ᠂ ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠬᠤ ᠠᠵᠢᠯ ᠤᠨ ᠬᠤᠷᠠᠯ ᠢ ᠰᠠᠷ᠎ᠠ ᠤᠯᠠᠷᠢᠯ ᠢᠶᠠᠷ ᠬᠤᠷᠠᠯᠳᠤᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠴᠠᠭ ᠲᠤᠬᠠᠢ ᠳᠤᠨᠢ ᠰᠣᠳᠣᠯᠣᠨ ᠰᠢᠢᠳᠪᠦᠷᠢᠯᠡᠵᠦ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠠᠷᠠᠳ ᠤᠨ ᠶᠠᠪᠤᠳᠠᠯ ᠤᠨ ᠠᠵᠢᠯ ᠢ ᠰᠢᠨ᠎ᠡ ᠳᠡᠭᠲᠡᠷ ᠲᠤ ᠭᠠᠷᠭᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号