ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ ᠳᠤ᠄ | ︽ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠮᠡᠳᠡᠭᠳᠡᠯ︾ ︵ᠥᠪᠥᠷ ᠡᠮᠨᠡᠯᠭᠡ ᠶᠢᠨ ᠳᠠᠭᠠᠳᠬᠠᠯ ᠠᠯᠪᠠᠨ | ᠲᠠᠷᠬᠠᠭᠠᠭᠰᠠᠨ ﹇2022﹈ 6 ᠳ᠋ᠤᠭᠠᠷ ᠲᠣᠭᠠᠲᠤ︶ ᠤᠨ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠮᠠᠨ ᠤ ᠬᠤᠰᠢᠭᠤᠨ ᠤ ᠳᠠᠭᠠᠳᠬᠠᠯ ᠳᠤ | ᠣᠷᠣᠯᠴᠠᠭᠰᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠳᠤᠯᠢᠭ ᠢᠶᠠᠷ ᠬᠡᠷᠡᠭᠯᠡᠬᠦ ᠨᠣᠷᠮ᠎ᠠ ᠶᠢ ᠤᠯᠠᠮ ᠴᠢᠨᠠᠭᠰᠢᠳᠠ | ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠲᠥᠬᠦᠮ | ᠦᠵᠡᠭᠦᠯᠦᠨ᠂ ᠡᠮ ᠡᠮᠨᠡᠯᠭᠡ ᠶᠢᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠳᠤ ᠬᠤᠯᠪᠣᠭᠳᠠᠯ | ᠪᠦᠬᠦᠢ ᠵᠦᠢᠯᠡᠰ ᠢ ᠳᠣᠣᠷ᠎ᠠ ᠮᠡᠳᠡᠭᠳᠡᠶ᠎ᠡ᠄ | ᠨᠢᠭᠡ᠂ ᠠᠵᠢᠯ ᠤᠨ ᠬᠠᠷᠠᠯᠲᠠ | ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠠᠵᠢᠯ ᠳᠤ ᠪᠠᠶᠢᠭ᠎ᠠ ᠪᠦᠬᠦ ᠠᠵᠢᠯᠲᠠᠨ ︽ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ | ᠦᠢᠯᠡᠴᠢᠯᠡᠭᠡᠨ ᠤ ᠲᠠᠪᠴᠠᠩ︾ ᠤᠨ APP᠂ ︽ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠤᠨ ᠠᠯᠪᠠᠨ ᠭᠡᠷ︾ ᠤᠨ APP᠂ ︽ᠥᠪᠥᠷ ᠮᠣᠩᠭᠤᠯ ᠤᠨ | ᠡᠮ ᠡᠮᠨᠡᠯᠭᠡ ᠶᠢᠨ ᠳᠠᠭᠠᠳᠬᠠᠯ︾ ᠤᠨ APP ᠪᠤᠶᠤ ᠸᠢᠴᠠᠲ ᠤᠨ ︽ᠮᠢᠨᠤ ᠡᠮ ᠡᠮᠨᠡᠯᠭᠡ ᠶᠢᠨ ᠳᠠᠭᠠᠳᠬᠠᠯ ᠤᠨ ᠭᠡᠷᠡᠴᠢ ᠪᠠᠷᠢᠮᠲᠠ︾ ︽ᠥᠪᠥᠷ ᠮᠣᠩᠭᠤᠯ ᠤᠨ ᠡᠮ | ᠡᠮᠨᠡᠯᠭᠡ ᠶᠢᠨ ᠳᠠᠭᠠᠳᠬᠠᠯ︾ ᠤᠨ ᠵᠢᠵᠢᠭ ᠫᠷᠣᠭ᠍ᠷᠠᠮ ᠢ ᠪᠠᠭᠤᠯᠭᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠨ ᠠᠮᠢᠯᠠᠭᠤᠯᠬᠤ ᠶᠢᠨ ᠬᠠᠮᠲᠤ ᠳᠡᠷᠭᠡᠳᠡᠬᠢ | ᠣᠯᠠᠨ ᠲᠦᠮᠡᠨ᠂ ᠭᠡᠷ ᠪᠦᠯᠢ᠂ ᠨᠠᠶᠢᠵᠠ ᠨᠠᠷ ᠤᠨ ᠠᠮᠢᠯᠠᠭᠤᠯᠬᠤ ᠶᠢ ᠢᠳᠡᠪᠬᠢᠲᠡᠢ ᠲᠠᠨᠢᠯᠴᠠᠭᠤᠯᠵᠤ᠂ ᠮᠠᠨ ᠤ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ | ᠡᠯᠧᠺᠲᠷᠣᠨ ᠭᠡᠷᠡᠴᠢ ᠪᠠᠷᠢᠮᠲᠠ ᠶᠢᠨ ᠢᠳᠡᠪᠬᠢᠵᠢᠭᠦᠯᠦᠯᠲᠡ ᠶᠢᠨ ᠨᠣᠷᠮ᠎ᠠ ᠶᠢ 90% ᠠᠴᠠ ᠳᠡᠭᠡᠭᠰᠢ ᠳᠤ ᠬᠦᠷᠭᠡᠬᠦ ᠬᠡᠷᠡᠭᠲᠡᠢ᠃ | ᠬᠤᠶᠠᠷ᠂ ᠠᠵᠢᠯ ᠤᠨ ᠱᠠᠭᠠᠷᠳᠠᠯᠭ᠎ᠠ | ︵ᠨᠢᠭᠡ︶ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ | ᠡᠯ᠎ᠡ ᠰᠠᠯᠠᠭ᠎ᠠ ᠮᠥᠴᠢᠷ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ ᠶᠢᠨ ᠭᠤᠣᠯ ᠤᠳᠤᠷᠢᠳᠤᠯᠭ᠎ᠠ ᠨᠠᠷ ᠲᠣᠰ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠠᠵᠢᠯ ᠤᠨ ᠬᠠᠷᠠᠯᠲᠠ ᠶᠢᠨ ᠶᠣᠰᠣᠭᠠᠷ ᠦᠨᠡᠨᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠡᠳᠦᠷ ᠲᠤᠲᠤᠮ ᠤᠨ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠡᠮ | ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠨᠣᠷᠮ᠎ᠠ ᠶᠢ ᠳᠡᠭᠡᠭᠰᠢᠯᠡᠭᠦᠯᠵᠦ᠂ ᠪᠥᠬᠦ ᠺᠠᠳ᠋ᠷ ᠠᠵᠢᠯᠲᠠᠳ ᠤᠨ ᠡᠮ ᠡᠮᠨᠡᠯᠭᠡ ᠶᠢᠨ | ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ 100% ᠪᠠᠷ ᠠᠮᠢᠯᠠᠭᠤᠯᠬᠤ ᠬᠡᠷᠡᠭᠲᠡᠢ᠃ ᠡᠯ᠎ᠡ ᠰᠤᠮᠤ ᠪᠠᠯᠭᠠᠰᠤ ᠨᠢ ᠰᠤᠮᠤ ᠪᠠᠯᠭᠠᠰᠤ᠂ ᠭᠠᠴᠠᠭ᠎ᠠ ︵ᠨᠡᠶᠢᠭᠡᠮ | ᠲᠣᠭᠤᠷᠢᠭ︶ ᠬᠤᠶᠠᠷ ᠱᠠᠲᠤᠨ ᠤ ᠺᠠᠳ᠋ᠷ ᠠᠵᠢᠯᠲᠠᠨ ᠠᠵᠢᠯᠴᠢᠨ ᠤ ᠭᠡᠷ ᠪᠦᠯᠢ᠂ ᠬᠠᠷᠢᠶ᠎ᠠ ᠣᠷᠣᠨ ᠤ ᠳᠣᠲᠣᠷᠠᠬᠢ ᠰᠠᠭᠤᠭᠠᠯᠢ ᠠᠷᠠᠳ ᠢ ᠬᠠᠷᠢᠭᠤᠴᠠᠨ ᠵᠣᠬᠢᠶᠠᠨ | ᠪᠠᠶᠢᠭᠤᠯᠵᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠲᠦᠷᠭᠡᠬᠡᠨ ᠪᠡᠶᠡᠯᠡᠭᠦᠯᠬᠦ ᠬᠡᠷᠡᠭᠲᠡᠢ︔ ᠬᠤᠰᠢᠭᠤᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠬᠤᠰᠢᠭᠤᠨ ᠤ ᠢᠳᠡᠭᠡᠨ ᠤᠮᠳᠠᠭᠠᠨ᠂ ᠡᠮ ᠤᠨ ᠳᠡᠯᠭᠡᠭᠦᠷ ᠤᠨ ᠡᠵᠡᠩᠨᠡᠯᠲᠡ ᠶᠢᠨ ᠭᠤᠣᠯ | ᠴᠣᠭᠴᠠ ᠵᠢᠴᠢ ᠵᠠᠬᠢᠶᠠᠯᠠᠭ᠎ᠠ ᠶᠢᠨ ᠬᠤᠭᠤᠯᠠ ᠬᠦᠷᠭᠡᠬᠦ ᠠᠵᠢᠯᠲᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ | ᠠᠵᠢᠯ ᠢ ᠬᠠᠷᠢᠭᠤᠴᠠᠨ᠎ᠠ︔ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠪᠠᠭᠰᠢ ᠠᠵᠢᠯᠲᠠᠳ᠂ | ᠰᠤᠷᠤᠭᠴᠢᠳ᠂ ᠰᠤᠷᠤᠭᠴᠢᠳ ᠤᠨ ᠭᠡᠷ ᠪᠦᠯᠢ ᠵᠢᠴᠢ ᠪᠣᠯᠪᠠᠰᠤᠷᠠᠯ ᠤᠨ ᠪᠠᠶᠢᠭᠤᠯᠤᠮᠵᠢ ᠶᠢᠨ ᠠᠵᠢᠯᠲᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ | ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ᠂ | ᠡᠯ᠎ᠡ ᠨᠠᠰᠤᠵᠢᠯ ᠤᠨ ᠪᠠᠶᠢᠭᠤᠯᠤᠮᠵᠢ ᠳᠤ ᠣᠷᠣᠵᠤ ᠰᠠᠭᠤᠭᠰᠠᠳ ᠪᠠ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠡᠵᠡᠩᠨᠡᠭᠴᠢᠳ ᠵᠢᠴᠢ ᠠᠵᠢᠯᠲᠠᠳ ᠤᠨ | ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠣᠶ ᠰᠢᠭᠤᠢ ᠨᠤᠲᠤᠭ | ᠪᠡᠯᠴᠢᠭᠡᠷ ᠤᠨ ᠲᠣᠪᠴᠢᠶ᠎ᠠ ᠪᠥᠬᠦ ᠬᠤᠰᠢᠭᠤᠨ ᠤ ᠣᠶ ᠰᠢᠭᠤᠢ ᠶᠢᠨ ᠰᠢᠰᠲ᠋ᠧᠮ ᠤᠨ ᠪᠥᠬᠦ ᠠᠵᠢᠯᠲᠠᠳ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ | ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠥᠬᠦ ᠬᠤᠰᠢᠭᠤᠨ ᠤ | ᠡᠷᠡᠭᠦᠯ ᠬᠠᠮᠠᠭᠠᠯᠠᠯ ᠤᠨ ᠰᠢᠰᠲ᠋ᠧᠮ ᠤᠨ ᠠᠵᠢᠯᠲᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ | ᠬᠠᠷᠢᠭᠤᠴᠠᠨ᠎ᠠ︔ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠪᠥᠬᠦ ᠬᠤᠰᠢᠭᠤᠨ ᠤ ᠲᠠᠷᠢᠶᠠᠯᠠᠩ ᠮᠠᠯ | ᠠᠵᠤ ᠠᠬᠤᠢ ᠶᠢᠨ ᠰᠢᠰᠲ᠋ᠧᠮ᠂ ᠬᠤᠴᠠᠨ ᠤ ᠲᠠᠯᠠᠪᠠᠶ ᠶᠢᠨ ᠠᠵᠢᠯᠲᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ | ᠠᠵᠢᠯ ᠢ ᠬᠠᠷᠢᠭᠤᠴᠠᠨ᠎ᠠ︔ ᠬᠤᠰᠢᠭᠤᠨ ᠤ ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠥᠬᠦ ᠬᠤᠰᠢᠭᠤᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠠᠬᠤᠶᠢᠯᠠᠯ᠂ ᠴᠢᠮᠡᠭᠡ ᠬᠤᠯᠪᠣᠭ᠎ᠠ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯᠲᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ | ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠤᠬᠢᠶᠠᠯᠭ᠎ᠠ᠂ | ᠰᠦᠯᠵᠢᠶᠡᠨ ᠤ ᠪᠠᠭᠠᠷ᠂ ᠺᠢᠨᠣ᠋ ᠶᠢᠨ ᠣᠷᠳᠣᠨ᠂ ᠴᠢᠴᠢᠭᠦᠷ ᠪᠥᠮᠪᠦᠭᠡ ᠶᠢᠨ ᠲᠢᠩᠬᠢᠮ ᠵᠡᠷᠭᠡ ᠰᠣᠶᠣᠯ ᠴᠡᠩᠭᠡᠯ ᠤᠨ ᠲᠠᠯᠠᠪᠤᠷ ᠤᠨ ᠡᠵᠡᠩᠨᠡᠭᠴᠢᠳ ᠵᠢᠴᠢ ᠠᠵᠢᠯᠲᠠᠳ ᠤᠨ | ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠥᠬᠦ ᠬᠤᠰᠢᠭᠤᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ᠂ ᠪᠠᠷᠢᠯᠭ᠎ᠠ ᠶᠢᠨ ᠺᠣᠮᠫᠠᠨᠢ᠂ | ᠠᠳᠠᠯ ᠠᠬᠤᠢ ᠶᠢᠨ ᠺᠣᠮᠫᠠᠨᠢ ᠶᠢᠨ ᠡᠵᠡᠩᠨᠡᠭᠴᠢᠳ ᠵᠢᠴᠢ ᠠᠵᠢᠯᠲᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ | ᠠᠵᠢᠯ ᠢ ᠬᠠᠷᠢᠭᠤᠴᠠᠨ᠎ᠠ︔ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠬᠤᠰᠢᠭᠤᠨ ᠤ ᠳᠠᠷᠤᠭ᠎ᠠ ᠪᠠᠶᠢᠯᠳᠤᠭᠴᠢᠳ ᠤᠨ ᠡᠮ ᠡᠮᠨᠡᠯᠭᠡ ᠶᠢᠨ | ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠡᠵᠡᠩᠨᠡᠭᠴᠢᠳ ᠵᠢᠴᠢ ᠠᠵᠢᠯᠲᠠᠳ᠂ ᠲᠦᠷᠢᠶᠡᠰᠦᠨ ᠮᠠᠰᠢᠨ ᠤ ᠵᠢᠯᠣᠭᠤᠴᠢ᠂ ᠠᠶᠠᠨᠴᠢᠳ ᠤᠨ ᠲᠡᠷᠭᠡᠨ ᠤ | ᠵᠢᠯᠣᠭᠤᠴᠢ ᠶᠢᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠬᠠᠤᠯᠢ | ᠴᠠᠭᠠᠵᠠ ᠶᠢᠨ ᠲᠣᠪᠴᠢᠶ᠎ᠠ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯᠲᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ | ᠠᠮᠢᠯᠠᠭᠤᠯᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ | ᠲᠢᠩᠬᠢᠮ ᠤᠨ ᠲᠤᠬᠠᠶᠢᠯᠠᠭᠰᠠᠨ ᠠᠵᠢᠯ ᠤᠨ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ | ᠬᠠᠷᠢᠭᠤᠴᠠᠨ᠎ᠠ︔ ᠡᠯ᠎ᠡ ᠣᠯᠠᠨ ᠲᠦᠮᠡᠨᠴᠢ ᠪᠦᠯᠬᠦᠮ ᠤᠨ ᠵᠣᠬᠢᠶᠠᠨ ᠪᠠᠶᠢᠭᠤᠯᠤᠯᠲᠠ ᠨᠢ ᠬᠤᠪᠢᠳᠠᠨ ᠬᠠᠮᠢᠶᠠᠷᠴᠤ ᠪᠦᠬᠦᠢ ᠪᠦᠯᠬᠦᠮ ᠤᠨ ᠠᠵᠢᠯᠲᠠᠳ ᠤᠨ ᠡᠮ | ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ | ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠰᠤᠮᠤ ᠪᠠᠯᠭᠠᠰᠤ ᠶᠢᠨ ᠵᠠᠰᠠᠭ ᠤᠨ ᠣᠷᠳᠣᠨ︶ | | ︵ᠬᠤᠶᠠᠷ︶ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠳᠤ ︽ᠨᠢᠭᠡ ᠨᠣᠮᠧᠷ ᠢᠶᠠᠷ ᠨᠡᠶᠢᠳᠡᠮ ᠰᠢᠢᠳᠪᠦᠷᠢᠯᠡᠬᠦ︾ | ᠠᠵᠢᠯ ᠢ ᠢᠳᠡᠪᠬᠢᠲᠡᠢ ᠠᠬᠢᠭᠤᠯᠬᠤ ᠬᠡᠷᠡᠭᠲᠡᠢ᠃ ᠡᠯ᠎ᠡ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠠᠯᠭᠠᠭᠠᠰᠤ ᠶᠢᠨ | ᠵᠢᠷᠤᠮᠵᠢᠯ︾ ᠢ ᠴᠢᠩᠭ᠎ᠠ ᠵᠢᠷᠤᠮᠯᠠᠨ HIS ᠰᠢᠰᠲ᠋ᠧᠮ ᠢ ᠥᠭᠡᠷᠡᠴᠢᠯᠡᠨ ᠵᠣᠯᠭᠠᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ | ᠡᠪᠡᠳᠴᠢᠨ ᠦᠵᠡᠭᠦᠯᠬᠦ ᠳᠤ ᠲᠠᠩᠰᠠ ᠡᠪᠬᠡᠮᠡᠯ ᠪᠠᠶᠢᠭᠤᠯᠬᠤ᠂ ᠤᠷᠢᠳᠴᠢᠯᠠᠨ ᠪᠣᠯᠵᠣᠵᠤ ᠳ᠋ᠤᠭᠠᠷᠯᠠᠬᠤ᠂ ᠰᠦᠢᠳᠬᠡᠯ ᠲᠤᠰᠢᠶᠠᠬᠤ ᠳᠤ ᠵᠣᠭᠤᠰ ᠰᠠᠭᠤᠯᠭᠠᠨ ᠠᠪᠬᠤ᠂ | ᠪᠠᠶᠢᠴᠠᠭᠠᠵᠤ ᠰᠢᠯᠭᠠᠨ ᠪᠠᠶᠢᠴᠠᠭᠠᠬᠤ᠂ ᠡᠮ ᠤᠨ ᠥᠷᠥᠭᠡ ᠠᠴᠠ ᠡᠮ ᠠᠪᠬᠤ᠂ ᠮᠡᠳᠡᠭᠦᠯᠦᠯᠲᠡ ᠶᠢ ᠳᠠᠷᠤᠮᠠᠯᠯᠠᠬᠤ᠂ ᠡᠪᠡᠳᠴᠢᠨ ᠤ ᠥᠩᠭᠡᠷᠡᠯᠲᠡ ᠶᠢ ᠪᠠᠶᠢᠴᠠᠭᠠᠨ | ᠯᠠᠪᠯᠠᠬᠤ᠂ ᠥᠪᠡᠰᠦᠪᠡᠨ ᠦᠢᠯᠡᠴᠢᠯᠡᠬᠦ ᠮᠠᠰᠢᠨ ᠵᠡᠷᠭᠡ ᠠᠬᠤᠢ ᠲᠠᠯᠠᠪᠤᠷ ᠤᠨ ᠪᠥᠬᠦ ᠶᠠᠪᠤᠴᠠ ᠶᠢ ᠬᠡᠷᠡᠭᠯᠡᠬᠦ ᠶᠢ ᠦᠨᠡᠨᠬᠦ ᠪᠠᠲᠤᠯᠠᠵᠤ᠂ ᠵᠠᠯᠭᠠᠭᠠᠰᠤ ᠶᠢ ᠪᠦᠷᠢᠨ ᠪᠦᠲᠦᠨ | ᠥᠭᠡᠷᠡᠴᠢᠯᠡᠬᠦ᠂ ᠴᠢᠳᠠᠮᠵᠢ ᠶᠢ ᠵᠢᠷᠤᠮᠵᠢᠯ ᠲᠠᠢ ᠪᠣᠯᠭᠠᠬᠤ ᠶᠢ ᠦᠨᠡᠨᠬᠦ ᠪᠠᠲᠤᠯᠠᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠪᠡᠳᠴᠢᠨ ᠦᠵᠡᠭᠦᠯᠬᠦ ᠳᠤ | ︽ᠨᠢᠭᠡ ᠨᠣᠮᠧᠷ ᠢᠶᠠᠷ ᠡᠮᠨᠡᠭᠦᠯᠬᠦ︾ ᠶᠢ ᠨᠡᠶᠢᠳᠡᠮ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠢ᠃ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠲᠣᠭᠲᠠᠭᠰᠠᠨ | ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠪᠠ ᠪᠡᠶ᠎ᠡ ᠶᠢᠨ ᠦᠨᠡᠮᠯᠡᠯ ᠢ ᠳ᠋ᠤᠭᠠᠷᠯᠠᠬᠤ᠂ | ᠡᠮᠨᠡᠭᠦᠯᠬᠦ᠂ ᠲᠣᠭᠠᠴᠠᠭ᠎ᠠ ᠬᠢᠬᠦ᠂ ᠡᠮ ᠠᠪᠬᠤ᠂ ᠮᠡᠳᠡᠭᠦᠯᠦᠯᠲᠡ ᠠᠪᠬᠤ ᠵᠡᠷᠭᠡ ᠡᠪᠡᠳᠴᠢᠨ ᠦᠵᠡᠭᠦᠯᠬᠦ ᠦᠢᠯᠡᠴᠢᠯᠡᠭᠡᠨ ᠤ ᠪᠥᠬᠦ ᠶᠠᠪᠤᠴᠠ ᠳᠤ ᠬᠡᠷᠡᠭᠯᠡᠬᠦ ᠡᠵᠡᠯᠡᠬᠦ | ᠬᠠᠷᠢᠴᠠᠯ ᠢ 80% ᠳᠤ ᠬᠦᠷᠭᠡᠬᠦ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠡᠯ᠎ᠡ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ︶ | ︵ᠭᠤᠷᠪᠠ︶ ︽ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ︾ ᠶᠢ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠬᠤ ᠬᠡᠷᠡᠭᠲᠡᠢ᠃ | ᠤᠬᠠᠭᠤᠯᠬᠤ ᠰᠠᠯᠠᠭ᠎ᠠ ᠮᠥᠴᠢᠷ ᠤᠳ ︽ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ︾ ᠶᠢ ᠤᠬᠠᠭᠤᠯᠤᠨ ᠳᠡᠯᠭᠡᠷᠡᠭᠦᠯᠬᠦ ᠠᠵᠢᠯ ᠢ | ᠴᠢᠩᠭᠠᠳᠬᠠᠵᠤ᠂ ᠲᠤᠰᠬᠠᠢ ᠴᠠᠭ ᠬᠤᠭᠤᠴᠠᠭ᠎ᠠ ᠪᠠ ᠬᠡᠪᠯᠡᠯ ᠤᠨ ᠨᠢᠭᠤᠷ ᠭᠠᠷᠭᠠᠵᠤ ︽ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ︾ ᠶᠢᠨ | ᠬᠡᠷᠡᠭᠯᠡᠯᠲᠡ ᠶᠢ ᠦᠷᠭᠦᠯᠵᠢᠯᠡᠨ ᠤᠬᠠᠭᠤᠯᠬᠤ ᠬᠡᠷᠡᠭᠲᠡᠢ᠃ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ᠂ ᠡᠯ᠎ᠡ ᠵᠠᠰᠠᠭ ᠤᠨ ᠶᠠᠪᠤᠳᠠᠯ ᠤᠨ ᠰᠢᠨ᠎ᠡ | ᠵᠠᠭᠤᠴᠢᠯᠠᠭᠤᠷ ᠤᠨ ᠲᠠᠩᠰᠠᠨ ᠨᠣᠮᠧᠷ ᠨᠢ ᠲᠦᠷᠦᠭᠦᠸ ᠨᠢᠭᠤᠷ ᠤᠨ ᠢᠯᠡ ᠪᠠᠶᠢᠷᠢᠨ ᠳᠤ ︽ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ︾ ᠶᠢᠨ | ᠤᠬᠠᠭᠤᠯᠭ᠎ᠠ ᠶᠢᠨ ᠠᠭᠤᠯᠭ᠎ᠠ ᠵᠢᠴᠢ ᠬᠤᠶᠠᠷ ᠬᠡᠮᠵᠢᠯᠲᠦ ᠺᠣᠳ᠋ ᠢ ᠦᠷᠭᠦᠯᠵᠢᠯᠡᠨ ᠳᠡᠯᠭᠡᠨ ᠦᠵᠡᠭᠦᠯᠵᠦ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ | ︽ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ︾ ᠶᠢᠨ ᠬᠠᠮᠢᠶ᠎ᠠ ᠪᠦᠬᠦᠢ ᠰᠣᠨᠢᠨ ᠮᠡᠳᠡᠭᠡᠨ ᠤ ᠡᠬᠡ ᠪᠢᠴᠢᠭ ᠢ ᠢᠳᠡᠪᠬᠢᠲᠡᠢ ᠳᠠᠮᠵᠢᠭᠤᠯᠤᠨ | ᠲᠠᠷᠬᠠᠭᠠᠬᠤ ᠶᠢᠨ ᠬᠠᠮᠲᠤ ᠡᠬᠡ ᠪᠢᠴᠢᠭ ᠲᠤ ᠲᠠᠶᠢᠯᠤᠮᠵᠢ ᠬᠢᠬᠦ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ | ᠬᠡᠯᠲᠡᠰ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ︶ | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ | ᠭᠠᠷᠳᠠᠨ ᠬᠢᠵᠦ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠ ᠪᠣᠳᠠᠲᠠᠢ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠲᠤᠰᠬᠠᠢ ᠬᠥᠮᠥᠨ ᠢᠶᠠᠷ | ᠬᠠᠷᠢᠭᠤᠴᠠᠭᠤᠯᠤᠨ᠂ ᠲᠤᠰᠬᠠᠢ ᠬᠥᠮᠥᠨ ᠢᠶᠠᠷ ᠠᠬᠢᠭᠤᠯᠬᠤ ᠶᠢ ᠦᠨᠡᠨᠬᠦ ᠪᠠᠲᠤᠯᠠᠵᠤ᠂ ᠠᠵᠢᠯ ᠤᠨ ᠱᠠᠭᠠᠷᠳᠠᠯᠭ᠎ᠠ ᠶᠣᠰᠣᠭᠠᠷ ᠠᠬᠢᠭᠤᠯᠬᠤ ᠲᠣᠭᠲᠠᠴᠠ ᠶᠢ | ᠲᠡᠭᠦᠯᠳᠡᠷᠵᠢᠭᠦᠯᠦᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃ ᠠᠵᠢᠯ ᠤᠨ ᠠᠬᠢᠴᠠ ᠶᠢ ᠪᠠᠲᠤᠯᠠᠬᠤ ᠶᠢᠨ ᠲᠥᠯᠥᠭᠡ᠂ ᠡᠯ᠎ᠡ ᠰᠤᠮᠤ ᠪᠠᠯᠭᠠᠰᠤ᠂ ᠡᠯ᠎ᠡ | ᠰᠠᠯᠠᠭ᠎ᠠ ᠮᠥᠴᠢᠷ ᠡᠳᠦᠷ ᠪᠦᠷᠢ ︽ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠠᠵᠢᠯ ᠢ ᠲᠣᠬᠢᠷᠠᠭᠤᠯᠬᠤ ᠪᠦᠯᠦᠭ︾ ᠢᠶᠠᠷ ᠳᠠᠮᠵᠢᠨ | ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠳᠤ ᠠᠮᠢᠯᠠᠭᠤᠯᠤᠭᠰᠠᠨ ᠪᠠᠶᠢᠳᠠᠯ ᠢᠶᠠᠨ ᠮᠡᠳᠡᠭᠦᠯᠦᠨ ᠬᠦᠷᠭᠡᠬᠦ ᠶᠢᠨ ᠬᠠᠮᠲᠤ᠂ ᠠᠮᠢᠯᠠᠭᠤᠯᠤᠭᠰᠠᠨ ᠭᠡᠷᠡᠴᠢ | ᠪᠠᠷᠢᠮᠲᠠ ᠶᠢᠨ ᠵᠢᠷᠤᠭ ᠢ ᠦᠯᠡᠳᠡᠭᠡᠨ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠬᠦ ᠬᠡᠷᠡᠭᠲᠡᠢ᠃ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠭᠠᠷᠠᠭ | ᠪᠦᠷᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠬᠤᠰᠢᠭᠤᠨ ᠤ ᠵᠠᠰᠠᠭ ᠤᠨ ᠣᠷᠳᠣᠨ ᠳᠤ ᠮᠡᠳᠡᠭᠦᠯᠵᠦ᠂ ᠬᠤᠰᠢᠭᠤᠨ ᠤ ᠵᠠᠰᠠᠭ ᠤᠨ ᠣᠷᠳᠣᠨ ᠠᠴᠠ ᠰᠢᠮᠳᠠᠭᠤᠯᠤᠨ | ᠪᠠᠶᠢᠴᠠᠭᠠᠬᠤ ᠲᠠᠰᠤᠭ ᠢ ᠲᠣᠬᠢᠷᠠᠭᠤᠯᠤᠨ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠲᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠰᠬᠠᠢ ᠵᠦᠢᠯ ᠤᠨ | ᠰᠢᠮᠳᠠᠭᠤᠯᠤᠨ ᠪᠠᠶᠢᠴᠠᠭᠠᠯᠲᠠ ᠬᠢᠯᠭᠡᠵᠦ᠂ ᠠᠬᠢᠴᠠ ᠶᠢᠨ ᠪᠠᠶᠢᠳᠠᠯ ᠢᠶᠠᠨ ᠭᠠᠷᠠᠭ ᠪᠦᠷᠢ ᠮᠡᠳᠡᠭᠳᠡᠨ᠎ᠡ᠃ | ︵ᠭᠤᠷᠪᠠ︶ ᠨᠡᠪᠲᠡᠷᠡᠯᠴᠡᠭᠡ ᠶᠢ ᠴᠢᠩᠭᠠᠳᠬᠠᠬᠤ ᠬᠡᠷᠡᠭᠲᠡᠢ᠃ ︽ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ︾ ᠶᠢᠨ ᠳᠡᠩᠰᠡᠯᠡᠨ | ᠪᠦᠷᠢᠳᠬᠡᠭᠰᠡᠨ ᠲᠤᠭ᠎ᠠ ᠪᠠᠷᠢᠮᠲᠠ ᠶᠢ ᠮᠡᠳᠡᠭᠦᠯᠦᠨ ᠬᠦᠷᠭᠡᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠠᠴᠠ ᠨᠢᠭᠡ | ᠲᠤᠰᠬᠠᠢ ᠠᠵᠢᠯᠲᠠᠨ ᠰᠣᠩᠭᠤᠨ ︽ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠠᠵᠢᠯ ᠤᠨ ᠲᠣᠬᠢᠷᠠᠭᠤᠯᠤᠭᠴᠢ ᠶᠢᠨ ᠪᠦᠯᠦᠭ︾ ᠲᠤ | ᠣᠷᠣᠭᠤᠯᠵᠤ᠂ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠠᠴᠠ ︽ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ︾ ᠶᠢᠨ | ᠳᠠᠩᠰᠠᠯᠠᠭᠤᠯᠤᠭᠰᠠᠨ ᠬᠠᠷᠢᠯᠴᠠᠬᠤ ᠬᠦᠮᠦᠨ ᠲᠣᠬᠢᠷᠠᠭᠤᠯᠬᠤ ᠬᠡᠷᠡᠭᠲᠡᠢ᠃ | | |