ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠳᠡᠯᠭᠡᠷᠡᠭᠦᠯᠦᠨ ᠬᠡᠷᠡᠭᠯᠡᠬᠦ ᠠᠵᠢᠯ ᠢ ᠤᠯᠠᠮ ᠴᠢᠨᠠᠭᠰᠢᠳᠠ ᠰᠠᠶᠢᠲᠤᠷ ᠬᠢᠬᠦ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/3/13
ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ ᠳᠤ᠄        ︽ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠮᠡᠳᠡᠭᠳᠡᠯ︾ ︵ᠥᠪᠥᠷ ᠡᠮᠨᠡᠯᠭᠡ ᠶᠢᠨ ᠳᠠᠭᠠᠳᠬᠠᠯ ᠠᠯᠪᠠᠨ ᠲᠠᠷᠬᠠᠭᠠᠭᠰᠠᠨ ﹇2022﹈ 6 ᠳ᠋ᠤᠭᠠᠷ ᠲᠣᠭᠠᠲᠤ︶ ᠤᠨ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠮᠠᠨ ᠤ ᠬᠤᠰᠢᠭᠤᠨ ᠤ ᠳᠠᠭᠠᠳᠬᠠᠯ ᠳᠤ ᠣᠷᠣᠯᠴᠠᠭᠰᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠳᠤᠯᠢᠭ ᠢᠶᠠᠷ ᠬᠡᠷᠡᠭᠯᠡᠬᠦ ᠨᠣᠷᠮ᠎ᠠ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠲᠥᠬᠦᠮ ᠦᠵᠡᠭᠦᠯᠦᠨ᠂ ᠡᠮ ᠡᠮᠨᠡᠯᠭᠡ ᠶᠢᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠳᠤ ᠬᠤᠯᠪᠣᠭᠳᠠᠯ ᠪᠦᠬᠦᠢ ᠵᠦᠢᠯᠡᠰ ᠢ ᠳᠣᠣᠷ᠎ᠠ ᠮᠡᠳᠡᠭᠳᠡᠶ᠎ᠡ᠄        ᠨᠢᠭᠡ᠂ ᠠᠵᠢᠯ ᠤᠨ ᠬᠠᠷᠠᠯᠲᠠ        ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠠᠵᠢᠯ ᠳᠤ ᠪᠠᠶᠢᠭ᠎ᠠ ᠪᠦᠬᠦ ᠠᠵᠢᠯᠲᠠᠨ ︽ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ︾ ᠤᠨ APP᠂ ︽ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠤᠨ ᠠᠯᠪᠠᠨ ᠭᠡᠷ︾ ᠤᠨ APP᠂ ︽ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ︾ ᠤᠨ APP ᠪᠤᠶᠤ ᠸᠢᠴᠠᠲ ᠤᠨ ︽ᠮᠢᠨᠤ ᠡᠮ ᠡᠮᠨᠡᠯᠭᠡ ᠶᠢᠨ ᠳᠠᠭᠠᠳᠬᠠᠯ ᠤᠨ ᠭᠡᠷᠡᠴᠢ ᠪᠠᠷᠢᠮᠲᠠ︾ ︽ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ︾ ᠤᠨ ᠵᠢᠵᠢᠭ ᠫᠷᠣᠭ᠍ᠷᠠᠮ ᠢ ᠪᠠᠭᠤᠯᠭᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠨ ᠠᠮᠢᠯᠠᠭᠤᠯᠬᠤ ᠶᠢᠨ ᠬᠠᠮᠲᠤ ᠳᠡᠷᠭᠡᠳᠡᠬᠢ ᠣᠯᠠᠨ ᠲᠦᠮᠡᠨ᠂ ᠭᠡᠷ ᠪᠦᠯᠢ᠂ ᠨᠠᠶᠢᠵᠠ ᠨᠠᠷ ᠤᠨ ᠠᠮᠢᠯᠠᠭᠤᠯᠬᠤ ᠶᠢ ᠢᠳᠡᠪᠬᠢᠲᠡᠢ ᠲᠠᠨᠢᠯᠴᠠᠭᠤᠯᠵᠤ᠂ ᠮᠠᠨ ᠤ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠢᠳᠡᠪᠬᠢᠵᠢᠭᠦᠯᠦᠯᠲᠡ ᠶᠢᠨ ᠨᠣᠷᠮ᠎ᠠ ᠶᠢ 90% ᠠᠴᠠ ᠳᠡᠭᠡᠭᠰᠢ ᠳᠤ ᠬᠦᠷᠭᠡᠬᠦ ᠬᠡᠷᠡᠭᠲᠡᠢ᠃        ᠬᠤᠶᠠᠷ᠂ ᠠᠵᠢᠯ ᠤᠨ ᠱᠠᠭᠠᠷᠳᠠᠯᠭ᠎ᠠ        ︵ᠨᠢᠭᠡ︶ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ ᠶᠢᠨ ᠭᠤᠣᠯ ᠤᠳᠤᠷᠢᠳᠤᠯᠭ᠎ᠠ ᠨᠠᠷ ᠲᠣᠰ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠬᠠᠷᠠᠯᠲᠠ ᠶᠢᠨ ᠶᠣᠰᠣᠭᠠᠷ ᠦᠨᠡᠨᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠡᠳᠦᠷ ᠲᠤᠲᠤᠮ ᠤᠨ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠨᠣᠷᠮ᠎ᠠ ᠶᠢ ᠳᠡᠭᠡᠭᠰᠢᠯᠡᠭᠦᠯᠵᠦ᠂ ᠪᠥᠬᠦ ᠺᠠᠳ᠋ᠷ ᠠᠵᠢᠯᠲᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ 100% ᠪᠠᠷ ᠠᠮᠢᠯᠠᠭᠤᠯᠬᠤ ᠬᠡᠷᠡᠭᠲᠡᠢ᠃ ᠡᠯ᠎ᠡ ᠰᠤᠮᠤ ᠪᠠᠯᠭᠠᠰᠤ ᠨᠢ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠬᠤᠶᠠᠷ ᠱᠠᠲᠤᠨ ᠤ ᠺᠠᠳ᠋ᠷ ᠠᠵᠢᠯᠲᠠᠨ ᠠᠵᠢᠯᠴᠢᠨ ᠤ ᠭᠡᠷ ᠪᠦᠯᠢ᠂ ᠬᠠᠷᠢᠶ᠎ᠠ ᠣᠷᠣᠨ ᠤ ᠳᠣᠲᠣᠷᠠᠬᠢ ᠰᠠᠭᠤᠭᠠᠯᠢ ᠠᠷᠠᠳ ᠢ ᠬᠠᠷᠢᠭᠤᠴᠠᠨ ᠵᠣᠬᠢᠶᠠᠨ ᠪᠠᠶᠢᠭᠤᠯᠵᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠲᠦᠷᠭᠡᠬᠡᠨ ᠪᠡᠶᠡᠯᠡᠭᠦᠯᠬᠦ ᠬᠡᠷᠡᠭᠲᠡᠢ︔ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠬᠤᠰᠢᠭᠤᠨ ᠤ ᠢᠳᠡᠭᠡᠨ ᠤᠮᠳᠠᠭᠠᠨ᠂ ᠡᠮ ᠤᠨ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠵᠢᠴᠢ ᠵᠠᠬᠢᠶᠠᠯᠠᠭ᠎ᠠ ᠶᠢᠨ ᠬᠤᠭᠤᠯᠠ ᠬᠦᠷᠭᠡᠬᠦ ᠠᠵᠢᠯᠲᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠪᠠᠭᠰᠢ ᠠᠵᠢᠯᠲᠠᠳ᠂ ᠰᠤᠷᠤᠭᠴᠢᠳ᠂ ᠰᠤᠷᠤᠭᠴᠢᠳ ᠤᠨ ᠭᠡᠷ ᠪᠦᠯᠢ ᠵᠢᠴᠢ ᠪᠣᠯᠪᠠᠰᠤᠷᠠᠯ ᠤᠨ ᠪᠠᠶᠢᠭᠤᠯᠤᠮᠵᠢ ᠶᠢᠨ ᠠᠵᠢᠯᠲᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ᠂ ᠡᠯ᠎ᠡ ᠨᠠᠰᠤᠵᠢᠯ ᠤᠨ ᠪᠠᠶᠢᠭᠤᠯᠤᠮᠵᠢ ᠳᠤ ᠣᠷᠣᠵᠤ ᠰᠠᠭᠤᠭᠰᠠᠳ ᠪᠠ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠡᠵᠡᠩᠨᠡᠭᠴᠢᠳ ᠵᠢᠴᠢ ᠠᠵᠢᠯᠲᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠪᠥᠬᠦ ᠬᠤᠰᠢᠭᠤᠨ ᠤ ᠣᠶ ᠰᠢᠭᠤᠢ ᠶᠢᠨ ᠰᠢᠰᠲ᠋ᠧᠮ ᠤᠨ ᠪᠥᠬᠦ ᠠᠵᠢᠯᠲᠠᠳ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠥᠬᠦ ᠬᠤᠰᠢᠭᠤᠨ ᠤ ᠡᠷᠡᠭᠦᠯ ᠬᠠᠮᠠᠭᠠᠯᠠᠯ ᠤᠨ ᠰᠢᠰᠲ᠋ᠧᠮ ᠤᠨ ᠠᠵᠢᠯᠲᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ᠂ ᠬᠤᠴᠠᠨ ᠤ ᠲᠠᠯᠠᠪᠠᠶ ᠶᠢᠨ  ᠠᠵᠢᠯᠲᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ᠂ ᠴᠢᠮᠡᠭᠡ ᠬᠤᠯᠪᠣᠭ᠎ᠠ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯᠲᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠤᠬᠢᠶᠠᠯᠭ᠎ᠠ᠂ ᠰᠦᠯᠵᠢᠶᠡᠨ ᠤ ᠪᠠᠭᠠᠷ᠂ ᠺᠢᠨᠣ᠋ ᠶᠢᠨ ᠣᠷᠳᠣᠨ᠂ ᠴᠢᠴᠢᠭᠦᠷ ᠪᠥᠮᠪᠦᠭᠡ ᠶᠢᠨ ᠲᠢᠩᠬᠢᠮ ᠵᠡᠷᠭᠡ ᠰᠣᠶᠣᠯ ᠴᠡᠩᠭᠡᠯ ᠤᠨ ᠲᠠᠯᠠᠪᠤᠷ ᠤᠨ ᠡᠵᠡᠩᠨᠡᠭᠴᠢᠳ ᠵᠢᠴᠢ ᠠᠵᠢᠯᠲᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠥᠬᠦ ᠬᠤᠰᠢᠭᠤᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ᠂ ᠪᠠᠷᠢᠯᠭ᠎ᠠ ᠶᠢᠨ ᠺᠣᠮᠫᠠᠨᠢ᠂ ᠠᠳᠠᠯ ᠠᠬᠤᠢ ᠶᠢᠨ ᠺᠣᠮᠫᠠᠨᠢ ᠶᠢᠨ ᠡᠵᠡᠩᠨᠡᠭᠴᠢᠳ ᠵᠢᠴᠢ ᠠᠵᠢᠯᠲᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠬᠤᠰᠢᠭᠤᠨ ᠤ ᠳᠠᠷᠤᠭ᠎ᠠ ᠪᠠᠶᠢᠯᠳᠤᠭᠴᠢᠳ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠡᠵᠡᠩᠨᠡᠭᠴᠢᠳ ᠵᠢᠴᠢ ᠠᠵᠢᠯᠲᠠᠳ᠂ ᠲᠦᠷᠢᠶᠡᠰᠦᠨ ᠮᠠᠰᠢᠨ ᠤ ᠵᠢᠯᠣᠭᠤᠴᠢ᠂ ᠠᠶᠠᠨᠴᠢᠳ ᠤᠨ ᠲᠡᠷᠭᠡᠨ ᠤ ᠵᠢᠯᠣᠭᠤᠴᠢ ᠶᠢᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯᠲᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠬᠠᠷᠢᠭᠤᠴᠠᠨ᠎ᠠ︔ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠲᠤᠬᠠᠶᠢᠯᠠᠭᠰᠠᠨ ᠠᠵᠢᠯ ᠤᠨ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠬᠠᠷᠢᠭᠤᠴᠠᠨ᠎ᠠ︔ ᠡᠯ᠎ᠡ ᠣᠯᠠᠨ ᠲᠦᠮᠡᠨᠴᠢ ᠪᠦᠯᠬᠦᠮ ᠤᠨ ᠵᠣᠬᠢᠶᠠᠨ ᠪᠠᠶᠢᠭᠤᠯᠤᠯᠲᠠ ᠨᠢ ᠬᠤᠪᠢᠳᠠᠨ ᠬᠠᠮᠢᠶᠠᠷᠴᠤ ᠪᠦᠬᠦᠢ ᠪᠦᠯᠬᠦᠮ ᠤᠨ ᠠᠵᠢᠯᠲᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠰᠤᠮᠤ ᠪᠠᠯᠭᠠᠰᠤ ᠶᠢᠨ ᠵᠠᠰᠠᠭ ᠤᠨ ᠣᠷᠳᠣᠨ︶        ︵ᠬᠤᠶᠠᠷ︶ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠳᠤ ︽ᠨᠢᠭᠡ ᠨᠣᠮᠧᠷ ᠢᠶᠠᠷ ᠨᠡᠶᠢᠳᠡᠮ ᠰᠢᠢᠳᠪᠦᠷᠢᠯᠡᠬᠦ︾ ᠠᠵᠢᠯ ᠢ ᠢᠳᠡᠪᠬᠢᠲᠡᠢ ᠠᠬᠢᠭᠤᠯᠬᠤ ᠬᠡᠷᠡᠭᠲᠡᠢ᠃ ᠡᠯ᠎ᠡ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠠᠯᠭᠠᠭᠠᠰᠤ ᠶᠢᠨ ᠵᠢᠷᠤᠮᠵᠢᠯ︾ ᠢ ᠴᠢᠩᠭ᠎ᠠ ᠵᠢᠷᠤᠮᠯᠠᠨ HIS ᠰᠢᠰᠲ᠋ᠧᠮ ᠢ ᠥᠭᠡᠷᠡᠴᠢᠯᠡᠨ ᠵᠣᠯᠭᠠᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠡᠪᠡᠳᠴᠢᠨ ᠦᠵᠡᠭᠦᠯᠬᠦ ᠳᠤ ᠲᠠᠩᠰᠠ ᠡᠪᠬᠡᠮᠡᠯ ᠪᠠᠶᠢᠭᠤᠯᠬᠤ᠂ ᠤᠷᠢᠳᠴᠢᠯᠠᠨ ᠪᠣᠯᠵᠣᠵᠤ ᠳ᠋ᠤᠭᠠᠷᠯᠠᠬᠤ᠂ ᠰᠦᠢᠳᠬᠡᠯ ᠲᠤᠰᠢᠶᠠᠬᠤ ᠳᠤ ᠵᠣᠭᠤᠰ ᠰᠠᠭᠤᠯᠭᠠᠨ ᠠᠪᠬᠤ᠂ ᠪᠠᠶᠢᠴᠠᠭᠠᠵᠤ ᠰᠢᠯᠭᠠᠨ ᠪᠠᠶᠢᠴᠠᠭᠠᠬᠤ᠂ ᠡᠮ ᠤᠨ ᠥᠷᠥᠭᠡ ᠠᠴᠠ ᠡᠮ ᠠᠪᠬᠤ᠂ ᠮᠡᠳᠡᠭᠦᠯᠦᠯᠲᠡ ᠶᠢ ᠳᠠᠷᠤᠮᠠᠯᠯᠠᠬᠤ᠂ ᠡᠪᠡᠳᠴᠢᠨ ᠤ ᠥᠩᠭᠡᠷᠡᠯᠲᠡ ᠶᠢ ᠪᠠᠶᠢᠴᠠᠭᠠᠨ ᠯᠠᠪᠯᠠᠬᠤ᠂ ᠥᠪᠡᠰᠦᠪᠡᠨ ᠦᠢᠯᠡᠴᠢᠯᠡᠬᠦ ᠮᠠᠰᠢᠨ ᠵᠡᠷᠭᠡ ᠠᠬᠤᠢ ᠲᠠᠯᠠᠪᠤᠷ ᠤᠨ ᠪᠥᠬᠦ ᠶᠠᠪᠤᠴᠠ ᠶᠢ ᠬᠡᠷᠡᠭᠯᠡᠬᠦ ᠶᠢ ᠦᠨᠡᠨᠬᠦ ᠪᠠᠲᠤᠯᠠᠵᠤ᠂ ᠵᠠᠯᠭᠠᠭᠠᠰᠤ ᠶᠢ ᠪᠦᠷᠢᠨ ᠪᠦᠲᠦᠨ ᠥᠭᠡᠷᠡᠴᠢᠯᠡᠬᠦ᠂ ᠴᠢᠳᠠᠮᠵᠢ ᠶᠢ ᠵᠢᠷᠤᠮᠵᠢᠯ ᠲᠠᠢ ᠪᠣᠯᠭᠠᠬᠤ ᠶᠢ ᠦᠨᠡᠨᠬᠦ ᠪᠠᠲᠤᠯᠠᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠪᠡᠳᠴᠢᠨ ᠦᠵᠡᠭᠦᠯᠬᠦ ᠳᠤ ︽ᠨᠢᠭᠡ ᠨᠣᠮᠧᠷ ᠢᠶᠠᠷ ᠡᠮᠨᠡᠭᠦᠯᠬᠦ︾ ᠶᠢ ᠨᠡᠶᠢᠳᠡᠮ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠢ᠃ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠪᠠ ᠪᠡᠶ᠎ᠡ ᠶᠢᠨ ᠦᠨᠡᠮᠯᠡᠯ ᠢ ᠳ᠋ᠤᠭᠠᠷᠯᠠᠬᠤ᠂ ᠡᠮᠨᠡᠭᠦᠯᠬᠦ᠂ ᠲᠣᠭᠠᠴᠠᠭ᠎ᠠ ᠬᠢᠬᠦ᠂ ᠡᠮ ᠠᠪᠬᠤ᠂ ᠮᠡᠳᠡᠭᠦᠯᠦᠯᠲᠡ ᠠᠪᠬᠤ ᠵᠡᠷᠭᠡ ᠡᠪᠡᠳᠴᠢᠨ ᠦᠵᠡᠭᠦᠯᠬᠦ ᠦᠢᠯᠡᠴᠢᠯᠡᠭᠡᠨ ᠤ ᠪᠥᠬᠦ ᠶᠠᠪᠤᠴᠠ ᠳᠤ ᠬᠡᠷᠡᠭᠯᠡᠬᠦ ᠡᠵᠡᠯᠡᠬᠦ ᠬᠠᠷᠢᠴᠠᠯ ᠢ 80% ᠳᠤ ᠬᠦᠷᠭᠡᠬᠦ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ︶        ︵ᠭᠤᠷᠪᠠ︶ ︽ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ︾ ᠶᠢ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠬᠤ ᠬᠡᠷᠡᠭᠲᠡᠢ᠃ ᠤᠬᠠᠭᠤᠯᠬᠤ ᠰᠠᠯᠠᠭ᠎ᠠ ᠮᠥᠴᠢᠷ ᠤᠳ ︽ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ︾ ᠶᠢ ᠤᠬᠠᠭᠤᠯᠤᠨ ᠳᠡᠯᠭᠡᠷᠡᠭᠦᠯᠬᠦ ᠠᠵᠢᠯ ᠢ ᠴᠢᠩᠭᠠᠳᠬᠠᠵᠤ᠂ ᠲᠤᠰᠬᠠᠢ ᠴᠠᠭ ᠬᠤᠭᠤᠴᠠᠭ᠎ᠠ ᠪᠠ ᠬᠡᠪᠯᠡᠯ ᠤᠨ ᠨᠢᠭᠤᠷ ᠭᠠᠷᠭᠠᠵᠤ ︽ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ︾ ᠶᠢᠨ ᠬᠡᠷᠡᠭᠯᠡᠯᠲᠡ ᠶᠢ ᠦᠷᠭᠦᠯᠵᠢᠯᠡᠨ ᠤᠬᠠᠭᠤᠯᠬᠤ ᠬᠡᠷᠡᠭᠲᠡᠢ᠃ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ᠂ ᠡᠯ᠎ᠡ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠨᠢ ᠲᠦᠷᠦᠭᠦᠸ ᠨᠢᠭᠤᠷ ᠤᠨ ᠢᠯᠡ ᠪᠠᠶᠢᠷᠢᠨ ᠳᠤ ︽ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ︾ ᠶᠢᠨ ᠤᠬᠠᠭᠤᠯᠭ᠎ᠠ ᠶᠢᠨ ᠠᠭᠤᠯᠭ᠎ᠠ ᠵᠢᠴᠢ ᠬᠤᠶᠠᠷ ᠬᠡᠮᠵᠢᠯᠲᠦ ᠺᠣᠳ᠋ ᠢ ᠦᠷᠭᠦᠯᠵᠢᠯᠡᠨ ᠳᠡᠯᠭᠡᠨ ᠦᠵᠡᠭᠦᠯᠵᠦ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ︽ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ︾ ᠶᠢᠨ ᠬᠠᠮᠢᠶ᠎ᠠ ᠪᠦᠬᠦᠢ ᠰᠣᠨᠢᠨ ᠮᠡᠳᠡᠭᠡᠨ ᠤ ᠡᠬᠡ ᠪᠢᠴᠢᠭ ᠢ ᠢᠳᠡᠪᠬᠢᠲᠡᠢ ᠳᠠᠮᠵᠢᠭᠤᠯᠤᠨ ᠲᠠᠷᠬᠠᠭᠠᠬᠤ ᠶᠢᠨ ᠬᠠᠮᠲᠤ ᠡᠬᠡ ᠪᠢᠴᠢᠭ ᠲᠤ ᠲᠠᠶᠢᠯᠤᠮᠵᠢ ᠬᠢᠬᠦ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ︶        ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ        ︵ᠨᠢᠭᠡ︶ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠭᠠᠷᠳᠠᠨ ᠬᠢᠵᠦ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠ ᠪᠣᠳᠠᠲᠠᠢ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠲᠤᠰᠬᠠᠢ ᠬᠥᠮᠥᠨ ᠢᠶᠠᠷ ᠬᠠᠷᠢᠭᠤᠴᠠᠭᠤᠯᠤᠨ᠂ ᠲᠤᠰᠬᠠᠢ ᠬᠥᠮᠥᠨ ᠢᠶᠠᠷ ᠠᠬᠢᠭᠤᠯᠬᠤ ᠶᠢ ᠦᠨᠡᠨᠬᠦ ᠪᠠᠲᠤᠯᠠᠵᠤ᠂ ᠠᠵᠢᠯ ᠤᠨ ᠱᠠᠭᠠᠷᠳᠠᠯᠭ᠎ᠠ ᠶᠣᠰᠣᠭᠠᠷ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃        ︵ᠬᠤᠶᠠᠷ︶ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃ ᠠᠵᠢᠯ ᠤᠨ ᠠᠬᠢᠴᠠ ᠶᠢ ᠪᠠᠲᠤᠯᠠᠬᠤ ᠶᠢᠨ ᠲᠥᠯᠥᠭᠡ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠡᠳᠦᠷ ᠪᠦᠷᠢ ︽ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠠᠵᠢᠯ ᠢ ᠲᠣᠬᠢᠷᠠᠭᠤᠯᠬᠤ ᠪᠦᠯᠦᠭ︾ ᠢᠶᠠᠷ ᠳᠠᠮᠵᠢᠨ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠳᠤ ᠠᠮᠢᠯᠠᠭᠤᠯᠤᠭᠰᠠᠨ ᠪᠠᠶᠢᠳᠠᠯ ᠢᠶᠠᠨ ᠮᠡᠳᠡᠭᠦᠯᠦᠨ ᠬᠦᠷᠭᠡᠬᠦ ᠶᠢᠨ ᠬᠠᠮᠲᠤ᠂ ᠠᠮᠢᠯᠠᠭᠤᠯᠤᠭᠰᠠᠨ ᠭᠡᠷᠡᠴᠢ ᠪᠠᠷᠢᠮᠲᠠ ᠶᠢᠨ ᠵᠢᠷᠤᠭ ᠢ ᠦᠯᠡᠳᠡᠭᠡᠨ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠬᠦ ᠬᠡᠷᠡᠭᠲᠡᠢ᠃ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠭᠠᠷᠠᠭ ᠪᠦᠷᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠬᠤᠰᠢᠭᠤᠨ ᠤ ᠵᠠᠰᠠᠭ ᠤᠨ ᠣᠷᠳᠣᠨ ᠳᠤ ᠮᠡᠳᠡᠭᠦᠯᠵᠦ᠂ ᠬᠤᠰᠢᠭᠤᠨ ᠤ ᠵᠠᠰᠠᠭ ᠤᠨ ᠣᠷᠳᠣᠨ ᠠᠴᠠ ᠰᠢᠮᠳᠠᠭᠤᠯᠤᠨ ᠪᠠᠶᠢᠴᠠᠭᠠᠬᠤ ᠲᠠᠰᠤᠭ ᠢ ᠲᠣᠬᠢᠷᠠᠭᠤᠯᠤᠨ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠲᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠰᠬᠠᠢ ᠵᠦᠢᠯ ᠤᠨ ᠰᠢᠮᠳᠠᠭᠤᠯᠤᠨ ᠪᠠᠶᠢᠴᠠᠭᠠᠯᠲᠠ ᠬᠢᠯᠭᠡᠵᠦ᠂ ᠠᠬᠢᠴᠠ ᠶᠢᠨ ᠪᠠᠶᠢᠳᠠᠯ ᠢᠶᠠᠨ ᠭᠠᠷᠠᠭ ᠪᠦᠷᠢ ᠮᠡᠳᠡᠭᠳᠡᠨ᠎ᠡ᠃        ︵ᠭᠤᠷᠪᠠ︶ ᠨᠡᠪᠲᠡᠷᠡᠯᠴᠡᠭᠡ ᠶᠢ ᠴᠢᠩᠭᠠᠳᠬᠠᠬᠤ ᠬᠡᠷᠡᠭᠲᠡᠢ᠃ ︽ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ︾ ᠶᠢᠨ ᠳᠡᠩᠰᠡᠯᠡᠨ ᠪᠦᠷᠢᠳᠬᠡᠭᠰᠡᠨ ᠲᠤᠭ᠎ᠠ ᠪᠠᠷᠢᠮᠲᠠ ᠶᠢ ᠮᠡᠳᠡᠭᠦᠯᠦᠨ ᠬᠦᠷᠭᠡᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠠᠴᠠ ᠨᠢᠭᠡ ᠲᠤᠰᠬᠠᠢ ᠠᠵᠢᠯᠲᠠᠨ ᠰᠣᠩᠭᠤᠨ ︽ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠠᠵᠢᠯ ᠤᠨ ᠲᠣᠬᠢᠷᠠᠭᠤᠯᠤᠭᠴᠢ ᠶᠢᠨ ᠪᠦᠯᠦᠭ︾ ᠲᠤ ᠣᠷᠣᠭᠤᠯᠵᠤ᠂ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠠᠴᠠ ︽ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ︾ ᠶᠢᠨ ᠳᠠᠩᠰᠠᠯᠠᠭᠤᠯᠤᠭᠰᠠᠨ ᠬᠠᠷᠢᠯᠴᠠᠬᠤ ᠬᠦᠮᠦᠨ ᠲᠣᠬᠢᠷᠠᠭᠤᠯᠬᠤ ᠬᠡᠷᠡᠭᠲᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号