ᠨᠠᠰᠤᠲᠠᠶᠢᠴᠤᠳ ᠤᠨ ᠰᠢᠮ᠎ᠡ ᠲᠡᠵᠢᠭᠡᠯ ᠵᠢᠴᠢ ᠢᠳᠡᠭᠡᠨ ᠤᠮᠳᠠᠭᠠᠨ ᠤ ᠲᠤᠬᠠᠢ ᠰᠠᠨᠠᠭᠤᠯᠤᠮᠵᠢ
ᠨᠡᠶᠢᠲᠡᠯᠡᠭᠰᠡᠨ ᠴᠠᠭ᠄
2023/3/13
       ᠳᠤᠮᠳᠠᠳᠤ ᠤᠯᠤᠰ ᠤᠨ ᠰᠢᠮ᠎ᠡ ᠲᠡᠵᠢᠭᠡᠯ ᠤᠨ ᠨᠡᠶᠢᠭᠡᠮᠯᠢᠭ ᠤᠨ ᠰᠢᠨ᠎ᠡ ᠪᠠᠷ ᠨᠡᠶᠢᠲᠡᠯᠡᠭᠰᠡᠨ ︽ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠢᠳᠡᠭᠡᠨ ᠤᠮᠳᠠᠭᠠᠨ ᠤ ᠵᠥᠭᠯᠡᠭᠦᠷ ︵2022︶︾ ᠲᠤ ᠨᠠᠰᠤᠲᠠᠶᠢᠴᠤᠳ ᠲᠤ ᠬᠠᠨᠳᠤᠭᠤᠯᠵᠤ ᠢᠳᠡᠭᠡᠨ ᠤᠮᠳᠠᠭᠠᠨ ᠤ ᠲᠠᠯ᠎ᠠ ᠪᠠᠷ ᠲᠣᠳᠣᠷᠬᠠᠶᠢᠯᠠᠯᠲᠠ ᠬᠢᠵᠡᠢ᠂ ᠳᠣᠣᠷ᠎ᠠ ᠰᠢᠨ᠎ᠡ ᠬᠡᠪᠯᠡᠯ ᠤᠨ ᠢᠳᠡᠭᠡᠨ ᠤᠮᠳᠠᠭᠠᠨ ᠤ ᠵᠥᠭᠯᠡᠭᠦᠷ ᠲᠠᠢ ᠤᠶᠠᠯᠳᠤᠭᠤᠯᠵᠤ᠂ ᠨᠠᠰᠤᠲᠠᠶᠢᠴᠤᠳ ᠤᠨ ᠰᠢᠮ᠎ᠡ ᠲᠡᠵᠢᠭᠡᠯ ᠵᠢᠴᠢ ᠢᠳᠡᠭᠡᠨ ᠤᠮᠳᠠᠭᠠᠨ ᠤ ᠲᠠᠯ᠎ᠠ ᠪᠠᠷ ᠬᠡᠳᠦᠨ ᠰᠠᠨᠠᠭᠤᠯᠤᠮᠵᠢ ᠳᠤᠷᠠᠳᠤᠶ᠎ᠠ᠄        1. ᠢᠳᠡᠭᠡᠨ ᠤ ᠲᠦᠷᠦᠯ ᠵᠦᠢᠯ ᠢ ᠣᠯᠠᠨ ᠪᠠᠶᠢᠯᠭᠠᠵᠤ᠂ ᠵᠣᠬᠢᠰᠲᠠᠢ ᠲᠣᠬᠢᠷᠠᠭᠤᠯᠤᠨ᠎ᠠ        ᠨᠠᠰᠤᠲᠠᠶᠢᠴᠤᠳ ᠤᠨ ᠡᠳᠦᠷ ᠳᠤᠲᠤᠮ ᠤᠨ ᠢᠳᠡᠭᠡᠨ ᠤᠮᠳᠠᠭᠠᠨ ᠤ ᠲᠦᠷᠦᠯ ᠵᠦᠢᠯ ᠢ ᠣᠯᠠᠨ ᠪᠠᠶᠢᠯᠭᠠᠬᠤ ᠬᠡᠷᠡᠭᠲᠡᠢ᠃ ᠡᠳᠦᠷ ᠪᠦᠷᠢ 12 ᠵᠦᠢᠯ ᠠᠴᠠ ᠳᠡᠭᠡᠭᠰᠢ ᠢᠳᠡᠭᠡᠨ ᠢ ᠢᠳᠡᠵᠦ᠂ ᠢᠳᠡᠭᠡᠨ ᠤ ᠲᠦᠷᠦᠯ ᠵᠦᠢᠯ ᠢ ᠭᠠᠷᠠᠭ ᠪᠦᠷᠢ 25 ᠵᠦᠢᠯ ᠠᠴᠠ ᠳᠡᠭᠡᠭᠰᠢ ᠪᠠᠶᠢᠯᠭᠠᠬᠤ ᠬᠡᠷᠡᠭᠲᠡᠢ᠃ ᠭᠤᠣᠯ ᠢᠳᠡᠭᠡᠨ ᠳᠤ ᠲᠣᠳᠣᠷᠭᠠᠨ ᠴᠠᠭᠠᠨ᠂ ᠭᠤᠯᠢᠷ ᠲᠠᠢ ᠬᠤᠭᠤᠯᠠ᠂ ᠮᠠᠨᠲᠠᠤ ᠵᠡᠷᠭᠡ ᠠᠴᠠ ᠭᠠᠳᠠᠨ᠎ᠠ᠂ ᠨᠠᠷᠢᠮᠤ᠂ ᠰᠠᠭᠠᠭ᠂ ᠡᠷᠳᠡᠨᠢ ᠰᠢᠰᠢ ᠵᠡᠷᠭᠡ ᠪᠦᠳᠦᠭᠦᠯᠢᠭ ᠠᠮᠤ ᠶᠢ ᠨᠡᠮᠡᠵᠦ᠂ ᠲᠦᠮᠦᠰᠦ᠂ ᠰᠢᠬᠢᠷᠯᠢᠭ ᠲᠦᠮᠦᠰᠦ ᠵᠡᠷᠭᠡ ᠲᠦᠮᠦᠰᠦᠨ ᠤ ᠲᠦᠷᠦᠯ ᠤᠨ ᠢᠳᠡᠭᠡᠨ ᠢ ᠵᠣᠬᠢᠬᠤ ᠬᠡᠮᠵᠢᠶ᠎ᠡ ᠪᠠᠷ ᠬᠡᠷᠡᠭᠯᠡᠵᠦ ᠪᠣᠯᠣᠨ᠎ᠠ᠃ ᠡᠭᠦᠨ ᠤ ᠬᠠᠮᠲᠤ᠂ ᠳᠦᠭᠦᠮ ᠡᠳ᠋ᠰᠢᠭᠦᠯᠦᠭᠰᠡᠨ ᠠᠮᠤ ᠪᠤᠳᠠᠭ᠎ᠠ ᠶᠢᠨ ᠵᠦᠢᠯ ᠪᠠ ᠬᠤᠯᠢᠮᠠᠭ ᠪᠤᠷᠴᠠᠭ ᠢ ᠡᠳᠦᠷ ᠲᠤ 50 — 150 ᠭᠷᠡᠮ ᠢᠳᠡᠪᠡᠯ ᠵᠣᠬᠢᠨ᠎ᠠ᠃ ᠨᠠᠰᠤᠲᠠᠶᠢᠴᠤᠳ ᠠᠯᠢ ᠴᠢᠳᠠᠬᠤ ᠪᠠᠷ ᠠᠳᠠᠯᠢ ᠪᠣᠰᠤ ᠨᠣᠭᠤᠭ᠎ᠠ ᠰᠣᠯᠢᠵᠤ ᠢᠳᠡᠪᠡᠯ ᠵᠣᠬᠢᠨ᠎ᠠ᠂ ᠣᠨᠴᠠᠭᠠᠶᠢᠯᠠᠨ ᠭᠦᠨ ᠥᠩᠭᠡ ᠲᠠᠢ ᠨᠠᠪᠴᠢᠨ ᠨᠣᠭᠤᠭ᠎ᠠ ᠶᠢ ᠢᠯᠡᠭᠦᠦ ᠢᠳᠡᠪᠡᠯ ᠵᠦᠭᠡᠷ᠃ ᠡᠳᠦᠷ ᠪᠦᠷᠢ 200 ᠠᠴᠠ 300 ᠭᠷᠡᠮ ᠵᠢᠮᠢᠰ ᠢᠳᠡᠵᠦ᠂ ᠡᠯ᠎ᠡ ᠵᠦᠢᠯ ᠤᠨ ᠰᠢᠨ᠎ᠡ ᠰᠤᠷᠭᠤᠭ ᠤᠯᠠᠷᠢᠯ ᠤᠨ ᠵᠢᠮᠢᠰ ᠢ ᠰᠣᠯᠢᠵᠤ ᠢᠳᠡᠪᠡᠯ ᠰᠠᠶᠢᠨ᠃        2. ᠠᠮᠢᠲᠠᠨ ᠤ ᠴᠢᠨᠠᠷᠲᠠᠢ ᠢᠳᠡᠭᠡᠨ ᠪᠠ ᠰᠢᠷ᠎ᠠ ᠪᠤᠷᠴᠠᠭ ᠤᠨ ᠲᠦᠷᠦᠯ ᠢ ᠭᠦᠢᠴᠡᠳ ᠬᠡᠷᠡᠭᠯᠡᠨ᠎ᠡ        ᠠᠮᠢᠲᠠᠨ ᠤ ᠴᠢᠨᠠᠷᠲᠠᠢ ᠢᠳᠡᠭᠡᠨ ᠳᠤ ᠮᠠᠯ ᠵᠢᠭᠦᠷᠲᠡᠨ ᠤ ᠮᠢᠬ᠎ᠠ᠂ ᠦᠨᠳᠡᠭᠡᠨ ᠤ ᠲᠦᠷᠦᠯ᠂ ᠤᠰᠤᠨ ᠤ ᠭᠠᠷᠤᠯᠲᠠ ᠶᠢᠨ ᠲᠦᠷᠦᠯ᠂ ᠰᠦᠨ ᠤ ᠲᠦᠷᠦᠯ ᠵᠢᠴᠢ ᠵᠠᠷᠢᠮ ᠠᠮᠢᠲᠠᠨ ᠤ ᠳᠣᠲᠣᠷ ᠡᠷᠬᠡᠲᠡᠨ ᠪᠠᠭᠲᠠᠨ᠎ᠠ᠃ ᠠᠮᠢᠲᠠᠨ ᠤ ᠴᠢᠨᠠᠷᠲᠠᠢ ᠢᠳᠡᠭᠡᠨ ᠨᠢ ᠴᠢᠨᠠᠷᠯᠢᠭ ᠤᠭᠤᠷᠠᠭ ᠪᠠ ᠥᠭᠡᠬᠦ ᠶᠢᠨ ᠠᠭᠤᠯᠤᠭᠳᠠᠴᠠ ᠭᠦᠢᠴᠡᠳ᠂ ᠰᠢᠮ᠎ᠡ ᠲᠡᠵᠢᠭᠡᠯ ᠤᠨ ᠡᠳ᠋ ᠤᠨ ᠰᠢᠩᠭᠡᠭᠡᠭᠳᠡᠬᠦ ᠪᠠ ᠠᠰᠢᠭᠯᠠᠭᠳᠠᠬᠤ ᠨᠤᠷᠮ᠎ᠠ ᠨᠢ ᠦᠨᠳᠦᠷ ᠪᠣᠯᠬᠤᠷ ᠴᠢᠰᠤ ᠳᠤᠲᠠᠬᠤ᠂ ᠪᠤᠯᠴᠢᠩ ᠮᠢᠬ᠎ᠠ ᠰᠤᠯᠠᠷᠠᠬᠤ ᠶᠢ ᠪᠦᠲᠦᠮᠵᠢᠲᠡᠢ ᠪᠠᠭᠠᠰᠬᠠᠵᠤ ᠴᠢᠳᠠᠨ᠎ᠠ᠃ ᠡᠳᠦᠷ ᠪᠦᠷᠢ 120 ᠠᠴᠠ 150 ᠭᠷᠡᠮ ᠠᠮᠢᠲᠠᠨ ᠤ ᠴᠢᠨᠠᠷᠲᠠᠢ ᠢᠳᠡᠭᠡᠨ ᠢ ᠢᠳᠡᠵᠦ᠂ ᠦᠷᠬᠦᠯᠵᠢ ᠠᠳᠠᠯᠢ ᠪᠣᠰᠤ ᠢᠳᠡᠭᠡᠨ ᠢ ᠰᠣᠯᠢᠵᠤ ᠢᠳᠡᠪᠡᠯ ᠵᠣᠬᠢᠨ᠎ᠠ᠃ ᠵᠢᠭᠠᠰᠤᠨ ᠮᠢᠬ᠎ᠠ ᠶᠢ ᠢᠯᠡᠭᠦᠬᠡᠨ ᠢᠳᠡᠪᠡᠯ ᠵᠦᠯᠭᠡᠰᠢᠬᠦ ᠵᠢᠴᠢ ᠲᠠᠨᠢᠨ ᠮᠡᠳᠡᠬᠦᠢ ᠶᠢᠨ ᠴᠢᠳᠠᠮᠵᠢ ᠶᠢᠨ ᠰᠠᠭᠠᠳ ᠡᠭᠦᠰᠬᠦ ᠲᠦᠭᠰᠢᠭᠦᠷᠢ ᠶᠢ ᠪᠠᠭᠠᠰᠬᠠᠵᠤ ᠴᠢᠳᠠᠨ᠎ᠠ᠃ ᠵᠢᠭᠠᠰᠤᠨ ᠤ ᠮᠢᠬ᠎ᠠ ᠪᠠᠰᠠ ᠴᠢᠰᠤᠨ ᠤ ᠥᠭᠡᠬᠦ ᠶᠢᠨ ᠲᠣᠬᠢᠷᠠᠭᠤᠯᠤᠯᠲᠠ ᠳᠤ ᠠᠰᠢᠭᠲᠠᠢ᠃ ᠡᠳᠦᠷ ᠪᠦᠷᠢ 15 ᠭᠷᠡᠮ ᠰᠢᠷ᠎ᠠ ᠪᠤᠷᠴᠠᠭ ᠲᠠᠢ ᠲᠡᠩᠴᠡᠬᠦ ᠳ᠋ᠸᠦᠹᠦ᠋᠂ ᠬᠠᠲᠠᠭᠠᠮᠠᠯ ᠳ᠋ᠸᠦᠹᠦ᠋ ᠵᠡᠷᠭᠡ ᠰᠢᠷ᠎ᠠ ᠪᠤᠷᠴᠠᠭ ᠤᠨ ᠲᠦᠷᠦᠯ ᠤᠨ ᠢᠳᠡᠭᠡᠨ ᠢ ᠢᠳᠡᠬᠦ ᠨᠢ ᠤᠭᠤᠷᠠᠭ ᠨᠦᠬᠦᠪᠦᠷᠢᠯᠡᠬᠦ ᠳᠤ ᠠᠰᠢᠭᠲᠠᠢ᠃        3. ᠬᠠᠮᠲᠤ ᠬᠤᠭᠤᠯᠠ ᠢᠳᠡᠵᠦ᠂ ᠵᠣᠬᠢᠰᠲᠠᠢ ᠬᠦᠳᠡᠯᠭᠡᠭᠡᠨ ᠬᠢᠵᠦ᠂ ᠢᠳᠡᠭᠡᠨ ᠤ ᠳᠤᠷᠠᠰᠢᠯ ᠢ ᠪᠠᠲᠤᠯᠠᠨ᠎ᠠ        ᠬᠠᠮᠲᠤ ᠬᠤᠭᠤᠯᠠ ᠢᠳᠡᠬᠦ ᠭᠡᠳᠡᠭ ᠨᠢ ᠭᠡᠷ ᠤᠨ ᠬᠦᠮᠦᠰ᠂ ᠨᠠᠶᠢᠵᠠ ᠨᠦᠬᠦᠳ ᠨᠢ ᠪᠠᠷ᠎ᠠ ᠪᠣᠯᠵᠤ ᠬᠤᠭᠤᠯᠠ ᠢᠳᠡᠬᠦ ᠶᠢ ᠬᠡᠯᠡᠵᠦ ᠪᠠᠶᠢᠨ᠎ᠠ᠃ ᠬᠠᠮᠲᠤ ᠬᠤᠭᠤᠯᠠ ᠬᠢᠵᠦ ᠬᠠᠮᠲᠤ ᠬᠤᠭᠤᠯᠠ ᠢᠳᠡᠬᠦ ᠳᠤ ᠪᠠᠨ ᠥᠭᠡᠳᠡᠷᠬᠡᠭ᠂ ᠪᠠᠶᠠᠰᠤᠩᠭᠤᠢ ᠤᠷᠮ᠎ᠠ ᠰᠡᠳᠬᠢᠯᠭᠡ ᠲᠠᠢ ᠪᠠᠶᠢᠬᠤ ᠬᠡᠷᠡᠭᠲᠡᠢ᠃ ᠢᠩᠭᠢᠵᠦ ᠬᠠᠮᠲᠤ ᠬᠤᠭᠤᠯᠠ ᠢᠳᠡᠬᠦ ᠨᠢ ᠨᠠᠰᠤᠲᠠᠶᠢᠴᠤᠳ ᠤᠨ ᠢᠳᠡᠭᠡᠨ ᠤ ᠳᠤᠷᠠᠰᠢᠯ ᠢ ᠰᠠᠶᠢᠵᠢᠷᠠᠭᠤᠯᠵᠤ᠂ ᠲᠤᠷᠠᠬᠤ᠂ ᠪᠤᠯᠴᠢᠩ ᠳᠣᠷᠣᠶᠢᠲᠠᠬᠤ ᠵᠡᠷᠭᠡ ᠲᠦᠭᠰᠢᠭᠦᠷᠢ ᠶᠢ ᠪᠠᠭᠤᠷᠠᠭᠤᠯᠵᠤ ᠴᠢᠳᠠᠨ᠎ᠠ᠃ ᠠᠳᠠᠯᠢ ᠪᠣᠰᠤ ᠨᠠᠰᠤᠨ ᠤ ᠨᠠᠰᠤᠲᠠᠶᠢᠴᠤᠳ ᠴᠦᠮ ᠡᠳᠦᠷ ᠪᠣᠯᠭᠠᠨ ᠬᠡᠮᠵᠢᠶᠡᠨ ᠳᠤ ᠪᠠᠨ ᠲᠣᠬᠢᠷᠠᠭᠰᠠᠨ ᠬᠦᠳᠡᠯᠭᠡᠭᠡᠨ ᠬᠢᠵᠦ᠂ ᠠᠭᠤᠷ ᠠᠮᠢᠰᠬᠤᠯ ᠰᠠᠶᠢᠬᠠᠨ ᠦᠶ᠎ᠡ ᠳᠤ ᠢᠯᠡᠭᠦᠭᠡᠨ ᠭᠠᠳᠠᠨ᠎ᠠ ᠭᠠᠷᠴᠤ ᠬᠦᠳᠡᠯᠭᠡᠭᠡᠨ ᠬᠢᠪᠡᠯ ᠵᠣᠬᠢᠨ᠎ᠠ᠂ ᠭᠡᠪᠡᠴᠦ ᠪᠡᠶ᠎ᠡ ᠠᠴᠠ ᠪᠠᠨ ᠬᠡᠲᠦᠷᠡᠭᠰᠡᠨ ᠰᠢᠷᠦᠭᠦᠨ ᠬᠦᠳᠡᠯᠭᠡᠭᠡᠨ ᠬᠢᠵᠦ ᠪᠣᠯᠬᠤ ᠦᠭᠡᠢ᠃        4. ᠳᠠᠪᠤᠰᠤ ᠪᠠᠭ᠎ᠠ ᠢᠳᠡᠵᠦ᠂ ᠰᠢᠬᠢᠷ ᠠᠷᠢᠬᠢ ᠶᠢ ᠬᠢᠵᠠᠭᠠᠷᠯᠠᠨ᠎ᠠ        ᠣᠳᠣᠬᠠᠨ ᠤ ᠰᠣᠳᠣᠯᠭᠠᠨ ᠠᠴᠠ ᠦᠵᠡᠪᠡᠯ᠂ ᠳᠠᠪᠤᠰᠤ ᠶᠢ ᠬᠡᠲᠦ ᠠᠷᠪᠢᠨ ᠢᠳᠡᠬᠦ ᠨᠢ ᠴᠢᠰᠤᠨ ᠳᠠᠷᠤᠯᠲᠠ ᠦᠨᠳᠦᠷ ᠪᠣᠯᠬᠤ᠂ ᠰᠠ ᠡᠪᠡᠳᠴᠢᠨ ᠳᠤ ᠳᠠᠭᠠᠷᠢᠭᠳᠠᠬᠤ ᠲᠦᠭᠰᠢᠭᠦᠷᠢ ᠶᠢ ᠨᠡᠮᠡᠭᠳᠡᠭᠦᠯᠳᠡᠭ᠃ ᠨᠠᠰᠤᠲᠠᠶᠢᠴᠤᠳ ᠡᠳᠦᠷ ᠪᠦᠷᠢ ᠶᠢᠨ ᠢᠳᠡᠬᠦ ᠳᠠᠪᠤᠰᠤ ᠪᠠᠨ 5 ᠭᠷᠡᠮ ᠠᠴᠠ ᠬᠡᠲᠦᠷᠡᠭᠦᠯᠵᠦ ᠪᠣᠯᠬᠤ ᠦᠭᠡᠢ᠃ ᠡᠭᠦᠨ ᠠᠴᠠ ᠭᠠᠳᠠᠨ᠎ᠠ᠂ ᠵᠢᠶᠠᠩᠶ᠋ᠢᠦ᠂ ᠳᠠᠪᠤᠰᠤᠯᠠᠭᠰᠠᠨ ᠨᠣᠭᠤᠭ᠎ᠠ ᠵᠡᠷᠭᠡ ᠠᠭᠤᠯᠤᠭᠳᠠᠬᠤ ︽ᠨᠢᠭᠤᠭᠳᠠᠮᠠᠯ ᠳᠠᠪᠤᠰᠤ︾ ᠠᠴᠠ ᠰᠡᠷᠡᠮᠵᠢᠯᠡᠬᠦ ᠬᠡᠷᠡᠭᠲᠡᠢ᠃ ᠨᠠᠰᠤᠲᠠᠶᠢᠴᠤᠳ ᠠᠯᠢ ᠴᠢᠳᠠᠬᠤ ᠪᠠᠷ ᠠᠷᠢᠬᠢ ᠪᠠᠭ᠎ᠠ ᠤᠤᠭᠤᠬᠤ ᠪᠣᠶᠤ ᠠᠷᠢᠬᠢ ᠤᠤᠭᠤᠬᠤ ᠦᠬᠡᠢ ᠪᠣᠯ ᠵᠣᠬᠢᠨ᠎ᠠ᠃ ᠪᠣᠢ ᠪᠦᠬᠦᠢ ᠬᠡᠯᠪᠡᠷᠢ ᠶᠢᠨ ᠰᠫᠢᠷᠲ ᠨᠢ ᠬᠦᠮᠦᠨ ᠤ ᠪᠡᠶ᠎ᠡ ᠶᠢᠨ ᠡᠷᠡᠭᠦᠯ ᠮᠡᠨᠳᠦ ᠳᠤ ᠴᠦᠮ ᠠᠰᠢᠭ ᠦᠭᠡᠢ ᠶᠤᠮ᠃ ᠡᠭᠦᠨ ᠤ ᠬᠠᠮᠲᠤ᠂ ᠰᠢᠬᠢᠷ ᠤᠨ ᠬᠡᠮᠵᠢᠶ᠎ᠡ ᠶᠢ ᠬᠢᠵᠠᠭᠠᠷᠯᠠᠬᠤ᠂ ᠰᠢᠬᠢᠷᠯᠢᠭ ᠤᠮᠳᠠᠭᠠᠨ᠂ ᠪᠢᠩᠭᠠᠨ ᠵᠡᠷᠭᠡ ᠰᠢᠬᠢᠷ ᠠᠭᠤᠯᠤᠭᠰᠠᠨ ᠪᠣᠯᠪᠠᠰᠤᠷᠠᠭᠤᠯᠤᠭᠰᠠᠨ ᠢᠳᠡᠭᠡᠨ ᠢ ᠪᠠᠭ᠎ᠠ ᠢᠳᠡᠬᠦ ᠪᠤᠶᠤ ᠢᠳᠡᠬᠦ ᠦᠭᠡᠢ ᠪᠠᠶᠢᠬᠤ ᠶᠢ ᠰᠠᠨᠠᠭᠤᠯᠤᠶ᠎ᠠ᠃        5. ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠬᠡᠮᠵᠢᠵᠦ᠂ ᠰᠢᠮ᠎ᠡ ᠲᠡᠵᠢᠭᠡᠯ ᠳᠤᠲᠠᠭᠳᠠᠬᠤ ᠠᠴᠠ ᠵᠠᠶᠢᠯᠠᠰᠬᠢᠨ᠎ᠡ        ᠢᠳᠡᠭᠡᠨ ᠤᠮᠳᠠᠭᠠᠨ ᠪᠣᠯ ᠪᠡᠶ᠎ᠡ ᠮᠠᠬᠠᠪᠤᠳ ᠤᠨ ᠰᠢᠮ᠎ᠡ ᠲᠡᠵᠢᠭᠡᠯᠲᠦ ᠪᠣᠳᠠᠰ ᠣᠯᠬᠤ ᠭᠤᠣᠯ ᠠᠷᠭ᠎ᠠ ᠵᠠᠮ ᠮᠦᠨ᠃ ᠢᠳᠡᠭᠡᠨ ᠤᠮᠳᠠᠭᠠᠨ ᠤ ᠲᠡᠩᠴᠡᠭᠦᠷᠢ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠨᠠᠰᠤᠲᠠᠶᠢᠴᠤᠳ ᠲᠣᠭᠲᠠᠮᠠᠯ ᠬᠤᠭᠤᠴᠠᠭ᠎ᠠ ᠲᠠᠢ ᠪᠠᠷ ᠦᠪᠡᠷ ᠤᠨ ᠰᠢᠮ᠎ᠡ ᠲᠡᠵᠢᠭᠡᠯ ᠤᠨ ᠪᠠᠶᠢᠳᠠᠯ ᠢᠶᠠᠨ ᠪᠠᠶᠢᠴᠠᠭᠠᠨ ᠬᠡᠮᠵᠢᠪᠡᠯ ᠵᠣᠬᠢᠨ᠎ᠠ᠃ ᠨᠠᠰᠤᠲᠠᠶᠢᠴᠤᠳ᠂ ᠢᠯᠠᠩᠭᠤᠶ᠎ᠠ ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠨᠠᠰᠤᠲᠠᠶᠢᠴᠤᠳ ᠪᠣᠯ ᠰᠢᠮ᠎ᠡ ᠲᠡᠵᠢᠭᠡᠯ ᠳᠤᠲᠠᠭᠳᠠᠬᠤ ᠠᠶᠤᠯ ᠶᠡᠬᠡᠲᠡᠢ ᠬᠦᠮᠦᠰ᠃ ᠨᠠᠰᠤᠲᠠᠶᠢᠴᠤᠳ ᠲᠤ ᠰᠢᠮ᠎ᠡ ᠲᠡᠵᠢᠭᠡᠯ ᠳᠤᠲᠠᠭᠳᠠᠬᠤ ᠪᠠᠶᠢᠳᠠᠯ ᠢᠯᠡᠷᠡᠪᠡᠯ᠂ ᠴᠠᠭ ᠲᠤᠬᠠᠢ ᠳᠤ ᠨᠢ ᠢᠳᠡᠭᠡᠨ ᠤ ᠪᠦᠲᠦᠴᠡ ᠪᠠᠨ ᠲᠣᠬᠢᠷᠠᠭᠤᠯᠬᠤ᠂ ᠴᠢᠬᠤᠯᠠᠲᠠᠢ ᠦᠶ᠎ᠡ ᠳᠤ ᠲᠤᠰᠬᠠᠢ ᠮᠡᠷᠭᠡᠵᠢᠯ ᠤᠨ ᠠᠵᠢᠯᠲᠠᠨ ᠤ ᠰᠠᠨᠠᠭᠤᠯᠭ᠎ᠠ ᠳᠣᠣᠷ᠎ᠠ ᠰᠢᠮ᠎ᠡ ᠲᠡᠵᠢᠭᠡᠯ ᠤᠨ ᠨᠦᠬᠦᠪᠦᠷᠢᠯᠡᠬᠦ ᠡᠳ᠋ ᠬᠡᠷᠡᠭᠯᠡᠬᠦ ᠬᠡᠷᠡᠭᠲᠡᠢ᠃
 
ᠢᠷᠡᠯᠲᠡ᠄ ︽ᠦᠢᠯᠡᠳᠦᠯᠭᠡ︾ ᠰᠡᠳᠬᠦᠯ ᠠᠴᠠ ᠪᠠᠭᠤᠯᠭᠠᠪᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号