ᠮᠠᠨ ᠤ ᠬᠤᠰᠢᠭᠤᠨ ᠤ ᠣᠯᠠᠨ ᠰᠠᠯᠠᠭ᠎ᠠ ᠮᠦᠴᠢᠷ ᠬᠠᠮᠲᠤᠷᠠᠨ ᠰᠤᠷᠭᠠᠭᠤᠯᠢ ᠶᠢᠨ ᠬᠦᠷᠢᠶᠡᠨ ᠤ ᠣᠶᠢᠷ᠎ᠠ ᠬᠠᠪᠢ ᠶᠢᠨ ᠰᠣᠶᠣᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠᠶᠢᠴᠠᠭᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2023/3/13
       ᠬᠤᠯᠪᠣᠭᠳᠠᠯ ᠪᠦᠬᠦ ᠱᠠᠭᠠᠷᠳᠠᠯᠭ᠎ᠠ ᠶᠣᠰᠣᠭᠠᠷ᠂ ︽ᠬᠤᠶᠠᠷ ᠢ ᠬᠦᠩᠭᠡᠷᠡᠭᠦᠯᠬᠦ︾ ᠠᠵᠢᠯ ᠤᠨ ᠦᠷ᠎ᠡ ᠪᠦᠲᠦᠮᠵᠢ ᠶᠢ ᠤᠯᠠᠮ ᠴᠢᠨᠠᠭᠰᠢᠳᠠ ᠪᠠᠲᠤᠳᠬᠠᠬᠤ ᠶᠢᠨ ᠲᠦᠯᠦᠭᠡ᠂ ᠣᠶᠢᠷ᠎ᠠ ᠳᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠤᠷᠭᠠᠨ ᠬᠦᠮᠦᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠥᠯᠢ ᠬᠡᠷᠡᠭᠵᠢᠭᠦᠯᠬᠦ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠬᠠᠮᠲᠤᠷᠠᠨ᠂ ᠰᠤᠷᠭᠠᠭᠤᠯᠢ ᠶᠢᠨ ᠬᠦᠷᠢᠶᠡᠨ ᠤ ᠣᠶᠢᠷ᠎ᠠ ᠬᠠᠪᠢ ᠶᠢᠨ ᠰᠣᠶᠣᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠᠶᠢᠴᠠᠭᠠᠯᠲᠠ ᠦᠷᠨᠢᠭᠦᠯᠪᠡ᠃
       ᠪᠠᠶᠢᠴᠠᠭᠠᠬᠤ ᠳᠤᠭᠤᠶᠢᠯᠠᠩ ᠤᠷᠢᠳ ᠬᠤᠵᠢᠳ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠣᠶᠢᠷ᠎ᠠ ᠬᠠᠪᠢ ᠶᠢᠨ ᠰᠤᠷᠤᠭᠴᠢᠳ ᠤᠨ ᠪᠢᠴᠢᠭ ᠤᠨ ᠬᠡᠷᠡᠭᠰᠡᠯ ᠤᠨ ᠳᠡᠯᠭᠡᠭᠦᠷ᠂ ᠨᠣᠮ ᠤᠨ ᠳᠡᠯᠭᠡᠭᠦᠷ ᠵᠡᠷᠭᠡ ᠡᠵᠡᠩᠨᠡᠯᠲᠡ ᠶᠢᠨ ᠭᠠᠵᠠᠷ ᠲᠤ ᠬᠦᠷᠴᠦ᠂ ᠬᠡᠪᠯᠡᠯ ᠤᠨ ᠵᠦᠢᠯ ᠪᠣᠷᠤᠯᠠᠭᠤᠯᠬᠤ ᠭᠡᠷᠡᠴᠢ ᠦᠨᠡᠮᠯᠡᠯ ᠨᠢ ᠪᠦᠷᠢᠨ ᠭᠦᠢᠴᠡᠳ ᠡᠰᠡᠬᠦ᠂ ᠨᠣᠮ ᠤᠨ ᠠᠭᠤᠯᠭ᠎ᠠ ᠨᠢ ᠡᠷᠡᠭᠦᠯ ᠡᠰᠡᠬᠦ᠂ ᠪᠠᠷᠠᠭ᠎ᠠ ᠣᠷᠤᠭᠤᠯᠤᠭᠰᠠᠨ ᠨᠠᠷᠢᠨ ᠳᠠᠩᠰᠠ ᠨᠢ ᠵᠢᠷᠤᠮᠵᠢᠭᠤᠨ ᠡᠰᠡᠬᠦ᠂ ᠨᠠᠰᠤᠨ ᠳᠤ ᠦᠯᠦ ᠬᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠷᠰᠢᠯᠠᠭᠰᠠᠨ ᠠᠭᠤᠯᠭ᠎ᠠ ᠪᠦᠬᠦᠢ ᠬᠡᠦᠬᠡᠳ ᠤᠨ ᠵᠢᠷᠤᠭᠲᠤ ᠳᠡᠪᠲᠡᠷ᠂ ᠺᠠᠷᠲ᠋ᠤᠨ ᠵᠢᠷᠤᠭ ᠵᠢᠴᠢ ᠪᠢᠴᠢᠭ ᠤᠨ ᠬᠡᠷᠡᠭᠰᠡᠯ᠂ ᠲᠣᠭᠯᠠᠭᠠᠮ ᠤᠨ ᠵᠦᠢᠯ ᠵᠡᠷᠭᠡ ᠲᠣᠭᠲᠠᠭᠠᠯ ᠠᠴᠠ ᠵᠦᠷᠢᠴᠡᠨ ᠡᠵᠡᠩᠨᠡᠬᠦ ᠦᠵᠡᠭᠳᠡᠯ ᠣᠷᠣᠰᠢᠵᠤ ᠪᠠᠶᠢᠬᠤ ᠡᠰᠡᠬᠦ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠬᠦ ᠶᠢᠨ ᠬᠠᠮᠲᠤ᠂ ᠡᠯ᠎ᠡ ᠡᠵᠡᠩᠨᠡᠯᠲᠡ ᠶᠢᠨ ᠡᠷᠦᠬᠡ ᠶᠢ ᠬᠠᠥᠯᠢ ᠶᠣᠰᠣᠭᠠᠷ ᠡᠵᠡᠩᠨᠡᠨ᠂ ᠦᠨᠡᠨᠴᠢ ᠢᠲᠡᠭᠡᠮᠵᠢᠲᠡᠢ ᠪᠠᠷ ᠡᠵᠡᠩᠨᠡᠨ᠂ ᠵᠢᠷᠤᠮᠵᠢᠯ ᠲᠠᠢ ᠡᠵᠡᠩᠨᠡᠵᠦ᠂ ᠬᠡᠪᠯᠡᠯ ᠤᠨ ᠡᠷᠬᠡ ᠶᠢᠨ ᠦᠵᠡᠯ ᠤᠬᠠᠮᠰᠠᠷ ᠪᠠ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠦᠵᠡᠯ ᠤᠬᠠᠮᠰᠠᠷ ᠢ ᠪᠠᠲᠤᠳᠬᠠᠨ᠂ ᠰᠤᠷᠭᠠᠭᠤᠯᠢ ᠶᠢᠨ ᠬᠦᠷᠢᠶᠡᠨ ᠤ ᠣᠶᠢᠷ᠎ᠠ ᠬᠠᠪᠢ ᠶᠢᠨ ᠰᠢᠯᠢᠳᠡᠭ ᠰᠠᠶᠢᠨ ᠣᠷᠴᠢᠨ ᠲᠣᠭᠤᠷᠢᠨ ᠢ ᠤᠬᠠᠮᠰᠠᠷ ᠠᠴᠠ ᠪᠠᠨ ᠡᠭᠦᠳᠬᠦ ᠬᠡᠷᠡᠭᠲᠡᠢ ᠭᠡᠵᠦ ᠱᠠᠭᠠᠷᠳᠠᠪᠠ᠃
       ᠳᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠰᠤᠷᠭᠠᠭᠤᠯᠢ ᠶᠢᠨ ᠬᠦᠷᠢᠶᠡᠨ ᠤ ᠣᠶᠢᠷ᠎ᠠ ᠬᠠᠪᠢ ᠶᠢᠨ ᠰᠣᠶᠣᠯ ᠤᠨ ᠲᠠᠯᠠᠪᠤᠷ ᠢ ᠲᠣᠭᠤᠷᠢᠨ ᠪᠠᠶᠢᠴᠠᠭᠠᠵᠤ ᠬᠢᠨᠠᠨ ᠬᠡᠮᠵᠢᠬᠦ ᠡᠷᠴᠢᠮ ᠢᠶᠠᠨ ᠦᠷᠬᠦᠯᠵᠢᠯᠡᠨ ᠴᠢᠩᠭᠠᠷᠠᠭᠤᠯᠵᠤ᠂ ᠰᠣᠶᠣᠯ ᠤᠨ ᠬᠠᠥᠯᠢ ᠬᠡᠷᠡᠭᠵᠢᠭᠦᠯᠬᠦ ᠪᠠᠶᠢᠴᠠᠭᠠᠯᠲᠠ ᠪᠠ ︽ᠱᠠᠯᠢᠭ ᠵᠠᠪᠬᠠᠢ ᠵᠦᠢᠯᠡᠰ ᠢ ᠴᠡᠪᠡᠷᠯᠡᠵᠦ ᠬᠠᠥᠯᠢ ᠪᠣᠰᠤ ᠬᠡᠪᠯᠡᠭᠳᠡᠬᠦᠨ ᠳᠤ ᠴᠣᠬᠢᠯᠲᠠ ᠥᠭᠬᠦ ᠲᠠᠢ ᠤᠶᠠᠯᠳᠤᠭᠤᠯᠵᠤ᠂ ᠬᠠᠷᠢᠶᠠᠨ ᠳᠠᠬᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠡᠷᠡᠭᠦᠯ ᠰᠠᠷᠠᠭᠤᠯ᠂ ᠴᠡᠪᠡᠷ ᠲᠣᠬᠢᠯᠢᠭ ᠰᠤᠷᠤᠯᠴᠠᠬᠤ ᠣᠷᠴᠢᠨ ᠲᠣᠭᠤᠷᠢᠨ ᠢ ᠡᠭᠦᠳᠦᠨ᠂ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠰᠣᠶᠣᠯ ᠤᠨ ᠵᠠᠬ᠎ᠠ ᠳᠡᠯᠭᠡᠭᠦᠷ ᠤᠨ ᠵᠢᠷᠤᠮᠵᠢᠯ ᠲᠠᠢ ᠡᠮᠬᠢ ᠲᠢᠭᠯᠢᠮ ᠲᠠᠢ ᠪᠠᠶᠢᠬᠤ ᠶᠢ ᠪᠠᠲᠤᠯᠠᠬᠤ ᠪᠣᠯᠣᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号