ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 8 ᠤ ᠦᠳᠡ ᠶᠢᠨ ᠬᠤᠶᠢᠨ᠎ᠠ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ | ᠬᠤᠷᠠᠯ ᠳᠤ ᠤᠷᠤᠯᠴᠠᠵᠤ ᠪᠠᠶᠢᠭ᠎ᠠ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ | ᠲᠥᠯᠥᠭᠡᠯᠡᠭᠴᠢᠳ ᠤᠨ ᠪᠦᠯᠭᠦᠮ ᠤᠨ ᠪᠦᠭᠦᠳᠡ ᠬᠤᠷᠠᠯ ᠳᠤ ᠣᠷᠤᠯᠴᠠᠬᠤ ᠳᠠᠭᠠᠨ᠂ ᠨᠢᠭᠡ ᠴᠣᠭᠴᠠᠵᠢᠭᠰᠠᠨ | ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠠ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠭᠦ ᠪᠣᠯ | ᠨᠠᠮ ᠤᠨ ᠲᠥᠪ ᠬᠤᠷᠢᠶ᠎ᠠ ᠠᠴᠠ ᠤᠯᠤᠰ ᠢᠶᠠᠨ ᠬᠦᠴᠦᠷᠬᠡᠭᠵᠢᠭᠦᠯᠵᠦ ᠴᠡᠷᠢᠭ ᠢᠶᠠᠨ ᠬᠦᠴᠦᠷᠬᠡᠭᠵᠢᠭᠦᠯᠬᠦ ᠳᠤ | ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠡᠵᠡᠮᠳᠡᠵᠦ᠂ ᠬᠥᠭᠵᠢᠯᠲᠡ ᠪᠠ ᠠᠮᠤᠷ | ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠨᠠᠩ ᠰᠠᠶᠢᠲᠤᠷ ᠨᠢᠭᠡᠳᠦᠯᠲᠡᠢ | ᠲᠥᠯᠥᠪᠵᠢᠭᠦᠯᠬᠦ ᠶᠢ ᠪᠣᠳᠣᠯᠬᠢᠯᠠᠵᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠃ ᠡᠨᠡ | ᠬᠦ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠨᠢ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ | ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠮᠠᠨ ᠤ ᠴᠡᠷᠢᠭ ᠢ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠠᠩᠭᠢ ᠪᠣᠯᠭᠠᠨ | ᠲᠦᠷᠭᠡᠳᠬᠡᠨ ᠪᠠᠶᠢᠭᠤᠯᠬᠤ ᠳᠤ ᠴᠥᠮ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠦᠵᠡᠯ ᠰᠠᠨᠠᠭ᠎ᠠ | ᠲᠠᠨᠢᠯᠲᠠ ᠪᠠᠨ ᠨᠢᠭᠡᠳᠬᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ | ᠰᠢᠰᠲ᠋ᠧᠮ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠭᠦ ᠬᠡᠷᠡᠭᠲᠡᠢ ᠭᠡᠵᠦ | ᠴᠢᠬᠤᠯᠠᠴᠢᠯᠠᠵᠠᠢ᠃ | | | | 3 ᠰᠠᠷ᠎ᠠ ᠶᠢᠨ 8 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠳᠤ ᠤᠷᠤᠯᠴᠠᠵᠤ ᠪᠠᠶᠢᠭ᠎ᠠ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ | ᠠᠩᠭᠢ ᠶᠢᠨ ᠲᠥᠯᠥᠭᠡᠯᠡᠭᠴᠢᠳ ᠤᠨ ᠪᠦᠯᠭᠦᠮ ᠤᠨ ᠪᠦᠭᠦᠳᠡ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ | ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ | | ᠬᠤᠷᠠᠯ ᠳᠡᠭᠡᠷ᠎ᠡ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠵᠥᠪᠯᠡᠯ ᠤᠨ ᠯᠢᠦ ᠽᠧ ᠶᠢᠨ ᠲᠥᠯᠥᠭᠡᠯᠡᠭᠴᠢ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠵᠡᠪᠰᠡᠭ ᠲᠣᠨᠣᠭᠯᠠᠯ ᠤᠨ | ᠬᠥᠭᠵᠢᠯᠲᠡ ᠶᠢᠨ ᠬᠡᠯᠲᠡᠰ ᠤᠨ ᠷᠣᠣ ᠸᠧᠨ ᠮᠢᠨ ᠲᠥᠯᠥᠭᠡᠯᠡᠭᠴᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠶᠢᠨ ᠰᠢᠰᠲ᠋ᠧᠮ ᠤᠨ ᠸᠠᠩ ᠬᠤᠩ ᠢᠦᠢ ᠲᠥᠯᠥᠭᠡᠯᠡᠭᠴᠢ᠂ ᠬᠠᠮᠲᠤᠷᠠᠭᠰᠠᠨ ᠠᠷᠤ ᠲᠠᠯ᠎ᠠ ᠶᠢᠨ | ᠪᠠᠲᠤᠯᠠᠭ᠎ᠠ ᠶᠢᠨ ᠴᠡᠷᠢᠭ ᠠᠩᠭᠢ ᠶᠢᠨ ᠲᠠᠩ ᠯᠢᠨ ᠬᠤᠶ ᠲᠥᠯᠥᠭᠡᠯᠡᠭᠴᠢ᠂ ᠬᠠᠭᠤᠷᠠᠢ ᠵᠠᠮ ᠤᠨ ᠴᠡᠷᠢᠭ ᠤᠨ ᠸᠠᠨ ᠶᠢᠨ | ᠶᠠᠩ ᠲᠥᠯᠥᠭᠡᠯᠡᠭᠴᠢ᠂ ᠲᠡᠯᠡᠶ ᠶᠢᠨ ᠴᠡᠷᠢᠭ ᠤᠨ ᠸᠠᠩ ᠶᠠ ᠷᠦ᠋ ᠲᠥᠯᠥᠭᠡᠯᠡᠭᠴᠢ ᠳᠠᠷᠠᠭᠠᠯᠠᠨ ᠦᠭᠡ ᠬᠡᠯᠡᠵᠦ᠂ | ᠤᠯᠤᠰ ᠤᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠴᠢᠳᠠᠪᠤᠷᠢ ᠶᠢᠨ ᠪᠠᠶᠢᠭᠤᠯᠤᠯᠲᠠ᠂ ᠴᠢᠬᠤᠯᠠ | ᠶᠡᠭᠡ ᠰᠠᠭᠤᠷᠢ ᠲᠥᠬᠦᠭᠡᠷᠦᠮᠵᠢ ᠶᠢ ᠨᠢᠭᠡᠳᠦᠯᠲᠡᠢ ᠲᠥᠯᠥᠪᠵᠢᠭᠦᠯᠦᠨ ᠪᠦᠲᠦᠭᠡᠨ ᠪᠠᠶᠢᠭᠤᠯᠬᠤ᠂ ᠤᠯᠤᠰ ᠤᠨ | ᠨᠥᠭᠡᠴᠡ ᠶᠢᠨ ᠪᠦᠲᠦᠭᠡᠨ ᠪᠠᠶᠢᠭᠤᠯᠤᠯᠲᠠ᠂ ᠬᠢᠯᠢ ᠬᠢᠵᠠᠭᠠᠷ ᠤᠨ ᠲᠡᠯᠡᠶ ᠲᠠᠩᠭᠢᠰ ᠤᠨ ᠪᠠᠲᠤᠯᠠᠨ ᠬᠠᠮᠠᠭᠠᠯᠠᠯᠲᠠ ᠶᠢᠨ | ᠠᠵᠢᠯ᠂ ᠪᠦᠭᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠵᠡᠷᠭᠡ ᠲᠠᠯ᠎ᠠ ᠶᠢᠨ ᠠᠰᠠᠭᠤᠳᠠᠯ ᠤᠨ | ᠲᠤᠬᠠᠢ ᠰᠠᠨᠠᠯ ᠰᠠᠨᠠᠭᠤᠯᠭ᠎ᠠ ᠳᠤᠷᠠᠳᠪᠠ᠃ | ᠰᠢ ᠶᠢᠨ ᠫᠢᠩ ᠲᠥᠯᠥᠭᠡᠯᠡᠭᠴᠢ ᠨᠢᠭᠡᠪᠦᠷᠢ ᠶᠢᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ | ᠲᠡᠳᠡᠨ ᠲᠠᠢ ᠪᠠᠶᠢᠨ ᠪᠠᠶᠢᠨ ᠰᠠᠨᠠᠯ ᠢᠶᠠᠨ ᠰᠣᠯᠢᠯᠴᠠᠪᠠ᠃ 6 ᠲᠥᠯᠥᠭᠡᠯᠡᠭᠴᠢ ᠦᠭᠡ ᠬᠡᠯᠡᠭᠰᠡᠨ ᠤ ᠳᠠᠷᠠᠭ᠎ᠠ᠂ ᠰᠢ ᠶᠢᠨ | ᠫᠢᠩ ᠴᠢᠬᠤᠯᠠ ᠶᠠᠷᠢᠶ᠎ᠠ ᠲᠠᠯᠪᠢᠵᠤ᠂ ᠭᠤᠣᠯᠳᠠᠭᠤ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ | ᠰᠢᠰᠲ᠋ᠧᠮ ᠪᠠ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠭᠦ ᠶᠢᠨ ᠲᠣᠭᠤᠷᠢᠨ ᠳᠤ ᠱᠠᠭᠠᠷᠳᠠᠯᠭ᠎ᠠ ᠳᠤᠷᠠᠳᠪᠠ᠃ ᠲᠡᠷᠡ᠂ | ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠣᠯᠣᠨ ᠴᠢᠳᠠᠪᠤᠷᠢ ᠶᠢ ᠪᠠᠬᠢᠵᠢᠭᠦᠯᠦᠨ | ᠳᠡᠭᠡᠭᠰᠢᠯᠡᠭᠦᠯᠭᠦ ᠶᠢᠨ ᠵᠠᠩᠭᠢᠯᠠᠭ᠎ᠠ ᠨᠢ ᠨᠢᠭᠡ ᠴᠣᠭᠴᠠᠵᠢᠭᠤᠯᠬᠤ ᠳᠡᠭᠡᠷ᠎ᠡ ᠬᠦᠴᠦ ᠲᠠᠯᠪᠢᠵᠤ᠂ ᠤᠯᠤᠰ ᠤᠨ ᠪᠠᠶᠢᠯᠳᠤᠬᠤ | ᠪᠣᠳᠣᠯᠭ᠎ᠠ ᠶᠢᠨ ᠴᠢᠳᠠᠪᠤᠷᠢ ᠶᠢ ᠬᠠᠮᠤᠭ ᠤᠨ ᠶᠡᠭᠡ ᠪᠤᠯᠭᠠᠬᠤ ᠶᠢ ᠪᠡᠶᠡᠯᠡᠭᠦᠯᠬᠦ ᠳᠤ ᠪᠠᠶᠢᠨ᠎ᠠ᠃ ᠨᠠᠮ ᠤᠨ ᠲᠥᠪ | ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠡᠯ᠎ᠡ ᠬᠦᠷᠢᠶ᠎ᠡ ᠴᠠᠷᠠᠭ᠎ᠠ ᠳᠠᠬᠢ | ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠨᠢᠭᠡ ᠴᠣᠭᠴᠠᠵᠢᠭᠤᠯᠤᠨ ᠠᠭᠤᠰᠤᠯᠴᠠᠭᠤᠯᠬᠤ᠂ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠢ ᠨᠢᠭᠡ ᠴᠣᠭᠴᠠᠵᠢᠭᠤᠯᠤᠨ ᠨᠡᠶᠢᠳᠬᠡᠬᠦ᠂ ᠪᠠᠶᠢᠯᠳᠤᠬᠤ ᠪᠣᠳᠣᠯᠭ᠎ᠠ ᠶᠢᠨ ᠬᠦᠴᠦᠨ ᠢ | ᠨᠢᠭᠡ ᠴᠣᠭᠴᠠᠵᠢᠭᠤᠯᠤᠨ ᠬᠡᠷᠡᠭᠯᠡᠬᠦ ᠶᠢ ᠴᠢᠩᠭᠠᠳᠬᠠᠵᠤ᠂ ᠮᠠᠨ ᠤ ᠤᠯᠤᠰ ᠤᠨ ᠪᠠᠶᠢᠯᠳᠤᠬᠤ ᠪᠣᠳᠣᠯᠭ᠎ᠠ ᠶᠢᠨ ᠠᠶᠤᠯ | ᠲᠦᠭᠰᠢᠭᠦᠷᠢ ᠶᠢ ᠠᠷᠭᠠᠴᠠᠭᠠᠬᠤ᠂ ᠪᠠᠶᠢᠯᠳᠤᠬᠤ ᠪᠣᠳᠣᠯᠭ᠎ᠠ ᠶᠢᠨ ᠠᠰᠢᠭ ᠲᠤᠰᠠ ᠶᠢ ᠬᠠᠮᠠᠭᠠᠯᠠᠬᠤ᠂ ᠪᠠᠶᠢᠯᠳᠤᠬᠤ | ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠬᠦ ᠪᠦᠬᠦᠯᠢ ᠴᠣᠭᠴᠠ ᠶᠢᠨ ᠪᠣᠳᠠᠲᠤ ᠬᠦᠴᠦᠨ ᠢ ᠰᠢᠰᠲ᠋ᠧᠮ ᠲᠠᠢ | ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠣᠯᠣᠨ | ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠭᠦ ᠪᠣᠯ ᠨᠠᠷᠢᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠮᠥᠨ᠂ ᠪᠦᠭᠦ | ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ᠂ ᠭᠤᠣᠯᠳᠠᠯᠭ᠎ᠠ ᠶᠢ ᠲᠤᠪᠤᠶᠢᠯᠭᠠᠵᠤ᠂ ᠭᠤᠣᠯᠳᠠᠯᠭ᠎ᠠ ᠲᠠᠢ | ᠰᠢᠪᠲᠤᠯᠤᠯᠲᠠ ᠪᠠᠷ ᠪᠦᠬᠦᠯᠢ ᠴᠣᠭᠴᠠ ᠶᠢᠨ ᠠᠬᠢᠴᠠ ᠶᠢ ᠳᠠᠶᠢᠴᠢᠯᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠠᠮᠵᠢᠯᠴᠠᠨ ᠰᠢᠨ᠎ᠡ ᠶᠢ ᠡᠭᠦᠳᠭᠦ ᠶᠢ ᠭᠦᠨᠵᠡᠭᠡᠶᠢᠷᠡᠭᠦᠯᠵᠦ᠂ ᠤᠯᠤᠰ ᠤᠨ ᠲᠤᠷᠰᠢᠯᠲᠠ ᠶᠢᠨ ᠲᠠᠰᠤᠭ ᠢ | ᠰᠠᠶᠢᠲᠤᠷ ᠪᠦᠲᠦᠭᠡᠨ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠡᠷᠡᠭᠯᠡᠵᠦ᠂ ᠪᠡᠶ᠎ᠡ ᠪᠠᠨ ᠳᠠᠭᠠᠭᠠᠵᠤ ᠰᠢᠨ᠎ᠡ ᠶᠢ | ᠡᠭᠦᠳᠭᠦ᠂ ᠠᠩᠬᠠᠨ ᠤ ᠰᠢᠨ᠎ᠡ ᠶᠢ ᠡᠭᠦᠳᠭᠦ ᠶᠢ ᠬᠦᠴᠦ ᠪᠠᠨ ᠲᠥᠪᠯᠡᠷᠡᠭᠦᠯᠦᠨ ᠴᠢᠩᠭᠠᠳᠬᠠᠵᠤ᠂ ᠥᠨᠳᠥᠷ ᠲᠦᠪᠰᠢᠨ | ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ | ᠬᠦᠴᠦᠷᠬᠡᠭᠵᠢᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠶᠢᠨ | ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠶᠢ ᠲᠦᠷᠭᠡᠪᠴᠢᠯᠡᠨ ᠳᠡᠭᠡᠭᠰᠢᠯᠡᠭᠦᠯᠵᠦ᠂ ᠤᠯᠤᠰ ᠤᠨ ᠬᠥᠭᠵᠢᠯᠲᠡ ᠪᠣᠯᠣᠨ | ᠳᠡᠯᠡᠬᠡᠢ ᠳᠡᠭᠡᠷᠡᠬᠢ ᠥᠷᠢᠰᠦᠯᠳᠦᠭᠡᠨ ᠤ ᠰᠢᠨ᠎ᠡ ᠳᠠᠪᠠᠭᠤᠯᠢᠭ ᠢ ᠡᠷᠢᠯᠬᠢᠯᠡᠬᠦ ᠬᠡᠷᠡᠭᠲᠡᠢ᠃ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠴᠡᠷᠢᠭ ᠢ | ᠬᠦᠴᠦᠷᠬᠡᠭᠵᠢᠭᠦᠯᠬᠦ ᠳᠠᠶᠢᠨ ᠤ ᠢᠯᠠᠯᠲᠠ ᠶᠢ ᠣᠯᠬᠤ ᠳᠤ ᠦᠢᠯᠡᠴᠢᠯᠡᠬᠦ ᠤᠳᠤᠷᠢᠳᠤᠮᠵᠢ ᠶᠢ ᠴᠢᠩᠭᠠᠳᠬᠠᠵᠤ᠂ | ᠰᠢᠰᠲ᠋ᠧᠮ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠥᠭᠵᠢᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠢ ᠴᠢᠩᠭᠠᠳᠬᠠᠬᠤ ᠬᠡᠷᠡᠭᠲᠡᠢ᠃ | ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢ ᠨᠢᠭᠡᠳᠦᠯᠲᠡᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢ | ᠴᠢᠩᠭᠠᠳᠬᠠᠵᠤ᠂ ᠶᠡᠭᠡ ᠲᠠᠩᠰᠠ᠂ ᠶᠡᠷᠦᠩᠬᠡᠶᠢᠯᠡᠭᠰᠡᠨ ᠲᠠᠩᠰᠠ᠂ ᠠᠯᠤᠰ ᠭᠡᠲᠦ ᠶᠢᠨ ᠲᠠᠩᠰᠠ ᠶᠢ ᠪᠤᠳᠤᠬᠤ ᠳᠠᠭᠠᠨ | ᠴᠢᠳᠠᠮᠠᠭᠠᠢ ᠪᠠᠶᠢᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠬᠡᠷᠡᠭᠯᠡᠵᠦ ᠬᠠᠮᠲᠤ ᠪᠠᠷ ᠡᠳ᠋ᠯᠡᠭᠦ ᠲᠦᠪᠰᠢᠨ ᠢ | ᠳᠡᠭᠡᠭᠰᠢᠯᠡᠭᠦᠯᠭᠦ ᠬᠡᠷᠡᠭᠲᠡᠢ᠃ ᠲᠣᠮᠣ ᠤᠯᠤᠰ ᠤᠨ ᠨᠥᠭᠡᠴᠡ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠤᠯᠤᠰ ᠤᠨ | ᠨᠥᠭᠡᠴᠡ ᠶᠢᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ | ᠵᠢᠭᠠᠵᠤ ᠭᠠᠷᠭᠠᠵᠠᠢ᠃ | ᠰᠢ ᠶᠢᠨ ᠫᠢᠩ᠂ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠣᠯᠣᠨ | ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠭᠦ ᠳᠤ ᠡᠷᠬᠡᠪᠰᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠭᠦ ᠠᠴᠠ | ᠬᠥᠳᠡᠯᠭᠡᠭᠦ ᠬᠦᠴᠦᠨ ᠣᠯᠬᠤ ᠬᠡᠷᠡᠭᠲᠡᠢ᠃ ᠡᠳᠡᠭᠡᠷ ᠵᠢᠯ ᠤᠳ ᠲᠤ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠬᠤᠯᠪᠣᠭᠳᠠᠯ | ᠪᠦᠬᠦᠢ ᠴᠢᠬᠤᠯᠠ ᠶᠡᠭᠡ ᠥᠭᠡᠷᠡᠴᠢᠯᠡᠯᠲᠡ ᠶᠢ ᠬᠦᠴᠦ ᠪᠠᠨ ᠬᠠᠮᠲᠤᠳᠬᠠᠨ ᠠᠬᠢᠭᠤᠯᠵᠤ᠂ ᠴᠥᠭᠡᠨ ᠪᠤᠰᠤ ᠴᠢᠬᠤᠯᠠ | ᠦᠷ᠎ᠡ ᠪᠦᠲᠦᠭᠡᠯ ᠣᠯᠪᠠ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠪᠠᠶᠢᠭᠤᠯᠤᠮᠵᠢ | ᠲᠣᠭᠲᠠᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ ᠳᠦᠷᠢᠮ ᠢ ᠲᠡᠭᠦᠯᠳᠡᠷᠵᠢᠭᠦᠯᠵᠦ᠂ ᠲᠣᠰ | ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠨᠢᠭᠲᠠ ᠬᠠᠮᠵᠢᠯᠴᠠᠭᠰᠠᠨ᠂ ᠵᠢᠷᠤᠮᠵᠢᠩᠭᠤᠢ ᠡᠮᠬᠢ | ᠳᠢᠭᠯᠢᠮ ᠲᠠᠢ ᠠᠵᠢᠯ ᠤᠨ ᠪᠠᠶᠢᠷᠢᠰᠢᠯ ᠢ ᠪᠦᠷᠢᠯᠳᠦᠭᠦᠯᠵᠦ᠂ ᠨᠢᠭᠡ ᠴᠣᠭᠴᠠᠵᠢᠭᠤᠯᠤᠭᠰᠠᠨ ᠤᠯᠤᠰ ᠤᠨ ᠪᠠᠶᠢᠯᠳᠤᠬᠤ | ᠪᠣᠳᠣᠯᠭ᠎ᠠ ᠶᠢᠨ ᠰᠢᠰᠲ᠋ᠧᠮ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢ ᠨᠠᠩ ᠰᠠᠶᠢᠲᠤᠷ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠵᠠᠢ᠃ | ᠰᠢ ᠶᠢᠨ ᠫᠢᠩ᠂ ᠡᠨᠡ ᠵᠢᠯ ᠪᠣᠯ ᠶᠠᠨ ᠠᠨ ᠤ ᠬᠤᠶᠠᠷ ᠢ ᠬᠦᠷᠢᠶᠡᠯᠡᠬᠦ ᠬᠥᠳᠡᠯᠭᠡᠭᠡᠨ ᠤ 80 ᠵᠢᠯ ᠤᠨ ᠤᠢ | ᠪᠣᠯᠣᠨ᠎ᠠ᠃ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ | ᠬᠠᠷᠠᠭᠠᠯᠵᠠᠬᠤ ᠢᠷᠠᠭᠤ ᠠᠯᠳᠠᠷᠲᠤ ᠤᠯᠠᠮᠵᠢᠯᠠᠯ ᠢ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠵᠠᠰᠠᠭ ᠴᠡᠷᠢᠭ | ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠵᠦ᠂ ᠪᠦᠭᠦ ᠨᠡᠶᠢᠭᠡᠮ ᠳᠤ ᠤᠯᠤᠰ ᠤᠨ ᠪᠠᠲᠤᠯᠠᠨ | ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢ ᠪᠦᠲᠦᠭᠡᠨ ᠪᠠᠶᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠮᠠᠭᠠᠯᠠᠬᠤ ᠭᠦᠨ ᠵᠤᠵᠠᠭᠠᠨ | ᠠᠭᠤᠷ ᠠᠮᠢᠰᠬᠤᠯ ᠢ ᠪᠤᠢ ᠪᠤᠯᠭᠠᠵᠤ᠂ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ | ᠪᠣᠯᠣᠨ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠭᠦ᠂ ᠤᠯᠤᠰ ᠢᠶᠠᠨ ᠬᠦᠴᠦᠷᠬᠡᠭᠵᠢᠭᠦᠯᠬᠦ ᠴᠡᠷᠢᠭ ᠢ | ᠬᠦᠴᠦᠷᠬᠡᠭᠵᠢᠭᠦᠯᠬᠦ ᠶᠢ ᠠᠬᠢᠭᠤᠯᠬᠤ ᠳᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ | ᠵᠢᠭᠠᠵᠤ ᠭᠠᠷᠭᠠᠵᠠᠢ᠃ | ᠬᠤᠷᠠᠯ ᠠᠴᠠ ᠡᠮᠦᠨ᠎ᠡ᠂ ᠰᠢ ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠴᠢᠯᠦᠭᠡᠯᠡᠬᠦ | ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠭᠦᠮ ᠤᠨ ᠪᠦᠭᠦ | ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠭᠰᠠᠨ ᠪᠥᠭᠡᠳ ᠤᠯᠠᠨ ᠲᠠᠢ ᠬᠠᠮᠲᠤ ᠭᠡᠷᠡᠯ ᠵᠢᠷᠤᠭ ᠲᠠᠲᠠᠭᠤᠯᠵᠤ | ᠳᠤᠷᠠᠰᠬᠠᠯ ᠦᠯᠡᠳᠡᠭᠡᠪᠡ᠃ | | | | 3 ᠰᠠᠷ᠎ᠠ ᠶᠢᠨ 8 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠳᠤ ᠤᠷᠤᠯᠴᠠᠵᠤ ᠪᠠᠶᠢᠭ᠎ᠠ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ | ᠠᠩᠭᠢ ᠶᠢᠨ ᠲᠥᠯᠥᠭᠡᠯᠡᠭᠴᠢᠳ ᠤᠨ ᠪᠦᠯᠭᠦᠮ ᠤᠨ ᠪᠦᠭᠦᠳᠡ ᠬᠤᠷᠠᠯ ᠳᠤ ᠣᠷᠣᠯᠴᠠᠪᠠ᠃ ᠵᠢᠷᠤᠭ ᠪᠣᠯ ᠬᠤᠷᠠᠯ ᠠᠴᠠ | ᠡᠮᠦᠨ᠎ᠡ᠂ ᠰᠢ ᠶᠢᠨ ᠫᠢᠩ ᠲᠥᠯᠥᠭᠡᠯᠡᠭᠴᠢᠳ ᠤᠨ ᠪᠦᠯᠭᠦᠮ ᠤᠨ ᠪᠦᠭᠦ ᠲᠥᠯᠥᠭᠡᠯᠡᠭᠴᠢᠳ ᠲᠠᠢ ᠳᠣᠲᠣᠨᠣ ᠪᠠᠷ | ᠠᠭᠤᠯᠵᠠᠭᠰᠠᠨ ᠪᠥᠭᠡᠳ ᠤᠯᠠᠨ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ | | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠬᠤᠷᠠᠯ ᠢ ᠡᠷᠭᠢᠯᠡᠵᠦ᠂ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠳᠡᠳ᠋ ᠲᠡᠷᠢᠭᠦᠯᠡᠭᠴᠢ ᠾᠧ ᠸᠧᠢ ᠳ᠋ᠦᠩ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢ ᠱᠠᠩ | ᠹᠦ᠋᠂ ᠯᠢᠦ ᠵᠧᠨ ᠯᠢ᠂ ᠮᠢᠶᠣᠣ ᠬᠤᠸᠠ᠂ ᠵᠠᠩ ᠱᠧᠩ ᠮᠢᠨ ᠬᠤᠷᠠᠯ ᠳᠤ ᠣᠷᠣᠯᠴᠠᠵᠠᠢ᠃ | | |