ᠬᠠᠤᠯᠢ ᠲᠣᠭᠲᠠᠭᠠᠯ ᠵᠥᠷᠢᠴᠡᠨ ᠪᠠᠶᠢᠭᠤᠯᠤᠭᠰᠠᠨ ᠣᠩᠭᠤᠨ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2023/3/14
       ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠥᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠵᠥᠷᠢᠴᠡᠨ ᠪᠠᠶᠢᠭᠤᠯᠤᠭᠰᠠᠨ ᠣᠩᠭᠤᠨ ᠢ ᠲᠤᠰᠬᠠᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠵᠥᠷᠢᠴᠡᠨ ᠪᠠᠶᠢᠭᠤᠯᠤᠭᠰᠠᠨ ᠣᠩᠭᠤᠨ ᠢ ᠣᠷᠳᠣ ᠬᠤᠭᠤᠴᠠᠭ᠎ᠠ ᠪᠠᠷ ᠪᠦᠲᠦᠮᠵᠢᠲᠡᠶ ᠵᠠᠰᠠᠬᠤ ᠠᠵᠢᠯ ᠤᠨ ᠬᠡᠷᠡᠭᠵᠢᠭᠦᠯᠬᠦ ᠲᠥᠰᠥᠯ ᠤᠨ ᠮᠡᠳᠡᠭᠳᠡᠯ︾ ︵ᠥᠪᠥᠷ ᠠᠷᠠᠳ ᠤᠨ ᠶᠠᠪᠤᠳᠠᠯ ᠲᠠᠷᠬᠠᠭᠠᠭᠰᠠᠨ  ﹇2020﹈ 99 ᠳ᠋ᠦ᠋ᠭᠡᠷ ᠲᠣᠭᠠᠲᠤ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠂ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠥᠨᠥ ᠵᠢᠯ ᠪᠥᠬᠦ ᠬᠤᠰᠢᠭᠤᠨ ᠤ ᠬᠡᠪᠴᠢᠶᠡᠨ ᠳᠤ ᠬᠠᠤᠯᠢ ᠲᠣᠭᠲᠠᠭᠠᠯ ᠵᠥᠷᠢᠴᠡᠨ ᠪᠠᠶᠢᠭᠤᠯᠤᠭᠰᠠᠨ ᠣᠩᠭᠤᠨ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠂ ᠣᠳᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄        ᠨᠢᠭᠡ ᠴᠡᠭᠴᠡᠯᠡᠨ ᠵᠠᠰᠠᠬᠤ ᠬᠡᠪᠴᠢᠶ᠎ᠡ        ︵ᠨᠢᠭᠡ︶ ᠬᠠᠤᠯᠢ ᠲᠣᠭᠲᠠᠭᠠᠯ ᠵᠥᠷᠢᠴᠡᠨ ᠪᠠᠶᠢᠭᠤᠯᠤᠭᠰᠠᠨ ᠣᠩᠭᠤᠨ᠃ ᠵᠠᠰᠠᠮᠠᠯ ᠵᠠᠮ᠂ ᠲᠡᠮᠦᠷ ᠵᠠᠮ ᠳᠠᠭᠠᠤ ᠶᠢᠨ ᠬᠤᠶᠠᠷ ᠬᠠᠵᠠᠭᠤ᠂ ᠤᠰᠤᠨ ᠴᠥᠭᠦᠷᠥᠮ ᠤᠨ ᠣᠶᠢᠷ᠎ᠠ ᠬᠠᠪᠢ ᠵᠢᠴᠢ ᠭᠤᠣᠯ ᠤᠨ ᠵᠠᠮ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠣᠲᠣᠷ᠎ᠠ︔ ᠲᠠᠷᠢᠶᠠᠨ ᠭᠠᠵᠠᠷ᠂ ᠣᠶᠢᠲᠤ ᠭᠠᠵᠠᠷ᠂ ᠨᠤᠲᠤᠭ ᠪᠡᠯᠴᠢᠭᠡᠷ᠂ ᠬᠤᠲᠠ ᠶᠢᠨ ᠴᠡᠴᠡᠷᠯᠢᠭ᠂ ᠦᠵᠡᠮᠵᠢ ᠶᠢᠨ ᠣᠷᠣᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠣᠷᠣᠨ ᠪᠠ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ︶ ᠤ ᠬᠡᠪᠴᠢᠶᠡᠨ ᠳᠣᠲᠣᠷᠠᠬᠢ ᠲᠣᠭᠲᠠᠭᠠᠯ ᠵᠥᠷᠢᠴᠡᠨ ᠪᠠᠶᠢᠭᠤᠯᠤᠭᠰᠠᠨ ᠣᠩᠭᠤᠨ ᠢ ᠬᠠᠮᠤᠷᠤᠨ᠎ᠠ᠃        ︵ᠬᠤᠶᠠᠷ︶ ᠡᠵᠡᠨ ᠦᠭᠡᠢ ᠤᠡᠭᠭᠤᠨ᠃ ᠣᠩᠭᠤᠨ ᠤ ᠡᠵᠡᠨ ᠤ ᠲᠥᠷᠥᠯ ᠰᠠᠳᠤᠨ ᠢ ᠲᠣᠭᠲᠠᠭᠰᠠᠨ ᠬᠤᠭᠤᠴᠠᠭᠠᠨ ᠳᠤ ᠡᠷᠢᠵᠦ ᠣᠯᠬᠤ ᠦᠭᠡᠢ ᠲᠣᠭᠲᠠᠭᠠᠯ ᠵᠥᠷᠢᠴᠡᠨ ᠪᠠᠶᠢᠭᠤᠯᠤᠭᠰᠠᠨ ᠣᠩᠭᠤᠨ ᠢ ᠡᠯ᠎ᠡ ᠰᠤᠮᠤ ᠪᠠᠯᠭᠠᠰᠤ ᠠᠯᠪᠠᠨ ᠵᠠᠷᠯᠠᠯ ᠨᠡᠶᠢᠲᠡᠯᠡᠵᠦ᠂ ᠠᠯᠪᠠᠨ ᠵᠠᠷᠯᠠᠯ ᠤᠨ ᠬᠢᠵᠠᠭᠠᠷᠯᠠᠭᠰᠠᠨ ᠬᠤᠭᠤᠴᠠᠭ᠎ᠠ 60 ᠡᠳᠦᠷ ᠤᠨ ᠳᠣᠲᠣᠷ᠎ᠠ ᠲᠠᠨᠢᠵᠤ ᠠᠪᠬᠤ ᠬᠥᠮᠥᠨ ᠦᠭᠡᠢ ᠪᠠᠶᠢᠪᠠᠯ᠂ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠰᠤᠷᠠᠨ ᠪᠠᠶᠢᠴᠠᠭᠠᠵᠤ ᠡᠷᠢᠬᠦ ᠠᠵᠢᠯ ᠦᠷᠨᠢᠭᠦᠯᠦᠨ᠂ ᠦᠨᠡᠨᠬᠦ ᠡᠷᠢᠵᠦ ᠬᠢᠨᠠᠨ ᠬᠠᠷᠭᠤᠭᠤᠯᠬᠤ ᠪᠠᠷ ᠳᠡᠮᠵᠢᠨ ᠡᠵᠡᠨ ᠦᠭᠡᠢ ᠣᠩᠭᠤᠨ ᠭᠡᠵᠦ ᠨᠤᠲᠠᠯᠠᠨ᠎ᠠ᠃        ᠬᠤᠶᠠᠷ᠂ ᠴᠡᠭᠴᠡᠯᠡᠨ ᠵᠠᠰᠠᠬᠤ ᠪᠠᠷᠢᠮᠵᠢᠶ᠎ᠠ        ︵ᠨᠢᠭᠡ︶ ᠲᠣᠭᠲᠠᠭᠠᠯ ᠵᠥᠷᠢᠴᠡᠨ ᠪᠠᠶᠢᠭᠤᠯᠤᠭᠰᠠᠨ ᠣᠩᠭᠤᠨ᠃ ᠬᠠᠲᠠᠭᠤᠷᠠᠭᠤᠯᠤᠭᠰᠠᠨ᠂ ᠴᠢᠯᠠᠭᠤᠵᠢᠭᠤᠯᠤᠭᠰᠠᠨ᠂ ᠰᠢᠷᠣᠢ ᠶᠢᠨ ᠣᠩᠭᠤᠨ᠂ ᠪᠦᠳᠦᠴᠡᠵᠢᠬᠦᠯᠦᠭᠰᠡᠨ ᠪᠠᠷᠢᠯᠭ᠎ᠠ ᠲᠠᠢ ᠣᠩᠭᠤᠨ ︵ᠭᠠᠳᠠᠷᠭᠤ ᠶᠢ ᠪᠠᠭᠲᠠᠭᠠᠨ᠎ᠠ︶ ᠵᠡᠷᠭᠡ ᠶᠢ ᠴᠡᠭᠴᠡᠯᠡᠵᠦ᠂ ᠳᠤᠷ᠎ᠠ ᠪᠠᠷ ᠢᠶᠠᠨ ᠭᠠᠵᠠᠷ ᠬᠦᠷᠢᠶᠡᠯᠡᠵᠦ ᠪᠠᠷᠢᠭᠰᠠᠨ ᠬᠦᠷᠢᠶ᠎ᠡ ᠬᠠᠰᠢᠶ᠎ᠠ᠂ ᠲᠡᠮᠦᠷ ᠲᠤᠤᠷ᠂ ᠬᠡᠷᠡᠮ ᠵᠡᠷᠭᠡ ᠶᠢ ᠨᠤᠷᠠᠭᠠᠵᠤ ᠲᠡᠭᠰᠢᠯᠡᠨ᠂ ᠪᠣᠰᠤᠭ᠎ᠠ ᠬᠥᠰᠢᠶ᠎ᠡ ᠶᠢ ᠬᠡᠪᠲᠡᠭᠡ ᠬᠥᠰᠢᠶ᠎ᠡ ᠪᠣᠯᠭᠠᠨ ᠥᠭᠡᠷᠡᠴᠢᠯᠡᠵᠦ᠂ ᠭᠠᠵᠠᠷ ᠤᠨ ᠭᠠᠳᠠᠷᠭᠤ ᠲᠠᠢ ᠲᠡᠭᠰᠢᠬᠡᠨ ᠪᠠᠶᠢᠯᠭᠠᠵᠤ᠂ ᠭᠦᠨ ᠪᠤᠯᠠᠰᠢᠯᠠᠨ᠂ ᠪᠤᠯᠠᠰᠢᠨ ᠤ ᠣᠪᠣᠭ᠎ᠠ ᠦᠯᠡᠳᠡᠭᠡᠬᠦ ᠦᠭᠡᠢ ᠪᠠᠶᠢᠬᠤ ᠶᠢ ᠪᠠᠲᠤᠯᠠᠵᠤ᠂ ᠭᠠᠵᠠᠷ ᠰᠢᠷᠣᠢ ᠶᠢᠨ ᠠᠮᠢ ᠠᠬᠤᠢ ᠢ ᠰᠡᠷᠬᠦᠬᠡᠨ᠎ᠡ᠃        ︵ᠬᠤᠶᠠᠷ︶ ᠡᠵᠡᠨ ᠦᠭᠡᠢ ᠤᠡᠭᠭᠤᠨ᠃ ᠡᠯ᠎ᠡ ᠰᠤᠮᠤ ᠪᠠᠯᠭᠠᠰᠤ ᠬᠠᠷᠢᠭᠤᠴᠠᠨ ᠲᠤᠬᠠᠢ ᠶᠢᠨ ᠭᠠᠵᠠᠷ ᠲᠤᠨᠢ ᠣᠩᠭᠤᠨ ᠢ ᠲᠡᠭᠰᠢᠯᠡᠵᠦ᠂ ᠤᠤᠯ ᠣᠩᠭᠤᠨ ᠤ ᠭᠠᠵᠠᠷ ᠲᠤᠨᠢ ᠭᠦᠨ ᠪᠤᠯᠠᠵᠤ ᠣᠷᠣᠰᠢᠭᠤᠯᠵᠤ᠂ ᠭᠠᠵᠠᠷ ᠤᠨ ᠭᠠᠳᠠᠷᠭᠤ  ᠶᠢ ᠲᠡᠭᠰᠢᠯᠡᠨ᠂ ᠪᠣᠯᠠᠰᠢᠨ ᠤ ᠣᠪᠣᠭ᠎ᠠ ᠦᠯᠡᠳᠡᠭᠡᠬᠦ ᠦᠭᠡᠢ᠃ ᠡᠵᠡᠨ ᠦᠭᠡᠢ ᠣᠩᠭᠤᠨ ᠢ ᠲᠡᠭᠰᠢᠯᠡᠬᠦ ᠠᠴᠠ ᠡᠮᠦᠨ᠎ᠡ᠂ ᠤᠤᠯ ᠤᠨ ᠣᠩᠭᠤᠨ ᠤ ᠬᠡᠯᠪᠡᠷᠢ ᠳᠦᠷᠰᠦ᠂ ᠬᠡᠷᠡᠭᠰᠡᠭᠰᠡᠨ ᠮᠠᠲ᠋ᠧᠷᠢᠶᠠᠯ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠰᠡᠭᠦᠳᠡᠷᠯᠡᠨ ᠠᠪᠴᠤ ᠬᠡᠷᠡᠯ ᠵᠢᠷᠤᠭ ᠤᠨ ᠮᠠᠲ᠋ᠧᠷᠢᠶᠠᠯ ᠪᠣᠯᠭᠠᠨ ᠬᠠᠳᠠᠭᠠᠯᠠᠵᠤ᠂ ᠣᠩᠭᠤᠨ ᠤ ᠪᠠᠶᠢᠷᠢᠰᠢᠯ ᠤᠨ ᠮᠡᠳᠡᠭᠡ ᠵᠠᠩᠭᠢ ᠶᠢᠨ ᠵᠢᠷᠤᠭ ᠢ ᠵᠣᠬᠢᠶᠠᠵᠤ᠂ ᠣᠩᠭᠤᠨ ᠢ ᠲᠡᠭᠰᠢᠯᠡᠬᠦ ᠠᠴᠠ ᠡᠮᠦᠨᠡᠬᠢ ᠭᠠᠵᠠᠷ ᠵᠦᠢ ᠶᠢᠨ ᠪᠠᠶᠢᠷᠢᠰᠢᠯ ᠤᠨ GPS ᠪᠠᠶᠢᠷᠢ ᠲᠣᠭᠲᠠᠭᠠᠯᠲᠠ ᠶᠢ ᠰᠠᠶᠢᠲᠤᠷ ᠬᠢᠵᠦ᠂ ᠲᠠᠩᠰᠠ ᠡᠪᠬᠡᠮᠡᠯ ᠳᠤ ᠣᠷᠣᠭᠤᠯᠤᠨ ᠬᠠᠳᠠᠭᠠᠯᠠᠵᠤ᠂ ᠰᠡᠭᠦᠯᠴᠢ ᠶᠢᠨ ᠬᠤᠭᠤᠴᠠᠭᠠᠨ ᠳᠤ ᠪᠠᠶᠢᠴᠠᠭᠠᠨ ᠯᠠᠪᠯᠠᠬᠤ ᠳᠤ ᠲᠥᠬᠦᠮ ᠪᠣᠯᠭᠠᠵᠤ᠂ ᠣᠩᠭᠤᠨ ᠢ ᠲᠡᠭᠰᠢᠯᠡᠭᠰᠡᠨ ᠤ ᠳᠠᠷᠠᠭ᠎ᠠ ᠭᠠᠵᠠᠷ ᠳᠡᠭᠡᠷ᠎ᠡ ᠴᠢᠯᠠᠭᠤᠨ ᠬᠠᠪᠲᠠᠰᠤ ︵ᠱᠦᠢᠨᠢ ᠶᠢᠨ ᠬᠠᠪᠲᠠᠰᠤ︶ ᠵᠡᠷᠭᠡ ᠲᠡᠮᠳᠡᠭ ᠪᠣᠳᠠᠰ ︵ᠬᠠᠪᠲᠠᠰᠤᠨ ᠤ ᠮᠠᠲ᠋ᠧᠷᠢᠶᠠᠯ ᠤᠨ ᠲᠡᠮᠳᠡᠭ ᠪᠣᠳᠠᠰ ᠢ ᠡᠯ᠎ᠡ ᠰᠤᠮᠤ ᠪᠠᠯᠭᠠᠰᠤ ᠶᠢᠨ ᠵᠠᠰᠠᠭ ᠤᠨ ᠣᠷᠳᠣᠨ ᠬᠠᠩᠭᠠᠨ᠎ᠠ︶ ᠲᠠᠯᠪᠢᠨ᠎ᠠ᠃        ᠭᠤᠷᠪᠠ᠂ ᠴᠡᠭᠴᠡᠯᠡᠬᠦ ᠴᠠᠭ ᠤᠨ ᠬᠢᠵᠠᠭᠠᠷ        2023 ᠣᠨ ᠤ 4 ᠰᠠᠷ᠎ᠠ ᠶᠢᠨ 5 ᠤ ᠡᠳᠦᠷ ︵ᠬᠠᠩᠰᠢ ᠶᠢᠨ ᠡᠳᠦᠷ︶ ᠠᠴᠠ 2023 ᠣᠨ ᠤ 8 ᠰᠠᠷ᠎ᠠ ᠶᠢᠨ 30 ᠤ ᠡᠳᠦᠷ ︵ᠲᠦᠯᠡᠰᠢ ᠲᠤᠶ᠋ᠢᠩ ᠥᠭᠬᠦ ᠡᠳᠦᠷ︶ ᠪᠣᠯᠲᠠᠯ᠎ᠠ᠂ ᠲᠣᠭᠲᠠᠭᠠᠯ ᠵᠥᠷᠢᠴᠡᠨ ᠪᠠᠶᠢᠭᠤᠯᠤᠭᠰᠠᠨ ᠣᠩᠭᠤᠨ ᠢᠶᠠᠨ ᠦᠪᠡᠷᠲᠡᠭᠡᠨ ᠴᠡᠭᠴᠡᠯᠡᠨ ᠵᠠᠰᠠᠨ᠎ᠠ᠃        ᠳᠥᠷᠪᠡ᠂ ᠴᠡᠭᠴᠡᠯᠡᠨ ᠵᠠᠰᠠᠬᠤ ᠠᠷᠭ᠎ᠠ ᠠᠪᠴᠠᠯ        ᠬᠠᠤᠯᠢ ᠲᠣᠭᠲᠠᠭᠠᠯ ᠵᠥᠷᠢᠴᠡᠨ ᠬᠤᠪᠢ ᠪᠠᠷ ᠢᠶᠠᠨ ᠪᠠᠶᠢᠭᠤᠯᠤᠭᠰᠠᠨ ᠣᠩᠭᠤᠨ ᠢ ᠦᠪᠡᠷᠲᠡᠭᠡᠨ ᠴᠡᠭᠴᠡᠯᠡᠬᠦ ᠬᠡᠷᠡᠭᠲᠡᠢ᠃ ᠲᠣᠭᠲᠠᠭᠰᠠᠨ ᠬᠤᠭᠤᠴᠠᠭᠠᠨ ᠳᠣᠲᠣᠷ᠎ᠠ ᠮᠥᠨ ᠥᠪᠡᠷᠲᠡᠭᠡᠨ  ᠲᠡᠭᠰᠢᠯᠡᠨ ᠴᠡᠭᠴᠡᠯᠡᠭᠰᠡᠨ ᠦᠭᠡᠢ ᠪᠠᠶᠢᠪᠠᠯ᠂ ᠬᠠᠷᠢᠶ᠎ᠠ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠢᠶᠠᠷ ᠲᠦᠷᠦᠭᠦᠯᠡᠭᠦᠯᠦᠨ᠂ ᠠᠷᠠᠳ ᠤᠨ ᠶᠠᠪᠤᠳᠠᠯ᠂ ᠣᠶ ᠰᠢᠭᠤᠢ ᠨᠤᠲᠤᠭ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ᠂ ᠳᠣᠲᠣᠭᠠᠳᠤ ᠶᠢ ᠬᠠᠮᠠᠭᠠᠯᠠᠬᠤ᠂ ᠲᠠᠷᠢᠶᠠᠯᠠᠩ ᠮᠠᠯ ᠠᠵᠤ ᠠᠬᠤᠢ ᠵᠡᠷᠭᠡ ᠰᠠᠯᠠᠭ᠎ᠠ ᠮᠥᠴᠢᠷ ᠤᠳ ᠬᠠᠮᠵᠢᠯᠴᠠᠨ᠂ ᠬᠠᠤᠯᠢ ᠶᠣᠰᠣᠭᠠᠷ ᠨᠢᠭᠡᠳᠦᠯᠲᠡᠢ ᠰᠢᠢᠳᠪᠦᠷᠢᠯᠡᠵᠦ᠂ ᠭᠠᠵᠠᠷ ᠰᠢᠷᠣᠢ ᠶᠢᠨ ᠡᠬᠢ ᠪᠠᠶᠠᠯᠢᠭ ᠢ ᠰᠡᠷᠬᠦᠭᠡᠨ᠎ᠡ᠃        ᠲᠠᠪᠤ᠂ ᠬᠠᠮᠢᠶ᠎ᠠ ᠪᠦᠬᠦᠢ ᠱᠠᠭᠠᠷᠳᠠᠯᠭ᠎ᠠ        ︵ᠨᠢᠭᠡ︶ ᠲᠣᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠬᠠᠮᠢᠶ᠎ᠠ ᠪᠦᠬᠦᠢ ᠲᠥᠷᠥᠯ ᠰᠠᠳᠤᠨ  ᠨᠢ ᠲᠣᠭᠲᠠᠭᠰᠠᠨ ᠬᠤᠭᠤᠴᠠᠭᠠᠨ ᠳᠣᠲᠣᠷ᠎ᠠ ᠬᠠᠤᠯᠢ ᠲᠣᠭᠲᠠᠭᠠᠯ ᠵᠥᠷᠢᠴᠡᠨ ᠪᠠᠶᠢᠭᠤᠯᠤᠭᠰᠠᠨ ᠣᠩᠭᠤᠨ ᠢ ᠦᠪᠡᠷᠲᠡᠭᠡᠨ ᠲᠡᠭᠰᠢᠯᠡᠨ ᠴᠡᠭᠴᠡᠯᠡᠬᠦ ᠶᠢᠨ ᠬᠠᠮᠲᠤ᠂ ᠬᠠᠷᠢᠶ᠎ᠠ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠳᠤ ᠴᠠᠭ ᠲᠤᠬᠠᠢ ᠳᠤᠨᠢ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃        ︵ᠬᠤᠶᠠᠷ︶ ᠦᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠵᠢᠱᠢᠶᠡᠴᠢ ᠪᠠᠷ ᠳᠠᠭᠠᠭᠤᠯᠤᠨ᠂ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠵᠢᠱᠢᠶ᠎ᠡ ᠦᠢᠯᠡᠳᠦᠯ ᠦᠵᠡᠬᠦᠯᠦᠨ᠂ ᠨᠠᠮ ᠤᠨ ᠭᠡᠰᠢᠭᠦᠨ ᠺᠠᠳ᠋ᠷᠴᠤᠳ ᠠᠴᠠ ᠴᠢᠨᠳᠠᠷ ᠢ ᠬᠠᠶᠢᠯᠠᠭᠤᠯᠬᠤ᠂ ᠰᠢᠷᠣᠢ ᠣᠷᠣᠰᠢᠭᠤᠯᠭ᠎ᠠ ᠶᠢ ᠦᠭᠡᠷᠡᠴᠢᠯᠡᠬᠦ ᠪᠠ ᠠᠮᠢ ᠠᠬᠤᠢ ᠶᠢᠨ ᠣᠷᠣᠰᠢᠭᠤᠯᠭ᠎ᠠ ᠬᠢᠬᠦ᠂ ᠠᠷᠪᠢᠯᠠᠨ ᠭᠠᠮᠨᠠᠵᠤ ᠪᠤᠯᠪᠠᠰᠦᠨ ᠲᠠᠬᠢᠯᠭ᠎ᠠ ᠬᠢᠬᠦ ᠵᠡᠷᠭᠡ ᠲᠠᠯ᠎ᠠ ᠪᠠᠷ ᠬᠢ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠪᠠᠳᠠᠷᠠᠭᠤᠯᠵᠤ᠂ ᠰᠢᠨ᠎ᠡ ᠬᠡᠪ ᠰᠤᠷᠲᠠᠯ ᠢ ᠤᠬᠠᠮᠰᠠᠷ ᠠᠴᠠ ᠪᠠᠨ ᠪᠤᠢ ᠪᠣᠯᠭᠠᠬᠤ ᠬᠡᠷᠡᠭᠲᠡᠢ︔ ᠰᠢᠭᠤᠳ ᠴᠢᠰᠤᠨ ᠲᠦᠷᠦᠯ ᠤᠨ ᠬᠠᠷᠢᠴᠠᠭ᠎ᠠ ᠲᠠᠢ ᠲᠦᠷᠦᠯ ᠰᠠᠳᠤᠨ ᠤ ᠣᠷᠣᠰᠢᠭᠤᠯᠭ᠎ᠠ ᠶᠢᠨ ᠶᠣᠰᠣᠯᠠᠯ ᠢ ᠬᠢᠬᠦ ᠳᠡᠭᠡᠨ᠂ ᠴᠢᠨᠳᠠᠷ ᠢ ᠬᠠᠶᠢᠯᠠᠭᠤᠯᠬᠤ᠂ ᠠᠷᠪᠢᠴᠢ ᠪᠣᠷᠣᠭᠵᠢᠭᠤᠨ ᠪᠠᠶᠢᠬᠤ᠂ ᠶᠡᠭᠡ ᠪᠠᠷ ᠪᠦᠷᠢᠯᠬᠡᠨ ᠬᠢᠬᠦ ᠦᠭᠡᠢ ᠪᠠ ᠹᠧᠣᠳᠠᠯ ᠤᠨ ᠮᠤᠬᠤᠷ ᠰᠦᠰᠦᠭ ᠤᠨ ᠠᠵᠢᠯᠯᠠᠭ᠎ᠠ ᠳᠤ ᠣᠷᠤᠯᠴᠠᠬᠤ ᠦᠭᠡᠢ ᠪᠠᠶᠢᠬᠤ ᠶᠢ ᠪᠠᠷᠢᠮᠲᠠᠯᠠᠬᠤ ᠬᠡᠷᠡᠭᠲᠡᠢ︔ ᠲᠦᠷᠦᠯ ᠰᠠᠳᠤᠨ᠂ ᠨᠠᠶᠢᠵᠠ ᠨᠥᠬᠦᠳ ᠪᠠ ᠡᠷᠬᠢᠨ ᠲᠣᠭᠤᠷᠢᠨ ᠤ ᠤᠯᠠᠨ ᠲᠦᠮᠡᠨ ᠢ ᠬᠥᠮᠥᠵᠢᠭᠦᠯᠦᠨ ᠵᠢᠯᠤᠭᠤᠳᠬᠤ ᠶᠢ ᠴᠢᠩᠭᠠᠳᠬᠠᠵᠤ᠂ ᠤᠷᠤᠰᠢᠭᠤᠯᠭ᠎ᠠ ᠶᠢᠨ ᠮᠤᠬᠤᠷ ᠪᠢᠰᠢᠷᠡᠯ ᠤᠨ ᠠᠵᠢᠯᠯᠠᠭ᠎ᠠ ᠶᠢ ᠴᠠᠭ ᠲᠤᠬᠠᠢ ᠳᠤᠨᠢ ᠢᠳᠬᠠᠨ ᠬᠤᠷᠢᠭᠯᠠᠬᠤ ᠬᠡᠷᠡᠭᠲᠡᠢ᠃        ︵ᠭᠤᠷᠪᠠ︶ ᠮᠠᠨ ᠤ ᠬᠤᠰᠢᠭᠤ 2018 ᠣᠨ ᠳᠤ ᠬᠠᠶᠢᠯᠠᠭᠤᠯᠭ᠎ᠠ ᠶᠢᠨ ᠭᠠᠵᠠᠷ ᠢ ᠪᠠᠶᠢᠭᠤᠯᠤᠭᠰᠠᠨ ᠤ ᠳᠠᠷᠠᠭ᠎ᠠ᠂ ᠭᠠᠯ ᠣᠷᠣᠰᠢᠭᠤᠯᠭ᠎ᠠ ᠶᠢᠨ ᠭᠠᠵᠠᠷ ᠢᠶᠠᠷ ᠵᠠᠭᠠᠭᠯᠠᠨ ᠲᠤᠭᠳᠠᠭᠠᠭᠳᠠᠵᠤ᠂ ᠨᠠᠰᠤ ᠪᠠᠷᠠᠭᠰᠠᠳ ᠤᠨ ᠴᠢᠨᠳᠠᠷ ᠢ ᠡᠷᠬᠡᠪᠰᠢ ᠬᠠᠶᠢᠯᠠᠭᠤᠯᠵᠤ᠂ ᠭᠠᠯ ᠣᠷᠣᠰᠢᠭᠤᠯᠭ᠎ᠠ ᠶᠢ ᠬᠡᠷᠡᠭᠵᠢᠭᠦᠯᠵᠦ ᠪᠠᠶᠢᠭ᠎ᠠ ᠭᠠᠵᠠᠷ ᠣᠷᠣᠨ ᠳᠤ ᠠᠪᠰᠠ ᠵᠡᠷᠭᠡ ᠰᠢᠷᠣᠢ ᠣᠷᠣᠰᠢᠭᠤᠯᠭ᠎ᠠ ᠶᠢᠨ ᠬᠡᠷᠡᠭᠰᠡᠯ ᠬᠤᠳᠠᠯᠳᠤᠬᠤ ᠶᠢ ᠴᠢᠩᠭ᠎ᠠ ᠴᠠᠭᠠᠵᠠᠯᠠᠵᠤ᠂ ᠠᠳᠡ ᠲᠡᠨᠳᠡ ᠲᠤᠷ᠎ᠠ ᠪᠠᠷ ᠣᠷᠣᠰᠢᠭᠤᠯᠬᠤ᠂ ᠬᠠᠣᠯᠢ ᠲᠣᠭᠲᠠᠭᠠᠯ ᠠᠴᠠ ᠵᠥᠷᠢᠴᠡᠨ ᠰᠢᠷᠣᠢ ᠣᠷᠣᠰᠢᠭᠤᠯᠭ᠎ᠠ ᠬᠢᠬᠦ᠂ ᠴᠢᠨᠳᠠᠷ ᠢ ᠬᠠᠶᠢᠯᠠᠭᠤᠯᠤᠭᠰᠠᠨ ᠤ ᠳᠠᠷᠠᠭ᠎ᠠ ᠳᠠᠬᠢᠨ ᠠᠪᠰᠠᠯᠠᠨ ᠣᠷᠣᠰᠢᠭᠤᠯᠬᠤ ᠵᠡᠷᠭᠡ ᠠᠵᠢᠯᠯᠠᠭ᠎ᠠ ᠶᠢ ᠡᠷᠡᠰ ᠬᠤᠷᠢᠭᠯᠠᠵᠤ᠂ ᠬᠡᠷᠪᠡ ᠬᠠᠤᠯᠢ ᠲᠣᠭᠲᠠᠭᠠᠯ ᠠᠴᠠ ᠵᠥᠷᠢᠴᠡᠨ ᠣᠩᠭᠤᠨ ᠪᠠᠶᠢᠭᠤᠯᠬᠤ ᠵᠡᠷᠭᠡ ᠦᠶᠯᠡ ᠠᠵᠢᠯᠯᠠᠭ᠎ᠠ ᠳᠠᠬᠢᠨ ᠡᠭᠦᠰᠪᠡᠯ ᠴᠢᠩᠭ᠎ᠠ ᠴᠣᠬᠢᠯᠲᠠ ᠥᠭᠴᠦ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠴᠢᠨᠳᠠᠷ ᠢ ᠬᠠᠶᠢᠯᠠᠭᠤᠯᠬᠤ᠂ ᠨᠡᠶᠢᠲᠡ ᠶᠢᠨ ᠣᠩᠭᠤᠨ ᠳᠤ ᠣᠷᠣᠰᠢᠭᠤᠯᠬᠤ᠂ ᠴᠢᠨᠳᠠᠷ ᠤᠨ ᠲᠠᠩᠬᠢᠮ ᠳᠤ ᠬᠠᠳᠠᠭᠠᠯᠠᠬᠤ᠂ ᠮᠣᠳᠣᠨ ᠳᠤ ᠣᠷᠣᠰᠢᠭᠤᠯᠬᠤ᠂ ᠬᠤᠸᠠᠷ ᠲᠤ ᠣᠷᠣᠰᠢᠭᠤᠯᠬᠤ᠂ ᠵᠦᠯᠭᠡᠨ ᠳᠤ ᠣᠷᠣᠰᠢᠭᠤᠯᠬᠤ ᠵᠡᠷᠭᠡ ᠪᠤᠯᠪᠠᠰᠤᠨ ᠠᠮᠢ ᠠᠬᠤᠢ ᠶᠢᠨ ᠣᠷᠣᠰᠢᠭᠤᠯᠭ᠎ᠠ ᠶᠢᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃        ︵ᠳᠦᠷᠪᠡ︶ ᠢᠳᠡᠪᠬᠢᠲᠡᠢ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠵᠦ᠂ ᠬᠠᠤᠯᠢ ᠲᠣᠭᠲᠠᠭᠠᠯ ᠠᠴᠠ ᠵᠦᠷᠢᠴᠡᠭᠰᠡᠳ ᠤᠨ ᠰᠦᠪᠡᠭᠴᠢ ᠶᠢ ᠢᠳᠡᠪᠬᠢᠲᠡᠢ ᠬᠠᠩᠭᠠᠭᠠᠷᠠᠢ᠃        ᠡᠭᠦᠨ ᠤ ᠲᠤᠯᠠ ᠣᠨᠴᠠᠭᠠᠶᠢᠯᠠᠨ ᠵᠠᠷᠯᠠᠪᠠ         ᠰᠢᠨ᠎ᠡ ᠪᠠᠷᠭᠤ ᠪᠠᠷᠠᠭᠤᠨ ᠬᠤᠰᠢᠭᠤᠨ ᠤ ᠲᠣᠭᠲᠠᠭᠠᠯ ᠠᠴᠠ ᠵᠥᠷᠢᠴᠡᠨ ᠣᠩᠭᠤᠨ ᠪᠠᠶᠢᠭᠤᠯᠬᠤ ᠶᠢ            ᠲᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ                              2023 ᠣᠨ ᠤ 3 ᠰᠠᠷ᠎ᠠ ᠶᠢᠨ 13 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号