13 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠠᠷᠠᠳ ᠤᠨ | ᠶᠡᠭᠡ ᠬᠤᠷᠠᠯ ᠤᠨ ᠲᠠᠩᠬᠢᠮ ᠤᠨ ᠭᠤᠷᠪᠠᠳᠤᠭᠠᠷ ᠲᠠᠪᠬᠤᠷᠯᠢᠭ ᠤᠨ ᠠᠯᠲᠠᠨ ᠥᠩᠭᠡᠲᠦ ᠲᠢᠩᠬᠢᠮ ᠳᠤ | ᠰᠤᠷᠪᠤᠯᠵᠢᠯᠠᠬᠴᠢᠳ ᠤᠨ ᠬᠤᠷᠠᠯ ᠳᠤ ᠣᠷᠣᠯᠴᠠᠬᠰᠠᠨ ᠤ ᠬᠠᠮᠲᠤ ᠳᠤᠮᠳᠠᠳᠤ ᠭᠠᠳᠠᠭᠠᠳᠤ ᠶᠢᠨ | ᠰᠤᠷᠪᠤᠯᠵᠢᠯᠠᠬᠴᠢᠳ ᠤᠨ ᠳᠤᠷᠠᠳᠤᠭᠰᠠᠨ ᠠᠰᠠᠭᠤᠯᠲᠠ ᠶᠢ ᠬᠠᠷᠢᠭᠤᠯᠪᠠ᠃ | ᠰᠤᠷᠪᠤᠯᠵᠢᠯᠠᠬᠴᠢ᠄ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠵᠠᠰᠠᠭ ᠶᠠᠪᠤᠭᠤᠯᠬᠤ | ᠬᠠᠷᠠᠯᠲᠠ ᠨᠢ ᠶᠠᠭᠤ ᠪᠤᠶ︖ ᠶᠠᠮᠠᠷ ᠶᠠᠮᠠᠷ ᠠᠵᠢᠯ ᠤᠨ ᠭᠤᠣᠯᠳᠠᠯᠭ᠎ᠠ ᠪᠠᠶᠢᠬᠤ ᠪᠤᠶ︖ ᠠᠵᠢᠯ ᠢᠶᠠᠨ ᠬᠡᠷᠬᠢᠨ | ᠥᠷᠨᠢᠭᠦᠯᠬᠦ ᠪᠠᠷ ᠪᠤᠢ︖ | ᠯᠢ ᠴᠢᠶᠠᠩ᠄ ᠨᠢᠳᠤᠨᠤᠨ ᠤ 10 ᠰᠠᠷ᠎ᠠ ᠳᠤ ᠬᠤᠷᠠᠯᠳᠤᠭᠤᠯᠤᠭᠰᠠᠨ ᠨᠠᠮ ᠤᠨ ᠬᠤᠷᠢᠳᠤᠭᠠᠷ ᠶᠡᠭᠡ | ᠬᠤᠷᠠᠯ ᠳᠤ ᠮᠠᠨ ᠤ ᠤᠯᠤᠰ ᠤᠨ ᠬᠤᠶᠢᠰᠢᠳᠠ ᠶᠢᠨ ᠲᠠᠪᠤᠨ ᠵᠢᠯ ᠪᠠ ᠨᠡᠩ ᠤᠷᠳᠤ ᠬᠤᠭᠤᠴᠠᠭᠠᠨ ᠤ ᠬᠥᠭᠵᠢᠯᠲᠡ ᠳᠤ | ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠪᠡ᠃ ᠤᠯᠠᠨ ᠢᠶᠠᠷ ᠢᠶᠠᠨ ᠨᠡᠯᠢᠶᠡᠳ ᠰᠡᠳᠬᠢᠯ | ᠲᠠᠯᠪᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠤᠳ ᠤᠨ ᠲᠤᠬᠠᠢ ᠨᠠᠮ ᠤᠨ ᠬᠤᠷᠢᠳᠤᠭᠠᠷ ᠶᠡᠭᠡ ᠬᠤᠷᠠᠯ ᠤᠨ | ᠢᠯᠡᠳᠬᠡᠯ ᠠᠴᠠ ᠴᠥᠮ ᠲᠣᠳᠣᠷᠬᠠᠢ ᠬᠠᠷᠢᠭᠤᠯᠲᠠ ᠣᠯᠵᠤ ᠴᠢᠳᠠᠬᠤ ᠶᠤᠮ᠃ | ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠪᠣᠯ ᠳᠠᠷᠤᠢ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ᠂ ᠰᠠᠶᠢᠲᠤᠷ | ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠷᠤᠭᠯᠠᠭᠰᠠᠨ ᠠᠤᠭ᠎ᠠ ᠵᠢᠷᠤᠭ ᠲᠥᠰᠥᠪ ᠢ | ᠪᠠᠷᠢᠯᠭ᠎ᠠ ᠶᠢᠨ ᠵᠢᠷᠤᠭ ᠲᠥᠯᠥᠪᠯᠡᠭᠡ ᠪᠣᠯᠭᠠᠨ ᠬᠤᠪᠢᠷᠠᠭᠤᠯᠵᠤ᠂ ᠪᠦᠭᠦ ᠤᠯᠤᠰ ᠤᠨ ᠠᠷᠠᠳ ᠲᠦᠮᠡᠨ ᠲᠠᠢ | ᠬᠠᠮᠲᠤ ᠪᠠᠷ᠂ ᠯᠠᠪᠳᠠᠭᠤᠨ ᠪᠠᠲᠤᠲᠠᠢ ᠪᠠᠷ ᠠᠤᠭ᠎ᠠ ᠵᠢᠷᠤᠭ ᠲᠥᠰᠥᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ | ᠬᠤᠪᠢᠷᠠᠭᠤᠯᠬᠤ ᠶᠠᠪᠤᠳᠠᠯ ᠪᠣᠯᠣᠨ᠎ᠠ᠃ | ᠬᠤᠶᠢᠰᠢᠳᠠ ᠶᠢᠨ ᠠᠵᠢᠯ ᠤᠨ ᠳᠤᠮᠳᠠ᠂ ᠡᠶᠢᠮᠦ ᠬᠡᠳᠦᠨ ᠲᠠᠯ᠎ᠠ ᠶᠢ ᠪᠢᠳᠡ ᠭᠤᠣᠯᠳᠠᠯᠭ᠎ᠠ ᠲᠠᠢ ᠡᠵᠡᠮᠳᠡᠬᠦ | ᠪᠣᠯᠣᠨ᠎ᠠ᠄ | ᠨᠢᠭᠡᠳᠦᠭᠡᠷ ᠲᠤ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠯᠠᠪᠳᠠᠭᠤᠨ ᠪᠠᠲᠤᠲᠠᠢ ᠪᠤᠢ ᠪᠣᠯᠭᠠᠨ᠎ᠠ᠃ ᠦᠨᠡᠨ ᠢ ᠬᠡᠯᠡᠪᠡᠯ᠂ ᠨᠠᠮ ᠪᠠ ᠵᠠᠰᠠᠭ ᠤᠨ ᠣᠷᠳᠣᠨ ᠤ ᠠᠯᠢᠪᠠ ᠠᠵᠢᠯ ᠤᠨ | ᠵᠣᠷᠢᠯᠲᠠ ᠪᠣᠯ ᠠᠷᠠᠳ ᠲᠦᠮᠡᠨ ᠳᠤ ᠪᠤᠶᠠᠨ ᠦᠢᠯᠡᠳᠭᠦ ᠶᠠᠪᠤᠳᠠᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ᠄ | ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠪᠢᠳᠡᠨ ᠤ ᠲᠡᠮᠡᠴᠡᠬᠦ ᠬᠠᠷᠠᠯᠲᠠ | ᠮᠥᠨ︾ ᠭᠡᠵᠦ ᠬᠡᠯᠡᠵᠦ ᠥᠩᠭᠡᠷᠡᠪᠡ᠃ ᠪᠢᠳᠡ ᠬᠡᠵᠢᠶ᠎ᠡ ᠴᠦ ᠭᠡᠰᠡᠨ ᠠᠷᠠᠳ ᠤᠨ ᠵᠠᠰᠠᠭ ᠤᠨ ᠣᠷᠳᠣᠨ ᠤ ᠡᠮᠦᠨᠡᠬᠢ ︽ | ᠠᠷᠠᠳ ᠲᠦᠮᠡᠨ︾ ᠭᠡᠳᠡᠭ ᠦᠭᠡ ᠶᠢ ᠢᠮᠠᠭᠲᠠ ᠪᠠᠲᠤ ᠴᠡᠭᠡᠵᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠨᠢᠭᠡᠪᠦᠷᠢ ᠶᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠪᠤᠰᠤᠳᠴᠢ ᠪᠠᠷ ᠶᠠᠷᠢᠪᠠᠯ᠂ ᠵᠣᠩᠬᠢᠯᠠᠬᠤ ᠤᠯᠠᠨ | ᠲᠣᠭᠠᠨ ᠤ ᠬᠦᠮᠦᠰ GDP ᠶᠢᠨ ᠬᠡᠳᠦᠢ ᠨᠡᠮᠡᠭᠳᠡᠭᠰᠡᠨ ᠢ ᠡᠳᠦᠷᠵᠢᠨ ᠠᠩᠬᠠᠷᠴᠤ ᠦᠵᠡᠬᠦ ᠦᠭᠡᠢ ᠶᠤᠮ᠂ ᠬᠠᠷᠢᠨ | ᠣᠷᠣᠨ ᠰᠠᠭᠤᠴᠠ᠂ ᠠᠵᠢᠯ ᠣᠯᠭᠤᠯᠲᠠ᠂ ᠣᠷᠣᠯᠭ᠎ᠠ᠂ ᠰᠤᠷᠭᠠᠨ ᠬᠥᠮᠦᠵᠢᠯ᠂ ᠡᠪᠡᠳᠴᠢᠨ ᠦᠵᠡᠭᠦᠯᠭᠦ᠂ ᠠᠮᠢ ᠠᠬᠤᠢ | ᠣᠷᠴᠢᠨ ᠲᠣᠭᠤᠷᠢᠨ ᠵᠡᠷᠭᠡ ᠳᠡᠷᠭᠡᠳᠡᠬᠢ ᠪᠣᠳᠠᠲᠠᠢ ᠶᠠᠪᠤᠳᠠᠯ ᠤᠳ ᠢᠶᠠᠨ ᠨᠡᠩ ᠠᠩᠬᠠᠷᠴᠤ ᠪᠠᠶᠢᠳᠠᠭ᠃ ᠵᠠᠰᠠᠭ ᠤᠨ | ᠣᠷᠳᠣᠨ ᠤ ᠠᠵᠢᠯ ᠪᠣᠯ ᠠᠷᠠᠳ ᠣᠯᠠᠨ ᠤ ᠪᠣᠳᠠᠲᠠᠢ ᠲᠥᠷᠥᠭᠳᠡᠯ ᠲᠠᠢ ᠣᠶᠢᠷᠠᠲᠤᠭᠤᠯᠵᠤ ᠪᠠᠶᠢᠭᠠᠳ ᠲᠥᠯᠥᠪᠯᠡᠨ | ᠠᠬᠢᠭᠤᠯᠵᠤ᠂ ᠠᠷᠠᠳ ᠲᠦᠮᠡᠨ ᠬᠦᠰᠡᠯ ᠡᠷᠡᠮᠡᠯᠵᠡᠯ ᠲᠠᠢ ᠵᠠᠰᠠᠭ ᠤᠨ ᠣᠷᠳᠣᠨ ᠵᠢᠳᠬᠦᠯ ᠴᠢᠷᠮᠠᠶᠢᠯᠭ᠎ᠠ ᠲᠠᠢ | ᠪᠠᠶᠢᠬᠤ ᠶᠢ ᠦᠨᠡᠨ ᠬᠦ ᠪᠡᠶᠡᠯᠡᠭᠦᠯᠬᠦ ᠶᠠᠪᠤᠳᠠᠯ ᠪᠣᠯᠣᠨ᠎ᠠ᠃ | ᠬᠤᠶᠠᠳᠤᠭᠠᠷ ᠲᠤ᠂ ᠬᠦᠴᠦᠨ ᠢᠶᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ᠡᠨᠡ ᠤᠳᠠᠭ᠎ᠠ ᠶᠢᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠤ ᠶᠢᠨ | ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠤᠯᠴᠠᠬᠤ ᠳᠤ ᠪᠠᠨ᠂ ᠴᠢᠨᠠᠷ ᠰᠠᠶᠢᠲᠠᠢ ᠬᠥᠭᠵᠢᠯᠲᠡ | ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠬᠦ ᠬᠡᠷᠡᠭᠲᠡᠢ ᠭᠡᠵᠦ ᠣᠨᠴᠠᠭᠠᠶᠢᠯᠠᠨ ᠴᠢᠬᠤᠯᠠᠴᠢᠯᠠᠵᠠᠢ᠃ | ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠨᠢᠭᠡᠨᠲᠡ ᠯᠤᠲᠤ ᠶᠡᠭᠡ ᠠᠮᠵᠢᠯᠲᠠ ᠪᠦᠲᠦᠮᠵᠢ ᠣᠯᠵᠤ᠂ | ᠠᠵᠤ ᠠᠬᠤᠢ ᠶᠢᠨ ᠶᠡᠷᠦᠩᠬᠡᠢ ᠬᠡᠮᠵᠢᠶ᠎ᠡ ᠳᠡᠯᠡᠬᠡᠢ ᠶᠢᠨ ᠬᠤᠶᠠᠳᠤᠭᠠᠷ ᠲᠤ ᠪᠠᠲᠤᠲᠠᠢ ᠣᠷᠣᠭᠰᠠᠨ ᠪᠤᠯᠪᠠᠴᠤ | ᠬᠥᠭᠵᠢᠯᠲᠡ ᠮᠥᠨ ᠲᠡᠩᠴᠡᠭᠦᠷᠢ ᠦᠭᠡᠢ ᠪᠥᠭᠡᠳ ᠭᠦᠢᠴᠡᠳ ᠪᠤᠰᠤ ᠪᠠᠶᠢᠨ᠎ᠠ᠃ ᠶᠠᠮᠠᠷᠪᠠ ᠨᠢᠭᠡ ᠶᠡᠷᠦᠩᠬᠡᠢ | ᠬᠡᠮᠵᠢᠶᠡᠨ ᠤ ᠭᠦᠢᠴᠡᠳᠬᠡᠯ ᠲᠤᠭ᠎ᠠ ᠶᠢ 14 ᠳ᠋ᠦᠩᠰᠢᠭᠤᠷ ᠭᠠᠷᠤᠢ ᠬᠥᠮᠥᠨ ᠠᠮᠠ ᠶᠢᠨ ᠰᠠᠭᠤᠷᠢ ᠲᠤᠭ᠎ᠠ ᠳᠡᠭᠡᠷ᠎ᠡ | ᠨᠣᠭᠳᠠᠭᠤᠯᠪᠠᠯ᠂ ᠬᠥᠮᠥᠨ ᠳᠤᠮᠳᠠᠴᠢ ᠶᠢᠨ ᠬᠢᠷᠢ ᠲᠥᠪᠰᠢᠨ ᠨᠢ ᠴᠥᠮ ᠨᠡᠯᠢᠶᠡᠳ ᠬᠢᠵᠠᠭᠠᠷ ᠲᠠᠢ ᠪᠠᠶᠢᠳᠠᠭ᠃ ᠤᠳᠤ | ᠮᠠᠨ ᠤ ᠬᠥᠭᠵᠢᠯᠲᠡ ᠳᠤ ᠣᠯᠠᠩᠬᠢ ᠳᠤ ᠪᠠᠨ ᠵᠥᠪᠭᠡᠨ ︽ᠪᠠᠶᠢᠬᠤ ᠡᠰᠡᠬᠦ︾ ᠠᠰᠠᠭᠤᠳᠠᠯ ᠢ ᠯᠠ ᠰᠢᠢᠳᠪᠦᠷᠢᠯᠡᠵᠦ | ᠪᠠᠶᠢᠨ᠎ᠠ᠂ ᠲᠠᠷᠠᠭᠠᠴᠢ ᠶᠢᠨ ᠠᠯᠬᠤᠮ ᠳᠤ ︽ᠰᠠᠶᠢᠨ ᠡᠰᠡᠬᠦ︾ ᠠᠰᠠᠭᠤᠳᠠᠯ ᠢ ᠨᠡᠩ ᠴᠢᠬᠤᠯᠠᠴᠢᠯᠠᠨ ᠰᠢᠢᠳᠪᠦᠷᠢᠯᠡᠬᠦ | ᠴᠢᠬᠤᠯᠠᠲᠠᠢ᠂ ᠢᠯᠠᠩᠭᠤᠶ᠎ᠠ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠴᠢᠳᠠᠪᠤᠷᠢ ᠪᠠᠨ | ᠳᠡᠭᠡᠭᠰᠢᠯᠡᠭᠦᠯᠭᠦ᠂ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠬᠤ᠂ ᠬᠥᠭᠵᠢᠯᠲᠡ ᠶᠢᠨ | ᠠᠷᠭ᠎ᠠ ᠮᠠᠶ᠋ᠢᠭ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠵᠡᠷᠭᠡ ᠪᠣᠯᠣᠨ᠎ᠠ᠃ | ᠶᠡᠷᠦᠩᠬᠡᠢ ᠳᠤ ᠨᠢ ᠠᠪᠴᠤ ᠬᠡᠯᠡᠪᠡᠯ᠂ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ | ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ | ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃ | ᠭᠤᠷᠪᠠᠳᠤᠭᠠᠷ ᠲᠤ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠦᠨ᠎ᠡ᠃ | ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠬᠤᠪᠢ ᠵᠠᠶᠠᠭ᠎ᠠ ᠶᠢ ᠲᠣᠭᠲᠠᠭᠠᠬᠤ | ᠵᠠᠩᠭᠢᠯᠠᠭ᠎ᠠ ᠶᠢᠨ ᠠᠷᠭ᠎ᠠ ᠪᠣᠯᠣᠨ᠎ᠠ᠃ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠦᠬᠡᠨ ᠠᠬᠢᠴᠠ ᠳᠤᠮᠳᠠ ᠪᠠᠰᠠ ᠴᠤ ︽ | ᠥᠭᠡᠷᠡᠴᠢᠯᠡᠯᠲᠡ ᠶᠢᠨ ᠬᠤᠭᠤᠯᠠ ᠶᠢ ᠢᠳᠡᠵᠦ᠂ ᠨᠡᠭᠡᠭᠡᠯᠲᠡ ᠶᠢᠨ ᠵᠠᠮ ᠢᠶᠠᠷ ᠵᠠᠮᠨᠠᠬᠤ︾ ᠬᠡᠷᠡᠭᠲᠡᠢ᠃ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ | ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠪᠠᠷᠢᠮᠲᠠᠯᠠᠵᠤ᠂ ᠥᠭᠡᠷᠡᠴᠢᠯᠡᠯᠲᠡ | ᠨᠡᠭᠡᠭᠡᠯᠲᠡ ᠶᠢ ᠭᠦᠨᠵᠡᠭᠡᠶᠢᠷᠡᠭᠦᠯᠬᠦ ᠳᠤᠮᠳᠠ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ | ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ | | |