︵2023 ᠣᠨ ᠤ 3 ᠰᠠᠷ᠎ᠠ ᠶᠢᠨ 13 ᠤ ᠡᠳᠦᠷ︶ | ᠰᠢ ᠶᠢᠨ ᠫᠢᠩ | | | ᠲᠥᠯᠥᠭᠡᠯᠡᠭᠴᠢᠳ ᠠ᠋᠄ | ᠡᠨᠡ ᠤᠳᠠᠭ᠎ᠠ ᠶᠢᠨ ᠶᠡᠭᠡ ᠬᠤᠷᠠᠯ ᠠᠴᠠ ᠨᠠᠮᠠᠶᠢ ᠰᠣᠩᠭᠤᠵᠤ ᠪᠦᠭᠦᠳᠠ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠡᠷᠢᠭᠦᠯᠡᠭᠴᠢ ᠶᠢᠨ ᠲᠤᠰᠢᠶᠠᠯ ᠢ ᠦᠷᠭᠦᠯᠵᠢᠯᠡᠨ ᠡᠭᠦᠷᠭᠡᠯᠡᠭᠦᠯᠦᠭᠰᠡᠨ ᠪᠠᠶᠢᠨ᠎ᠠ᠂ ᠪᠢ ᠲᠥᠯᠥᠭᠡᠯᠡᠭᠴᠢᠳ | ᠪᠣᠯᠣᠨ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠢᠲᠡᠭᠡᠯ ᠳᠤ ᠴᠢᠩ ᠰᠡᠳᠬᠢᠯ ᠠᠴᠠ ᠪᠠᠨ | ᠲᠠᠯᠠᠷᠬᠠᠵᠤ ᠪᠠᠶᠢᠨ᠎ᠠ︕ | ᠡᠨᠡ ᠪᠣᠯ ᠮᠢᠨᠤ ᠤᠯᠤᠰ ᠤᠨ ᠲᠡᠷᠢᠭᠦᠯᠡᠭᠴᠢ ᠶᠢᠨ ᠡᠷᠬᠢᠮ ᠳᠡᠭᠡᠳᠦ ᠲᠤᠰᠢᠶᠠᠯ ᠢ ᠭᠤᠷᠪᠠᠳᠠᠭᠢ ᠤᠳᠠᠭ᠎ᠠ | ᠡᠭᠦᠷᠭᠡᠯᠡᠵᠦ ᠪᠠᠶᠢᠭ᠎ᠠ ᠶᠠᠪᠤᠳᠠᠯ ᠪᠣᠯᠣᠨ᠎ᠠ᠃ ᠠᠷᠠᠳ ᠲᠦᠮᠡᠨ ᠤ ᠢᠲᠡᠭᠡᠯ ᠪᠣᠯ ᠮᠢᠨᠤ ᠤᠷᠤᠭᠰᠢᠯᠠᠯᠲᠠ ᠶᠢᠨ ᠬᠠᠮᠤᠭ | ᠶᠡᠭᠡ ᠬᠦᠳᠡᠯᠭᠡᠬᠦ ᠬᠦᠴᠦᠨ ᠮᠥᠨ᠂ ᠪᠠᠰᠠ ᠴᠤ ᠮᠢᠨᠤ ᠮᠥᠷᠥᠨ ᠳᠡᠭᠡᠷ᠎ᠡ ᠲᠠᠯᠪᠢᠭᠳᠠᠭᠰᠠᠨ ᠬᠦᠨᠳᠦ ᠬᠠᠷᠢᠭᠤᠴᠠᠯᠭ᠎ᠠ | ᠪᠣᠯᠣᠨ᠎ᠠ᠃ ᠪᠢ ᠦᠨᠳᠦᠰᠦᠨ ᠬᠠᠤᠯᠢ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ | ᠭᠦᠢᠴᠡᠳᠬᠡᠵᠦ᠂ ᠤᠯᠤᠰ ᠣᠷᠣᠨ ᠤ ᠬᠡᠷᠡᠭᠴᠡᠭᠡ ᠪᠠᠷ ᠡᠭᠦᠷᠭᠡ ᠬᠠᠷᠢᠭᠤᠴᠠᠯᠭ᠎ᠠ ᠪᠠᠨ ᠪᠤᠯᠭᠠᠵᠥ᠂ ᠠᠷᠠᠳ ᠲᠦᠮᠡᠨ ᠤ | ᠠᠰᠢᠭ ᠲᠤᠰᠠ ᠪᠠᠷ ᠪᠠᠷᠢᠮᠵᠢᠶ᠎ᠠ ᠪᠠᠨ ᠪᠤᠯᠭᠠᠵᠤ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠴᠢᠩ | ᠦᠨᠡᠨᠴᠢ ᠪᠠᠷ ᠵᠢᠳᠬᠦᠵᠦ᠂ ᠲᠥᠯᠥᠭᠡᠯᠡᠭᠴᠢᠳ ᠪᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ︕ | ᠲᠥᠯᠥᠭᠡᠯᠡᠭᠴᠢᠳ ᠠ᠋︕ | ᠲᠠᠪᠤᠨ ᠮᠢᠩᠭ᠎ᠠ ᠭᠠᠷᠤᠢ ᠵᠢᠯ ᠤᠨ ᠪᠣᠯᠪᠠᠰᠤᠨ ᠲᠡᠦᠬᠡ ᠲᠠᠢ ᠳᠤᠮᠳᠠᠳᠤ ᠶᠢᠨ ᠦᠨᠳᠦᠰᠦᠲᠡᠨ ᠲᠡᠦᠬᠡᠨ | ᠳᠡᠭᠡᠷ᠎ᠡ ᠲᠤᠭ᠎ᠠ ᠲᠣᠮᠰᠢ ᠦᠭᠡᠢ ᠭᠡᠷᠡᠯ ᠰᠠᠴᠤᠷᠠᠩᠭᠤᠢ ᠦᠢᠯᠡᠰ ᠢ ᠪᠦᠲᠦᠭᠡᠭᠰᠡᠨ ᠪᠥᠭᠡᠳ ᠪᠠᠰᠠ ᠮᠠᠰᠢ ᠤᠯᠠᠨ ᠬᠠᠯᠠ | ᠵᠣᠪᠠᠯᠠᠩ ᠢ ᠥᠩᠭᠡᠷᠡᠭᠦᠯᠦᠭᠰᠡᠨ ᠶᠤᠮ᠃ ᠣᠶᠢᠷ᠎ᠠ ᠦᠶ᠎ᠡ ᠠᠴᠠ ᠨᠠᠭᠠᠰᠢ᠂ ᠳᠤᠮᠳᠠᠳᠤ ᠤᠯᠤᠰ ᠠᠯᠬᠤᠮ | ᠠᠯᠬᠤᠮ ᠢᠶᠠᠷ ᠬᠠᠭᠠᠰ ᠺᠣᠯᠣᠨᠢ ᠬᠠᠭᠠᠰ ᠹᠧᠣᠳᠠᠯ ᠤᠨ ᠨᠡᠶᠢᠭᠡᠮ ᠪᠣᠯᠵᠤ᠂ ᠬᠦᠴᠦᠷᠬᠡᠭ ᠤᠯᠤᠰ ᠤᠳ ᠤᠨ ᠳᠠᠷᠤᠯᠠᠯ | ᠳᠣᠷᠣᠮᠵᠢᠯᠠᠯ ᠢ ᠬᠠᠰᠢᠷᠠᠲᠠᠯ᠎ᠠ ᠠᠮᠰᠠᠵᠤ᠂ ᠵᠦᠭ ᠵᠦᠭ ᠲᠡᠭᠡᠨ ᠬᠠᠭᠠᠴᠠᠨ ᠵᠠᠳᠠᠷᠠᠵᠤ᠂ ᠳᠠᠶᠢᠨ ᠳᠠᠵᠢᠨ ᠣᠯᠠᠨᠲᠠ | ᠡᠭᠦᠰᠴᠦ᠂ ᠠᠷᠠᠳ ᠢᠷᠭᠡᠳ ᠠᠶᠤᠯ ᠵᠣᠪᠠᠯᠠᠩ ᠠᠮᠰᠠᠵᠤ ᠪᠠᠶᠢᠪᠠ᠃ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ ᠤ ᠳᠠᠷᠠᠭ᠎ᠠ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠨᠢᠭᠲᠠ | ᠪᠦᠯᠬᠦᠮᠳᠡᠭᠦᠯᠦᠨ ᠳᠠᠭᠠᠭᠤᠯᠵᠤ᠂ ᠵᠠᠭᠤᠨ ᠵᠢᠯ ᠤᠨ ᠲᠡᠮᠡᠴᠡᠯ ᠢᠶᠠᠷ ᠳᠠᠮᠵᠢᠨ᠂ ᠦᠨᠳᠦᠰᠦᠲᠡᠨ ᠤ ᠢᠴᠢᠭᠦᠷᠢ ᠶᠢ | ᠠᠷᠢᠯᠭᠠᠵᠤ᠂ ᠳᠤᠮᠳᠠᠳᠤ ᠤᠯᠤᠰ ᠤᠨ ᠠᠷᠠᠳ ᠲᠦᠮᠡᠨ ᠥᠪᠡᠷ ᠤᠨ ᠬᠤᠪᠢ ᠵᠠᠶᠠᠭᠠᠨ ᠤ ᠪᠠᠨ ᠡᠵᠡᠨ ᠨᠢ ᠪᠣᠯᠵᠤ᠂ | ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ᠂ ᠴᠢᠨᠡᠭᠡᠯᠢᠭᠵᠢᠭᠰᠡᠨ ᠠᠴᠠ ᠪᠠᠨ ᠬᠦᠴᠦᠷᠬᠡᠭᠵᠢᠭᠰᠡᠨ ᠠᠭᠤᠤ | ᠶᠡᠭᠡ ᠦᠰᠦᠷᠦᠯᠲᠡ ᠶᠢ ᠤᠭᠲᠤᠨ ᠠᠪᠴᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ | ᠬᠤᠷᠢᠭᠯᠠᠭᠳᠠᠰᠢ ᠦᠭᠡᠢ ᠲᠡᠦᠬᠡᠨ ᠠᠬᠢᠴᠠ ᠳᠠᠭᠠᠨ ᠣᠷᠣᠪᠠ᠃ | ᠤᠳᠤ ᠠᠴᠠ ᠡᠬᠢᠯᠡᠨ ᠲᠤᠰ ᠵᠠᠭᠤᠨ ᠤ ᠳᠤᠮᠳᠠᠴᠢ ᠦᠶ᠎ᠡ ᠪᠤᠯᠲᠠᠯ᠎ᠠ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠪᠣᠯ ᠪᠦᠭᠦ ᠨᠠᠮ ᠪᠦᠭᠦ | ᠤᠯᠤᠰ ᠤᠨ ᠠᠷᠠᠳ ᠲᠦᠮᠡᠨ ᠤ ᠭᠤᠣᠯ ᠡᠭᠦᠷᠭᠡ ᠮᠥᠨ᠃ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠪᠤᠤᠬᠢᠶ᠎ᠠ ᠨᠢ ᠲᠡᠦᠬᠡᠲᠦ ᠴᠢᠨᠠᠷᠲᠠᠢ ᠪᠠᠷ ᠮᠠᠨ ᠤ ᠡᠨᠡ | ᠨᠢᠭᠡ ᠦᠶ᠎ᠡ ᠶᠢᠨ ᠬᠥᠮᠥᠰ ᠤᠨ ᠪᠡᠶ᠎ᠡ ᠳᠡᠭᠡᠷ᠎ᠡ ᠲᠠᠯᠪᠢᠭᠳᠠᠪᠠ᠃ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ | ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ︽ᠲᠦᠷᠪᠡᠨ ᠪᠦᠭᠦ ᠲᠠᠯ᠎ᠠ︾ | ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠦᠯᠬᠦᠮᠳᠡᠨ ᠲᠡᠮᠡᠴᠡᠵᠦ᠂ | ᠵᠠᠮ ᠨᠡᠭᠡᠭᠡᠨ ᠰᠢᠨ᠎ᠡ ᠶᠢ ᠡᠭᠦᠳᠴᠦ᠂ ᠰᠢᠨ᠎ᠡ ᠠᠶᠠᠨ ᠳᠠᠭᠠᠨ ᠴᠠᠭ ᠦᠶ᠎ᠡ ᠳᠤ ᠣᠰᠣᠯᠳᠠᠯ ᠦᠭᠡᠢ᠂ ᠲᠡᠦᠬᠡ ᠳᠤ | ᠣᠰᠣᠯᠳᠠᠯ ᠦᠭᠡᠢ᠂ ᠠᠷᠠᠳ ᠲᠦᠮᠡᠨ ᠳᠤ ᠣᠰᠣᠯᠳᠠᠯ ᠦᠭᠡᠢ ᠪᠠᠷ ᠠᠮᠵᠢᠯᠲᠠ ᠪᠦᠲᠦᠮᠵᠢ ᠭᠠᠷᠭᠠᠵᠤ᠂ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠠᠬᠢᠭᠤᠯᠬᠤ ᠳᠤ ᠮᠠᠨ ᠤ | ᠡᠨᠡ ᠦᠶ᠎ᠡ ᠶᠢᠨ ᠬᠥᠮᠥᠰ ᠤᠨ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠭᠦ ᠬᠡᠷᠡᠭᠲᠡᠢ︕ | ᠲᠥᠯᠥᠭᠡᠯᠡᠭᠴᠢᠳ ᠠ᠋︕ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠰᠢᠨ᠎ᠡ ᠠᠶᠠᠨ ᠳᠤ᠂ ᠪᠢᠳᠡ ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠠᠬᠢᠭᠤᠯᠬᠤ | ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ | ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠰᠢᠨᠵᠢᠯᠡᠬᠦ | ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ | ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ | ᠪᠤᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ | ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠭᠦ ᠶᠢ ᠠᠬᠢᠭᠤᠯᠵᠤ᠂ ᠬᠤᠳᠠ ᠬᠥᠳᠡᠭᠡ ᠣᠷᠣᠨ | ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠳᠤᠯ | ᠦᠭᠡᠢ᠂ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠬᠤᠪᠢᠷᠠᠬᠤ ᠶᠢ ᠠᠬᠢᠭᠤᠯᠵᠤ᠂ ᠠᠵᠤ ᠠᠬᠤᠢ ᠶᠢᠨ ᠶᠠᠰᠤ | ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ | ᠠᠬᠢᠭᠤᠯᠵᠤ᠂ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠣᠳᠠᠲᠤ ᠬᠦᠴᠦᠨ᠂ ᠶᠡᠷᠦᠩᠬᠡᠶᠢᠯᠡᠭᠰᠡᠨ ᠤᠯᠤᠰ ᠤᠨ ᠬᠦᠴᠦᠨ ᠢ ᠲᠠᠰᠤᠷᠠᠯᠳᠠ ᠦᠭᠡᠢ | ᠪᠤᠵᠠᠭᠠᠶᠢᠷᠠᠭᠤᠯᠬᠤ ᠬᠡᠷᠡᠭᠲᠡᠢ᠃ | ᠪᠢᠳᠡ ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠨᠡᠶᠢᠭᠡᠮ ᠵᠢᠷᠤᠮᠲᠤ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠠᠷᠠᠳ ᠲᠦᠮᠡᠨ ᠪᠣᠯ | ᠰᠢᠢᠳᠪᠦᠷᠢᠯᠡᠭᠴᠢ ᠴᠢᠨᠠᠷᠲᠠᠢ ᠬᠦᠴᠦᠨ ᠮᠥᠨ᠃ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠢ | ᠬᠥᠭᠵᠢᠭᠦᠯᠵᠦ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠦ᠂ ᠬᠠᠤᠯᠢ ᠪᠠᠷ | ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ᠂ ᠠᠷᠠᠳ ᠲᠦᠮᠡᠨ ᠡᠵᠡᠨ ᠰᠠᠭᠤᠵᠤ ᠡᠷᠬᠡ | ᠮᠡᠳᠡᠭᠦ ᠳᠦᠷᠢᠮ ᠤᠨ ᠰᠢᠰᠲ᠋ᠧᠮ ᠢ ᠪᠦᠷᠢᠨᠰᠢᠭᠦᠯᠵᠦ᠂ ᠠᠷᠠᠳ ᠲᠦᠮᠡᠨ ᠤ ᠬᠦᠰᠡᠯ ᠵᠣᠷᠢᠯᠲᠠ ᠶᠢ ᠪᠡᠶᠡᠯᠡᠭᠦᠯᠵᠦ᠂ | ᠠᠷᠠᠳ ᠲᠦᠮᠡᠨ ᠤ ᠡᠷᠬᠡ ᠠᠰᠢᠭ ᠢ ᠪᠠᠲᠤᠯᠠᠵᠤ᠂ ᠪᠦᠭᠦ ᠠᠷᠠᠳ ᠲᠦᠮᠡᠨ ᠤ ᠢᠳᠡᠪᠬᠢᠵᠢᠯ ᠰᠠᠨᠠᠭᠠᠴᠢᠯᠠᠭᠠᠲᠤ ᠴᠢᠨᠠᠷ | ᠪᠦᠲᠦᠭᠡᠯᠴᠢ ᠴᠢᠨᠠᠷ ᠢ ᠭᠦᠢᠴᠡᠳ ᠬᠥᠭᠵᠢᠭᠡᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠤᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠬᠤᠪᠢᠶᠠᠷᠢᠯᠠᠯᠲᠠ ᠶᠢᠨ ᠳᠦᠷᠢᠮ ᠢ ᠲᠡᠭᠦᠯᠳᠡᠷᠵᠢᠭᠦᠯᠦᠨ᠂ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ | ᠴᠢᠩᠭᠠᠳᠬᠠᠨ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠤᠯᠠᠨ ᠤ ᠪᠠᠴᠢᠮᠳᠠᠵᠤ | ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠨ᠂ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠵᠦ᠂ | ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ ᠲᠠᠯ᠎ᠠ ᠪᠠᠷ ᠲᠠᠰᠤᠷᠠᠯᠳᠠ ᠦᠭᠡᠢ ᠨᠡᠩ ᠢᠯᠡᠷᠬᠡᠢ | ᠮᠥᠨ ᠴᠢᠨᠠᠷ ᠤᠨ ᠠᠬᠢᠴᠠ ᠲᠠᠢ ᠪᠤᠯᠭᠠᠬᠤ ᠬᠡᠷᠡᠭᠲᠡᠢ᠃ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠶᠡᠭᠡ ᠪᠦᠯᠬᠦᠮᠳᠡᠯ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ | ᠶᠡᠭᠡ ᠪᠦᠯᠬᠦᠮᠳᠡᠯ ᠢ ᠲᠠᠰᠤᠷᠠᠯᠳᠠ ᠦᠭᠡᠢ ᠪᠠᠬᠢᠵᠢᠭᠦᠯᠦᠨ ᠬᠥᠭᠵᠢᠭᠦᠯᠵᠦ᠂ ᠢᠳᠡᠪᠬᠢ ᠬᠦᠴᠦᠨ ᠵᠦᠢᠯ ᠪᠦᠭᠦᠨ ᠢ | ᠭᠦᠢᠴᠡᠳ ᠲᠠᠶᠢᠴᠢᠯᠠᠨ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠬᠤ ᠬᠡᠷᠡᠭᠲᠡᠢ᠃ | ᠪᠢᠳᠠ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ | ᠠᠮᠤᠷ ᠲᠦᠪᠰᠢᠨ ᠪᠣᠯ ᠬᠥᠭᠵᠢᠯᠲᠡ ᠶᠢᠨ ᠰᠠᠭᠤᠷᠢ ᠮᠥᠨ᠂ ᠲᠣᠭᠲᠠᠭᠤᠨ ᠪᠠᠶᠢᠬᠤ ᠪᠣᠯ ᠬᠦᠴᠦᠷᠬᠡᠭᠵᠢᠨ | ᠮᠠᠨᠳᠤᠬᠤ ᠶᠢᠨ ᠤᠷᠢᠲᠠᠯ ᠮᠥᠨ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ | ᠤᠯᠤᠰ ᠤᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠭᠦᠯᠦᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ | ᠴᠢᠳᠠᠪᠤᠷᠢ ᠶᠢ ᠴᠢᠩᠭᠠᠳᠬᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠲᠦᠪᠰᠢᠨ ᠢ | ᠳᠡᠭᠡᠭᠰᠢᠯᠡᠭᠦᠯᠦᠨ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠢᠨ᠎ᠡ ᠠᠮᠤᠷ ᠲᠦᠪᠰᠢᠨ ᠤ | ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠬᠤ ᠬᠡᠷᠡᠭᠲᠡᠢ᠃ ᠤᠯᠤᠰ ᠤᠨ ᠪᠠᠲᠤᠯᠠᠨ | ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ | ᠂ ᠠᠷᠠᠳ ᠤᠨ ᠴᠡᠷᠢᠭ ᠠᠩᠭᠢ ᠶᠢ ᠤᠯᠤᠰ ᠣᠷᠣᠨ ᠤ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ | ᠲᠤᠰᠠ ᠶᠢ ᠪᠦᠲᠦᠮᠵᠢᠲᠡᠢ ᠬᠠᠮᠠᠭᠠᠯᠠᠬᠤ ᠪᠠᠲᠤ ᠪᠠᠬᠢ ᠤᠷᠳᠤ ᠴᠠᠭᠠᠨ ᠬᠡᠷᠡᠮ ᠪᠣᠯᠭᠠᠨ ᠪᠦᠲᠦᠭᠡᠨ ᠪᠠᠶᠢᠭᠤᠯᠬᠤ | ᠬᠡᠷᠡᠭᠲᠡᠢ᠃ | ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠪᠠ ᠡᠬᠡ | ᠣᠷᠣᠨ ᠢᠶᠠᠨ ᠨᠢᠭᠡᠳᠬᠡᠬᠦ ᠶᠡᠭᠡ ᠦᠢᠯᠡᠰ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠰᠢᠶᠠᠩᠭᠠᠩ᠂ ᠣᠣᠮᠧᠨ ᠤ ᠤᠷᠳᠤ | ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠠᠴᠠ ᠰᠠᠯᠵᠤ ᠴᠢᠳᠠᠬᠤ ᠦᠭᠡᠢ ᠶᠤᠮ᠃ ︽ᠨᠢᠭᠡ | ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩᠴᠤᠳ ᠰᠢᠶᠠᠩᠭᠠᠩ ᠢ ᠵᠠᠰᠠᠬᠤ︾᠂ ︽ | ᠣᠣᠮᠧᠨᠴᠤᠳ ᠣᠣᠮᠧᠨ ᠢ ᠵᠠᠰᠠᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠦᠭᠦ | ᠲᠠᠯ᠎ᠠ ᠪᠠᠷ ᠣᠨᠣᠪᠴᠢᠲᠠᠢ᠂ ᠭᠤᠶᠢᠪᠢᠰᠢ ᠦᠭᠡᠢ ᠲᠤᠭᠤᠰᠢᠯᠠᠭᠤᠯᠵᠤ᠂ ᠬᠠᠤᠯᠢ ᠪᠠᠷ ᠰᠢᠶᠠᠩᠭᠠᠩ ᠣᠣᠮᠧᠨ ᠢ | ᠵᠠᠰᠠᠬᠤ ᠶᠢ ᠪᠠᠷᠢᠮᠲᠠᠯᠠᠨ᠂ ᠰᠢᠶᠠᠩᠭᠠᠩ᠂ ᠣᠣᠮᠧᠨ ᠤ ᠤᠨᠴᠠᠭᠠᠢ ᠵᠠᠰᠠᠭ ᠵᠠᠬᠢᠷᠭᠠᠨ ᠤ ᠣᠷᠣᠨ ᠤ ᠠᠵᠤ ᠠᠬᠤᠢ ᠪᠠᠨ | ᠬᠥᠭᠵᠢᠭᠦᠯᠬᠦ᠂ ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ ᠶᠢ ᠳᠡᠮᠵᠢᠵᠦ᠂ ᠤᠯᠤᠰ ᠣᠷᠣᠨ ᠤ ᠬᠥᠭᠵᠢᠯᠲᠡ ᠶᠢᠨ | ᠶᠡᠭᠡ ᠲᠠᠯ᠎ᠠ ᠳᠤ ᠨᠡᠩ ᠰᠠᠶᠢᠲᠤᠷ ᠠᠭᠤᠰᠤᠯᠴᠠᠭᠤᠯᠬᠤ ᠬᠡᠷᠡᠭᠲᠡᠢ᠃ ᠡᠬᠡ ᠣᠷᠣᠨ ᠤ ᠪᠦᠷᠢᠨ ᠨᠢᠭᠡᠳᠦᠯ ᠢ ᠪᠡᠶᠡᠯᠡᠭᠦᠯᠬᠦ | ᠪᠣᠯ ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠬᠦᠰᠡᠯ ᠡᠷᠡᠮᠡᠯᠵᠡᠯ ᠮᠥᠨ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠰᠡᠳᠦᠪ ᠳᠣᠲᠣᠷᠠᠬᠢ ᠠᠭᠤᠯᠭ᠎ᠠ ᠮᠥᠨ᠃ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ | ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠲᠤᠭᠤᠰᠢᠯᠠᠭᠤᠯᠵᠤ᠂ ᠨᠢᠭᠡ ᠯᠡ ᠳᠤᠮᠳᠠᠳᠤ ᠤᠯᠤᠰ | ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠨ᠂ ᠲᠠᠶᠢᠸᠠᠨ | ᠬᠤᠭᠤᠯᠠᠢ ᠶᠢᠨ ᠬᠤᠶᠠᠷ ᠭᠦᠪᠡᠭᠡ ᠶᠢᠨ ᠬᠠᠷᠢᠴᠠᠭ᠎ᠠ ᠶᠢᠨ ᠨᠠᠶᠢᠷᠠᠮᠳᠠᠯ ᠢᠶᠠᠷ ᠭᠦᠭᠵᠢᠭᠦ ᠶᠢ ᠢᠳᠡᠪᠬᠢᠲᠡᠢ ᠠᠬᠢᠭᠤᠯᠵᠤ᠂ | ᠭᠠᠳᠠᠭᠠᠳᠤ ᠶᠢᠨ ᠬᠦᠴᠦᠨ ᠤ ᠭᠠᠷ ᠲᠦᠷᠦᠭᠦ ᠪᠠ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ | ᠠᠵᠢᠯᠯᠠᠭ᠎ᠠ ᠶᠢ ᠡᠷᠡᠰ ᠡᠰᠡᠷᠭᠦᠴᠡᠵᠦ᠂ ᠡᠬᠡ ᠣᠷᠣᠨ ᠢᠶᠠᠨ ᠨᠢᠭᠡᠳᠬᠡᠬᠦ ᠠᠬᠢᠴᠠ ᠶᠢ ᠭᠤᠶᠢᠪᠢᠰᠢ ᠦᠭᠡᠢ ᠠᠬᠢᠭᠤᠯᠬᠤ | ᠬᠡᠷᠡᠭᠲᠡᠢ᠃ | ᠪᠢᠳᠠ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ | ᠴᠢᠷᠮᠠᠶᠢᠨ ᠠᠬᠢᠭᠤᠯᠬᠤ ᠬᠡᠷᠡᠭᠲᠡᠢ᠃ ᠳᠤᠮᠳᠠᠳᠤ ᠤᠯᠤᠰ ᠤᠨ ᠬᠥᠭᠵᠢᠯᠲᠡ ᠳᠡᠯᠡᠬᠡᠢ ᠳ᠋ᠠᠬᠢᠨ ᠳᠤ ᠠᠰᠢᠭ ᠬᠦᠷᠲᠡᠭᠡᠵᠦ᠂ | ᠳᠤᠮᠳᠠᠳᠤ ᠤᠯᠤᠰ ᠤᠨ ᠬᠥᠭᠵᠢᠯᠲᠡ ᠳᠡᠯᠡᠬᠡᠢ ᠳ᠋ᠠᠬᠢᠨ ᠠᠴᠠ ᠰᠠᠯᠵᠤ ᠴᠢᠳᠠᠬᠤ ᠦᠭᠡᠢ ᠶᠤᠮ᠃ ᠪᠢᠳᠠ ᠥᠨᠳᠥᠷ | ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠭᠦ ᠪᠥᠮᠪᠥᠷᠴᠡᠭ ᠤᠨ ᠵᠠᠬ᠎ᠠ | ᠳᠡᠯᠭᠡᠭᠦᠷ ᠪᠣᠯᠣᠨ ᠡᠬᠢ ᠪᠠᠶᠠᠯᠢᠭ ᠢ ᠰᠠᠶᠢᠲᠤᠷ ᠠᠰᠢᠭᠯᠠᠨ ᠥᠪᠡᠷ ᠢ ᠪᠠᠨ ᠬᠥᠭᠵᠢᠭᠦᠯᠬᠦ ᠪᠥᠭᠡᠳ ᠳᠡᠯᠡᠬᠡᠢ ᠶᠢᠨ | ᠬᠠᠮᠲᠤ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠪᠢᠳᠡ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ | ᠬᠠᠮᠲᠤ ᠪᠠᠷ ᠠᠰᠢᠭ ᠭᠦᠷᠳᠡᠭᠦ ᠲᠤᠭ ᠢ ᠥᠨᠳᠥᠷ ᠮᠠᠨᠳᠤᠭᠤᠯᠵᠤ᠂ ᠢᠮᠠᠭᠲᠠ ᠲᠡᠦᠬᠡ ᠶᠢᠨ ᠵᠥᠪ ᠲᠠᠯ᠎ᠠ ᠳᠤ | ᠵᠣᠭᠰᠣᠵᠤ᠂ ᠵᠢᠩᠬᠢᠨᠢ ᠣᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠪᠦᠭᠦ ᠬᠥᠮᠥᠨ ᠲᠥᠷᠥᠯᠬᠢᠲᠡᠨ ᠤ | ᠬᠠᠮᠲᠤ ᠶᠢᠨ ᠥᠷᠲᠡᠭ ᠢ ᠦᠢᠯᠡᠳᠦᠯᠭᠡᠵᠢᠭᠦᠯᠵᠦ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ | ᠥᠭᠡᠷᠡᠴᠢᠯᠡᠯᠲᠡ ᠪᠠ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠨᠡᠭᠡᠭᠡᠯᠲᠡᠲᠤ ᠭᠡᠯᠪᠡᠷᠢ ᠶᠢᠨ | ᠳᠡᠯᠡᠬᠡᠢ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠦᠭᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠳᠤ ᠨᠠᠩ ᠣᠯᠠᠨ ᠲᠣᠭᠲᠠᠭᠤᠨ | ᠴᠢᠨᠠᠷ ᠪᠠ ᠢᠳᠡᠪᠬᠢ ᠬᠦᠴᠦᠨ ᠢ ᠨᠡᠮᠡᠭᠳᠡᠭᠦᠯᠵᠦ᠂ ᠮᠠᠨ ᠤ ᠤᠯᠤᠰ ᠤᠨ ᠬᠥᠭᠵᠢᠯᠲᠡ ᠳᠤ ᠰᠠᠶᠢᠨ ᠰᠠᠶᠢᠬᠠᠨ | ᠳᠡᠯᠡᠬᠡᠢ ᠶᠢᠨ ᠣᠷᠴᠢᠨ ᠨᠥᠬᠦᠴᠡᠯ ᠢ ᠪᠤᠶ ᠪᠤᠯᠭᠠᠬᠤ ᠬᠡᠷᠡᠭᠲᠡᠢ᠃ | ᠲᠥᠯᠥᠭᠡᠯᠡᠭᠴᠢᠳ ᠠ᠋︕ | ᠤᠯᠤᠰ ᠢ ᠵᠠᠰᠠᠬᠤ ᠳᠤ ᠡᠷᠬᠡᠪᠰᠢ ᠤᠷᠢᠳ ᠢᠶᠠᠷ ᠨᠠᠮ ᠢ ᠵᠠᠰᠠᠬᠤ ᠬᠡᠷᠡᠭᠲᠡᠢ᠂ ᠨᠠᠮ ᠮᠠᠨᠳᠤᠪᠠᠯ ᠰᠠᠶ᠋ᠢ ᠤᠯᠤᠰ | ᠬᠦᠴᠦᠷᠬᠡᠭᠵᠢᠵᠦ ᠴᠢᠳᠠᠨ᠎ᠠ᠃ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ᠂ | ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯᠣᠨ ᠨᠠᠮ ᠤᠨ ᠲᠥᠪ ᠬᠤᠷᠢᠶ᠎ᠠ ᠶᠢᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠦᠨᠡᠨ ᠬᠦ | ᠴᠢᠩᠭᠠᠳᠬᠠᠬᠤ ᠬᠡᠷᠡᠭᠲᠡᠢ᠃ ᠲᠣᠮᠣ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠴᠢᠨᠠᠷ | ᠪᠠ ᠡᠷᠡᠰ ᠪᠠᠲᠤ ᠴᠢᠨᠠᠷ ᠢ ᠴᠠᠭ ᠢᠮᠠᠭᠲᠠ ᠪᠠᠲᠤᠯᠠᠵᠤ᠂ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ᠂ | ᠨᠢᠭᠡ ᠮᠥᠴᠡ ᠴᠤ ᠵᠣᠭᠰᠣᠰᠢ ᠦᠭᠡᠢ ᠪᠠᠷ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠵᠤ᠂ ᠢᠯᠵᠠᠷᠠᠯ ᠢ ᠭᠤᠶᠢᠪᠢᠰᠢ | ᠦᠭᠡᠢ ᠡᠰᠡᠷᠭᠦᠴᠡᠵᠦ᠂ ᠨᠠᠮ ᠤᠨ ᠪᠦᠯᠬᠦᠮᠳᠡᠯ ᠨᠢᠭᠡᠳᠦᠯ ᠢ ᠢᠮᠠᠭᠲᠠ ᠪᠠᠲᠤᠯᠠᠵᠤ᠂ ᠨᠠᠮ ᠤᠨ ᠡᠭᠦᠷᠢᠳᠡ ᠴᠢᠨᠠᠷ | ᠬᠤᠪᠢᠷᠠᠬᠤ ᠦᠭᠡᠢ᠂ ᠥᠩᠭᠡ ᠬᠤᠪᠢᠷᠠᠬᠤ ᠦᠭᠡᠢ᠂ ᠰᠤᠷᠲᠠᠯ ᠬᠤᠪᠢᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ | ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠳᠤ ᠪᠠᠲᠤ | ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ | ᠲᠥᠯᠥᠭᠡᠯᠡᠭᠴᠢᠳ ᠠ᠋︕ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠤᠭ᠎ᠠ ᠬᠠᠷᠠᠯᠲᠠ ᠬᠥᠮᠥᠰ ᠢ ᠵᠣᠷᠢᠭᠵᠢᠭᠤᠯᠵᠤ᠂ ᠡᠷᠡᠮᠡᠬᠡᠶᠢᠯᠡᠨ ᠤᠷᠤᠭᠰᠢᠯᠠᠭᠤᠯᠵᠤ ᠪᠠᠶᠢᠨ᠎ᠠ᠃ | ᠪᠢᠳᠡ ᠥᠷᠯᠥᠭᠡ ᠦᠳᠡᠰᠢ ᠶᠢ ᠲᠡᠮᠡᠴᠡᠨ᠂ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠲᠡᠦᠬᠡ ᠶᠢᠨ | ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠨ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠪᠠᠶᠢᠯᠳᠤᠬᠤ | ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠨ᠂ ᠲᠡᠮᠡᠴᠡᠯ ᠤᠨ ᠵᠣᠷᠢᠭ ᠰᠠᠨᠠᠭ᠎ᠠ ᠪᠠᠨ ᠪᠠᠳᠠᠷᠠᠭᠤᠯᠵᠤ᠂ | ᠵᠣᠷᠢᠭᠲᠠᠢ ᠪᠠᠷ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠲᠠᠰᠤᠷᠠᠯᠲᠠ ᠦᠭᠡᠢ ᠬᠦᠴᠦ | ᠨᠡᠮᠡᠷᠢᠯᠡᠨ ᠭᠡᠷᠡᠯ ᠭᠢᠯᠪᠠᠭ᠎ᠠ ᠨᠡᠮᠡᠷᠢᠯᠡᠬᠦ ᠬᠡᠷᠡᠭᠲᠡᠢ︕ | ᠲᠠ ᠪᠦᠭᠦᠨ ᠳᠤ ᠪᠠᠶᠠᠷᠯᠠᠯ᠎ᠠ︕ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 13 ᠤ ᠴᠠᠭᠢᠯᠭᠠᠨ ᠮᠡᠳᠡᠭᠡ︶ | | | | |