ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠡᠯᠡᠬᠡᠢ ᠶᠢᠨ ᠲᠦᠷᠦ ᠶᠢᠨ ᠨᠠᠮ ᠯᠤᠭ᠎ᠠ ᠶᠢᠨ ᠳᠡᠭᠡᠳᠦ ᠲᠡᠰ ᠤᠨ ᠶᠠᠷᠢᠯᠴᠠᠭᠠᠨ ᠤ ᠬᠤᠷᠠᠯ ᠳᠤ ᠣᠷᠣᠯᠴᠠᠵᠤ ᠭᠤᠣᠯ ᠵᠤᠷᠢᠯᠳᠠᠳᠤ ᠶᠠᠷᠢᠶ᠎ᠠ ᠲᠠᠯᠪᠢᠪᠠ ᠼᠠᠢ ᠴᠢ ᠣᠷᠣᠯᠴᠠᠵᠠᠢ
ᠨᠡᠶᠢᠲᠡᠯᠡᠭᠰᠡᠨ ᠴᠠᠭ᠄
2023/3/17
       ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ 15 ᠤ ᠡᠳᠦᠷ ᠪᠡᠭᠡᠵᠢᠩ ᠳᠤ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠡᠯᠡᠬᠡᠢ ᠶᠢᠨ ᠲᠦᠷᠦ ᠶᠢᠨ ᠨᠠᠮ ᠯᠤᠭ᠎ᠠ ᠶᠢᠨ ᠳᠡᠭᠡᠳᠦ ᠲᠡᠰ ᠤᠨ ᠶᠠᠷᠢᠯᠴᠠᠭᠠᠨ ᠤ ᠬᠤᠷᠠᠯ ᠳᠤ ᠣᠷᠣᠯᠴᠠᠬᠰᠠᠨ ᠪᠥᠭᠡᠳ ︽ᠭᠠᠷ ᠬᠤᠯᠪᠣᠨ ᠣᠳᠣᠬᠢᠴᠢᠯᠠᠯᠲᠠ ᠶᠢᠨ ᠵᠠᠮ ᠢᠶᠠᠷ ᠬᠠᠮᠲᠤ ᠪᠠᠷ ᠤᠷᠤᠭᠰᠢᠯᠠᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ ᠲᠡᠷᠡ᠂ ᠣᠳᠣᠬᠢᠴᠢᠯᠠᠯᠲᠠ ᠶᠢᠨ ᠲᠤᠬᠠᠢ ᠠᠯᠢ ᠣᠯᠠᠨ ᠠᠰᠠᠭᠤᠯᠲᠠ ᠳᠤ ᠴᠢᠭᠯᠡᠭᠦᠯᠦᠨ᠂ ᠲᠥᠷᠥ ᠶᠢᠨ ᠨᠠᠮ ᠨᠢ ᠣᠳᠣᠬᠢᠴᠢᠯᠠᠯᠲᠠ ᠶᠢᠨ ᠠᠬᠢᠴᠠ ᠶᠢ ᠬᠥᠲᠥᠯᠥᠨ ᠳᠠᠭᠠᠭᠤᠯᠬᠤ ᠪᠠ ᠲᠦᠯᠬᠢᠨ ᠠᠬᠢᠭᠤᠯᠬᠤ ᠴᠢᠬᠤᠯᠠ ᠬᠦᠴᠦᠨ ᠪᠣᠯᠤᠭᠰᠠᠨ ᠤ ᠬᠤᠪᠢ ᠳᠤ᠂ ᠬᠠᠷᠢᠭᠤᠯᠲᠠ ᠥᠭᠭᠦ ᠬᠠᠷᠢᠭᠤᠴᠠᠯᠭ᠎ᠠ ᠲᠠᠢ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠢᠮᠠᠭᠲᠠ ᠲᠤᠰ ᠪᠡᠶ᠎ᠡ ᠶᠢᠨ ᠬᠤᠪᠢ ᠵᠠᠶᠠᠭ᠎ᠠ ᠪᠠᠨ ᠡᠯ᠎ᠡ ᠤᠯᠤᠰ ᠤᠨ ᠠᠷᠠᠳ ᠲᠦᠮᠡᠨ ᠤ ᠬᠤᠪᠢ ᠵᠠᠶᠠᠭ᠎ᠠ ᠲᠠᠢ ᠨᠢᠭᠲᠠ ᠬᠤᠯᠪᠣᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠮᠵᠢᠯᠲᠠ ᠪᠦᠲᠦᠮᠵᠢ ᠪᠠᠷ ᠳᠡᠯᠡᠬᠡᠢ ᠶᠢᠨ ᠬᠥᠭᠵᠢᠯᠲᠡ ᠳᠤ ᠰᠢᠨ᠎ᠡ ᠠᠵᠠ ᠲᠣᠭᠢᠶᠠᠯ ᠬᠠᠩᠭᠠᠵᠤ᠂ ᠬᠥᠮᠥᠨ ᠲᠥᠷᠥᠯᠬᠢᠲᠡᠨ ᠤ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠳᠤ ᠰᠢᠨ᠎ᠡ ᠬᠦᠴᠦᠨ ᠨᠡᠮᠡᠷᠢᠯᠡᠵᠦ᠂ ᠬᠥᠮᠥᠨ ᠲᠥᠷᠥᠯᠬᠢᠲᠡᠨ ᠤ ᠨᠡᠶᠢᠭᠡᠮ ᠤᠨ ᠣᠳᠣᠬᠢᠴᠢᠯᠠᠯᠲᠠ ᠶᠢᠨ ᠤᠨᠤᠯ ᠪᠣᠯᠣᠨ ᠦᠢᠯᠡᠳᠦᠯᠭᠡ ᠶᠢᠨ ᠰᠢᠨ᠎ᠡ ᠶᠢ ᠡᠭᠦᠳᠭᠦ ᠳᠤ ᠰᠢᠨ᠎ᠡ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠨ᠎ᠠ ᠭᠡᠵᠦ ᠴᠢᠬᠤᠯᠠᠴᠢᠯᠠᠪᠠ᠃
       3 ᠰᠠᠷ᠎ᠠ ᠶᠢᠨ 15 ᠤ ᠡᠳᠦᠷ  ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠡᠯᠡᠬᠡᠢ ᠶᠢᠨ ᠲᠦᠷᠦ ᠶᠢᠨ ᠨᠠᠮ ᠯᠤᠭ᠎ᠠ ᠶᠢᠨ ᠳᠡᠭᠡᠳᠦ ᠲᠡᠰ ᠤᠨ ᠶᠠᠷᠢᠯᠴᠠᠭᠠᠨ ᠤ ᠬᠤᠷᠠᠯ ᠳᠤ ᠣᠷᠣᠯᠴᠠᠬᠰᠠᠨ ᠪᠥᠭᠡᠳ ︽ᠭᠠᠷ ᠬᠤᠯᠪᠣᠨ ᠣᠳᠣᠬᠢᠴᠢᠯᠠᠯᠲᠠ ᠶᠢᠨ ᠵᠠᠮ ᠢᠶᠠᠷ ᠬᠠᠮᠲᠤ ᠪᠠᠷ ᠤᠷᠤᠭᠰᠢᠯᠠᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ᠃        ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ        ᠰᠢ ᠶᠢᠨ ᠫᠢᠩ᠂ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠠᠬᠢᠴᠠ ᠨᠤᠭᠤᠷᠠᠯ ᠪᠦᠳᠦᠷᠢᠯ ᠲᠠᠢ ᠪᠠᠶᠢᠵᠤ᠂ ᠡᠯ᠎ᠡ ᠤᠯᠤᠰ ᠤᠨ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠭᠰᠡᠨ ᠶᠠᠪᠤᠴᠠ ᠪᠡᠷᠬᠡ ᠬᠠᠲᠠᠭᠤᠵᠢᠯᠲᠠᠢ ᠶᠤᠮ᠃ ᠣᠳᠣᠬᠠᠨ ᠤ ᠳᠡᠯᠡᠬᠡᠢ ᠶᠢᠷᠲᠢᠨᠴᠦ ᠳᠤ᠂ ᠤᠯᠠᠨ ᠳᠠᠪᠬᠤᠷ ᠥᠷᠢᠰᠦᠯᠳᠦᠭᠡᠨ ᠪᠠ ᠠᠶᠤᠯ ᠲᠦᠭᠰᠢᠭᠦᠷᠢ ᠰᠣᠯᠪᠢᠴᠠᠨ ᠳᠠᠪᠬᠤᠴᠠᠵᠤ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠪᠡᠷᠬᠡ ᠬᠠᠲᠠᠭᠤᠵᠢᠯᠲᠠᠢ ᠪᠠᠶᠢᠵᠤ᠂ ᠬᠥᠭᠵᠢᠯᠲᠡ ᠶᠢᠨ ᠵᠠᠭᠠᠭ ᠲᠠᠰᠤᠷᠠᠯᠳᠠ ᠦᠭᠡᠢ ᠶᠡᠬᠡᠰᠴᠦ᠂ ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠮᠠᠭᠤᠳᠠᠵᠤ᠂ ᠬᠦᠢᠲᠡᠨ ᠲᠠᠶᠢᠨ ᠤ ᠰᠡᠳᠬᠢᠬᠦᠢ ᠨᠢ ᠰᠠᠷᠨᠢᠬᠤ ᠦᠭᠡᠢ ᠪᠠᠶᠢᠵᠤ᠂ ᠬᠥᠮᠥᠨ ᠲᠥᠷᠥᠯᠬᠢᠲᠡᠨ ᠤ ᠨᠡᠶᠢᠭᠡᠮ ᠤᠨ ᠣᠳᠣᠬᠢᠴᠢᠯᠠᠯᠲᠠ ᠶᠢᠨ ᠠᠬᠢᠴᠠ ᠲᠡᠦᠬᠡ ᠶᠢᠨ ᠲᠣᠨᠣᠯᠵᠢᠨ ᠵᠠᠮ ᠳᠤ ᠳᠠᠬᠢᠨᠲᠠ ᠬᠦᠷᠴᠦ ᠢᠷᠡᠪᠡ ᠭᠡᠵᠦ ᠴᠢᠬᠤᠯᠠᠴᠢᠯᠠᠪᠠ᠃ ᠡᠭᠦᠨ ᠤ ᠲᠤᠯᠠᠳᠠ᠂ ᠲᠡᠷᠡ 5 ᠲᠠᠯ᠎ᠠ ᠶᠢᠨ ᠰᠠᠨᠠᠭᠠᠴᠢᠯᠠᠭ᠎ᠠ ᠳᠤᠷᠠᠳᠴᠠᠢ ᠄ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ ᠪᠠᠲᠤ ᠰᠠᠬᠢᠵᠤ᠂ ᠣᠳᠣᠬᠢᠴᠢᠯᠠᠯᠲᠠ ᠶᠢᠨ ᠴᠢᠭᠯᠡᠯ ᠤᠨ ᠠᠷᠠᠳᠴᠢ ᠴᠢᠨᠠᠷ ᠢ ᠲᠤᠪᠤᠶᠢᠯᠭᠠᠬᠤ ᠭᠡᠷᠡᠭᠲᠡᠢ︔ ᠪᠡᠶ᠎ᠡ ᠪᠠᠨ ᠳᠠᠭᠠᠭᠠᠵᠤ ᠡᠵᠡᠨ ᠮᠡᠳᠡᠭᠦ ᠵᠠᠷᠴᠢᠮ ᠢ ᠪᠠᠷᠢᠮᠲᠠᠯᠠᠵᠤ᠂ ᠣᠳᠣᠬᠢᠴᠢᠯᠠᠯᠲᠠ ᠶᠢᠨ ᠵᠠᠮ ᠤᠨ ᠣᠯᠠᠨ ᠶᠠᠩᠵᠤᠲᠤ ᠴᠢᠨᠠᠷ ᠢ ᠬᠠᠶᠢᠨ ᠰᠦᠪᠡᠭᠴᠢᠯᠡᠬᠦ ᠭᠡᠷᠡᠭᠲᠡᠶ︔ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠭᠦ ᠤᠬᠠᠮᠰᠠᠷ ᠢ ᠪᠤᠢ ᠪᠤᠯᠭᠠᠵᠤ᠂ ᠣᠳᠣᠬᠢᠴᠢᠯᠠᠯᠲᠠ ᠶᠢᠨ ᠠᠬᠢᠴᠠ ᠶᠢᠨ ᠦᠷᠭᠦᠯᠵᠢᠯᠡᠬᠦ ᠴᠢᠨᠠᠷ ᠢ ᠪᠠᠲᠤᠯᠠᠬᠤ ᠭᠡᠷᠡᠭᠲᠡᠢ︔ ᠥᠪᠡᠷ ᠢ ᠪᠠᠨ ᠱᠤᠭᠤᠵᠤ ᠥᠷᠥᠭᠡᠯ ᠪᠤᠰᠤᠳ ᠤᠨ ᠲᠥᠯᠥᠭᠡ ᠵᠢᠳᠭᠦᠭᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠣᠳᠣᠬᠢᠴᠢᠯᠠᠯᠲᠠ ᠶᠢᠨ ᠦᠷ᠎ᠡ ᠪᠦᠲᠦᠭᠡᠯ ᠤᠨ ᠲᠦᠭᠡᠮᠡᠯ ᠬᠠᠷᠠᠭᠠᠯᠵᠠᠯᠲᠤ ᠴᠢᠨᠠᠷ ᠢ ᠴᠢᠩᠭᠠᠳᠬᠠᠬᠤ ᠭᠡᠷᠡᠭᠲᠡᠶ︔ ᠴᠢᠷᠮᠠᠶᠢᠨ ᠲᠡᠮᠡᠴᠡᠵᠦ ᠠᠮᠵᠢᠯᠲᠠ ᠪᠦᠲᠦᠭᠡᠯ ᠭᠠᠷᠭᠠᠬᠤ ᠣᠪᠣᠷ ᠪᠠᠶᠢᠳᠠᠯ ᠢᠶᠠᠨ ᠪᠠᠲᠤᠯᠠᠵᠤ᠂ ᠣᠳᠣᠬᠢᠴᠢᠯᠠᠭᠰᠠᠨ ᠤᠳᠤᠷᠢᠳᠤᠯᠭ᠎ᠠ ᠶᠢᠨ ᠡᠷᠡᠰ ᠪᠠᠲᠤ ᠴᠢᠨᠠᠷ ᠢ ᠪᠠᠲᠤᠯᠠᠬᠤ ᠬᠡᠷᠡᠭᠲᠡᠢ᠃
       3 ᠰᠠᠷ᠎ᠠ ᠶᠢᠨ 15 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠡᠯᠡᠬᠡᠢ ᠶᠢᠨ ᠲᠦᠷᠦ ᠶᠢᠨ ᠨᠠᠮ ᠯᠤᠭ᠎ᠠ ᠶᠢᠨ ᠳᠡᠭᠡᠳᠦ ᠲᠡᠰ ᠤᠨ ᠶᠠᠷᠢᠯᠴᠠᠭᠠᠨ ᠤ ᠬᠤᠷᠠᠯ ᠳᠤ ᠣᠷᠣᠯᠴᠠᠬᠰᠠᠨ ᠪᠥᠭᠡᠳ ︽ᠭᠠᠷ ᠬᠤᠯᠪᠣᠨ ᠣᠳᠣᠬᠢᠴᠢᠯᠠᠯᠲᠠ ᠶᠢᠨ ᠵᠠᠮ ᠢᠶᠠᠷ ᠬᠠᠮᠲᠤ ᠪᠠᠷ ᠤᠷᠤᠭᠰᠢᠯᠠᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ᠃        ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠪᠢᠨ ᠰᠡᠭᠦᠳᠡᠷᠯᠡᠪᠡ        ᠰᠢ ᠶᠢᠨ ᠫᠢᠩ᠂ ᠣᠳᠣᠬᠢᠴᠢᠯᠠᠯᠲᠠ ᠶᠢ ᠪᠡᠶᠡᠯᠡᠭᠦᠯᠬᠦ ᠪᠣᠯ ᠣᠶᠢᠷ᠎ᠠ ᠦᠶ᠎ᠡ ᠠᠴᠠ ᠨᠠᠭᠠᠰᠢᠬᠢ ᠳᠤᠮᠳᠠᠳᠤ ᠤᠯᠤᠰ ᠤᠨ ᠠᠷᠠᠳ ᠲᠦᠮᠡᠨ ᠤ ᠴᠥᠬᠦᠷᠡᠰᠢ ᠦᠭᠡᠢ ᠲᠡᠮᠡᠴᠡᠬᠦ ᠬᠦᠰᠡᠯ ᠵᠡᠭᠦᠳᠦ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ 100 ᠭᠠᠷᠤᠢ ᠵᠢᠯ ᠤᠨ ᠲᠤᠷᠰᠢ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠦᠨᠳᠦᠰᠦᠲᠡᠨ ᠤ ᠰᠡᠷᠭᠦᠨ ᠮᠠᠨᠳᠤᠯᠲᠠ ᠶᠢ ᠬᠥᠭᠡᠭᠡᠴᠡᠯᠳᠦᠭᠰᠡᠨ ᠲᠡᠦᠬᠡ ᠪᠣᠯ ᠮᠥᠨ ᠴᠦ ᠣᠳᠣᠬᠢᠴᠢᠯᠠᠯᠲᠠ ᠶᠢᠨ ᠵᠠᠮ ᠢ ᠲᠠᠰᠤᠷᠠᠯᠲᠠ ᠦᠭᠡᠢ ᠬᠠᠶᠢᠨ ᠰᠦᠪᠡᠭᠴᠢᠯᠡᠭᠰᠡᠨ ᠲᠡᠦᠬᠡ ᠮᠥᠨ᠃ ᠬᠡᠳᠦᠨ ᠦᠶ᠎ᠡ ᠶᠢᠨ ᠬᠥᠮᠥᠰ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢᠶᠠᠷ ᠵᠠᠮᠨᠠᠵᠤ ᠴᠢᠳᠠᠪᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠲᠤᠰ ᠤᠯᠤᠰ ᠤᠨ ᠢᠶᠠᠨ ᠤᠯᠤᠰ ᠤᠨ ᠪᠠᠶᠢᠳᠠᠯ ᠳᠤ ᠰᠠᠭᠤᠷᠢᠯᠠᠬᠤ ᠮᠥᠷᠲᠡᠭᠡᠨ ᠪᠠᠰᠠ ᠡᠯ᠎ᠡ ᠤᠯᠤᠰ ᠤᠨ ᠲᠤᠷᠰᠢᠯᠭ᠎ᠠ ᠪᠠᠷ ᠲᠣᠯᠢ ᠪᠤᠯᠭᠠᠵᠤ᠂ ᠲᠡᠦᠬᠡ ᠰᠣᠶᠣᠯ ᠢ ᠤᠯᠠᠮᠵᠢᠯᠠᠨ ᠵᠠᠯᠭᠠᠮᠵᠢᠯᠠᠬᠤ ᠮᠥᠷᠲᠡᠭᠡᠨ ᠪᠠᠰᠠ ᠤᠳᠤ ᠦᠶ᠎ᠡ ᠶᠢᠨ ᠪᠣᠯᠪᠠᠰᠤᠨ ᠢ ᠠᠭᠤᠰᠬᠠᠵᠤ᠂ ᠳᠤᠮᠳᠠᠳᠤ ᠤᠯᠤᠰ ᠤᠨ ᠠᠷᠠᠳ ᠲᠦᠮᠡᠨ ᠳᠤ ᠪᠤᠶᠠᠨ ᠵᠢᠷᠭᠠᠯ ᠣᠯᠭᠤᠬᠤ ᠮᠥᠷᠲᠡᠭᠡᠨ ᠪᠠᠰᠠ ᠳᠡᠯᠡᠬᠡᠢ ᠶᠢᠨ ᠬᠠᠮᠲᠤ ᠶᠢᠨ ᠬᠥᠭᠵᠢᠯᠲᠡ ᠶᠢ ᠠᠬᠢᠭᠤᠯᠬᠤ ᠪᠣᠯᠣᠨ᠎ᠠ᠂ ᠡᠨᠡ ᠪᠣᠯ ᠮᠠᠨ ᠤ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠷᠠᠭᠤᠯ ᠳᠠᠷᠳᠠᠩ ᠵᠠᠮ ᠮᠥᠨ᠂ ᠪᠠᠰᠠ ᠴᠤ ᠬᠥᠮᠥᠨ ᠲᠥᠷᠥᠯᠬᠢᠲᠡᠨ ᠤ ᠲᠠᠪᠰᠢᠯᠳᠠ᠂ ᠳᠡᠯᠡᠬᠡᠢ ᠶᠢᠨ ᠶᠡᠭᠡ ᠨᠢᠭᠡᠳᠦᠯ ᠢ ᠡᠷᠢᠯᠬᠢᠯᠡᠬᠦ ᠳᠤ ᠳᠤᠮᠳᠠᠳᠤ ᠤᠯᠤᠰ ᠤᠨ ᠵᠠᠶᠢᠯᠠᠰᠢ ᠦᠭᠡᠢ ᠵᠠᠮᠨᠠᠬᠤ ᠵᠠᠮ ᠮᠥᠨ ᠭᠡᠵᠦ ᠵᠢᠭᠠᠵᠤ ᠭᠠᠷᠭᠠᠪᠠ᠃        ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠪᠦᠭᠦ ᠪᠥᠮᠪᠥᠷᠴᠡᠭ ᠤᠨ ᠬᠥᠭᠵᠢᠯ ᠴᠡᠴᠡᠭᠯᠡᠯ ᠢ ᠠᠬᠢᠭᠤᠯᠬᠤ ᠪᠠᠷ ᠴᠢᠷᠮᠠᠶᠢᠬᠤ ᠪᠣᠯᠣᠨ᠎ᠠ᠃ ᠪᠢᠳᠡ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠲᠠᠰᠤᠷᠠᠯᠲᠠ ᠦᠭᠡᠢ ᠥᠷᠭᠡᠳᠬᠡᠨ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠦᠷᠭᠦᠯᠵᠢᠯᠡᠨ ᠠᠭᠤᠵᠢᠭᠤ ᠪᠤᠯᠭᠠᠵᠤ᠂ ᠨᠡᠭᠡᠭᠡᠯᠲᠡ ᠶᠢᠨ ᠡᠭᠦᠳᠡ  ᠪᠠᠨ ᠶᠠᠪᠤᠬᠤ ᠲᠤᠲᠤᠮ ᠥᠷᠭᠡᠳᠬᠡᠨ᠎ᠡ᠃ ᠳᠤᠮᠳᠠᠳᠤ ᠤᠯᠤᠰ ᠤᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢᠨ ᠠᠬᠢᠴᠠ ᠶᠢ ᠳᠠᠭᠠᠯᠳᠤᠨ᠂ ᠪᠢᠳᠡ ᠳᠡᠯᠡᠬᠡᠢ ᠳ᠋ᠠᠬᠢᠨ ᠳᠤ ᠨᠡᠩ ᠤᠯᠠᠨ ᠨᠡᠩ ᠰᠠᠶᠢᠨ ᠳᠤᠮᠳᠠᠳᠤ ᠤᠯᠤᠰ ᠤᠨ ᠦᠢᠯᠡᠳᠬᠡᠯ ᠪᠠ ᠳᠤᠮᠳᠠᠳᠤ ᠤᠯᠤᠰ ᠤᠨ ᠡᠭᠦᠳᠦᠯᠲᠡ ᠶᠢ ᠬᠠᠩᠭᠠᠵᠤ᠂ ᠳᠡᠯᠡᠬᠡᠢ ᠳ᠋ᠠᠬᠢᠨ ᠳᠤ ᠨᠡᠩ ᠶᠡᠭᠡ ᠬᠡᠪᠴᠢᠶᠡᠨ ᠤ ᠳᠤᠮᠳᠠᠳᠤ ᠤᠯᠤᠰ ᠤᠨ ᠵᠠᠬ᠎ᠠ ᠳᠡᠯᠭᠡᠭᠦᠷ ᠪᠠ ᠳᠤᠮᠳᠠᠳᠤ ᠤᠯᠤᠰ ᠤᠨ ᠬᠡᠷᠡᠭᠴᠡᠭᠡ ᠶᠢ ᠬᠠᠩᠭᠠᠬᠤ ᠪᠣᠯᠣᠨ᠎ᠠ᠃ ᠪᠢᠳᠡ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠢ ᠡᠷᠡᠰ ᠳᠡᠮᠵᠢᠨ ᠬᠠᠪᠰᠤᠷᠴᠤ ᠪᠠᠶᠢᠭᠠᠳ ᠬᠥᠭᠵᠢᠯᠲᠡ ᠶᠢ ᠨᠢ ᠲᠦᠷᠭᠡᠳᠬᠡᠵᠦ᠂ ᠠᠵᠤ ᠦᠢᠯᠡᠳᠪᠦᠷᠢᠵᠢᠯᠲᠡ᠂ ᠣᠳᠣᠬᠢᠴᠢᠯᠠᠯᠲᠠ ᠶᠢ ᠪᠡᠶᠡᠯᠡᠭᠦᠯᠵᠦ᠂ ᠡᠮᠦᠨᠡᠲᠦ ᠤᠮᠠᠷᠠᠲᠤ ᠶᠢᠨ ᠵᠥᠷᠢᠶ᠎ᠡ ᠶᠢ ᠪᠠᠭᠠᠰᠬᠠᠬᠤ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ ᠳᠤ ᠳᠤᠮᠳᠠᠳᠤ ᠤᠯᠤᠰ ᠤᠨ ᠲᠥᠰᠥᠯ ᠪᠠ ᠳᠤᠮᠳᠠᠳᠤ ᠤᠯᠤᠰ ᠤᠨ ᠬᠦᠴᠦᠨ ᠢ ᠬᠠᠩᠭᠠᠬᠤ ᠪᠣᠯᠣᠨ᠎ᠠ᠃ ᠪᠢᠳᠡ ᠳᠤᠷᠠᠲᠠᠶ᠎ᠠ ᠡᠯ᠎ᠡ ᠤᠯᠤᠰ ᠤᠨ ᠲᠥᠷᠥ ᠶᠢᠨ ᠨᠠᠮ ᠲᠠᠢ ᠬᠠᠮᠲᠤ ᠪᠠᠷ ︽ᠨᠢᠭᠡ ᠪᠦᠰᠡ ᠨᠢᠭᠡ ᠵᠠᠮ︾ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠵᠦ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠢᠨ᠎ᠡ ᠬᠥᠳᠡᠯᠭᠡᠭᠦ ᠴᠢᠳᠠᠪᠤᠷᠢ ᠶᠢ ᠪᠤᠶᠢᠵᠢᠭᠤᠯᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠴᠢᠬᠤᠯᠠᠴᠢᠯᠠᠪᠠ᠃        ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠪᠠᠷ ᠴᠢᠷᠮᠠᠶᠢᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠠᠬᠢᠭᠤᠯᠤᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠺᠣᠯᠣᠨᠢᠴᠢᠯᠠᠯ ᠳᠡᠭᠡᠷᠡᠮᠳᠡᠯ ᠤᠨ ᠬᠠᠭᠤᠴᠢᠨ ᠵᠠᠮ ᠢᠶᠠᠷ ᠶᠠᠪᠤᠬᠤ ᠪᠢᠰᠢ᠂ ᠤᠯᠤᠰ ᠬᠦᠴᠦᠷᠬᠡᠭᠵᠢᠪᠡᠯ ᠯᠠᠪᠲᠠᠢ ᠡᠵᠡᠷᠬᠡᠬᠦ ᠭᠠᠵᠢᠭᠤ ᠵᠠᠮ ᠢᠶᠠᠷ ᠶᠠᠪᠤᠬᠤ ᠭᠡᠰᠡᠨ ᠪᠢᠰᠢ᠂ ᠬᠠᠷᠢᠨ ᠡᠩᠬᠡ ᠲᠠᠶᠢᠪᠤᠩ ᠢᠶᠠᠷ ᠭᠦᠭᠵᠢᠭᠦ ᠬᠥᠮᠥᠨ ᠤ ᠶᠢᠷᠲᠢᠨᠴᠦ ᠶᠢᠨ ᠵᠥᠪ ᠵᠠᠮ ᠢᠶᠠᠷ ᠶᠠᠪᠤᠬᠤ ᠪᠣᠯᠣᠨ᠎ᠠ᠃ ᠪᠢᠳᠠ ᠶᠠᠷᠢᠯᠴᠠᠭ᠎ᠠ ᠪᠠᠷ ᠵᠥᠷᠢᠯᠳᠦᠭᠡᠨ ᠢ ᠰᠢᠢᠳᠪᠦᠷᠢᠯᠡᠵᠦ᠂ ᠬᠠᠮᠲᠤᠷᠠᠯᠴᠠᠭ᠎ᠠ ᠪᠠᠷ ᠵᠠᠭᠤᠷᠠᠯᠳᠤᠭᠠᠨ ᠢ ᠰᠢᠢᠳᠪᠦᠷᠢᠯᠡᠨ᠎ᠡ᠂ ᠠᠯᠢᠪᠠ ᠭᠡᠯᠪᠡᠷᠢ ᠶᠢᠨ ᠡᠵᠡᠷᠬᠡᠬᠦ ᠦᠵᠡᠯ ᠪᠣᠯᠣᠨ ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠵᠦ᠂ ᠪᠦᠯᠬᠦᠮᠳᠡᠯ ᠤᠨ ᠵᠣᠷᠢᠭ ᠰᠠᠨᠠᠭ᠎ᠠ ᠪᠣᠯᠣᠨ ᠬᠠᠮᠲᠤ ᠪᠠᠷ ᠠᠰᠢᠭ ᠭᠦᠷᠳᠡᠭᠦ ᠰᠡᠳᠬᠢᠬᠦᠢ ᠪᠠᠷ ᠨᠠᠷᠢᠨ ᠪᠤᠳᠤᠯᠢᠶᠠᠨᠲᠠᠢ ᠰᠣᠯᠪᠢᠴᠠᠭᠰᠠᠨ ᠠᠮᠤᠷ ᠲᠦᠪᠰᠢᠨ ᠤ ᠥᠷᠢᠰᠦᠯᠳᠦᠭᠡᠨ ᠢ ᠠᠷᠭᠠᠴᠠᠭᠠᠵᠤ᠂ ᠲᠥᠪ ᠭᠤᠣᠯᠴᠢ ᠰᠢᠳᠤᠷᠭᠤ ᠶᠣᠰᠣ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠭᠦ ᠠᠮᠤᠷ ᠲᠦᠪᠰᠢᠨ ᠤ ᠪᠠᠶᠢᠷᠢᠰᠢᠯ ᠢ ᠪᠤᠢ ᠪᠤᠯᠭᠠᠬᠤ ᠶᠢ ᠰᠠᠨᠠᠭᠠᠴᠢᠯᠠᠨ᠎ᠠ᠃ ᠳᠡᠯᠡᠬᠡᠢ ᠶᠢᠷᠲᠢᠨᠴᠦ ︽ᠰᠢᠨ᠎ᠡ ᠬᠦᠢᠲᠡᠨ ᠲᠠᠶᠢᠨ︾ ᠢ ᠬᠡᠷᠡᠭᠰᠡᠬᠦ ᠦᠭᠡᠢ᠂ ᠠᠷᠠᠳᠴᠢᠯᠠᠯ ᠤᠨ ᠲᠤᠭ ᠢ ᠡᠷᠭᠦᠵᠦ ᠬᠠᠭᠠᠴᠠᠭᠤᠯᠬᠤ ᠡᠰᠡᠷᠭᠦᠴᠡᠯᠳᠦᠯ ᠢ ᠥᠳᠥᠭᠡᠭᠦ ᠨᠢ ᠲᠡᠷᠡ ᠴᠢᠭ ᠢᠶᠠᠷ ᠢᠶᠠᠨ ᠠᠷᠠᠳᠴᠢᠯᠠᠯ ᠤᠨ ᠵᠣᠷᠢᠭ ᠰᠠᠨᠠᠭ᠎ᠠ ᠶᠢ ᠲᠠᠯᠬᠢᠳᠠᠵᠤ ᠪᠠᠶᠢᠭ᠎ᠠ ᠶᠠᠪᠤᠳᠠᠯ ᠮᠥᠨ᠂ ᠬᠥᠮᠥᠨ ᠤ ᠰᠡᠳᠬᠢᠯ ᠢ ᠣᠯᠬᠤ ᠦᠭᠡᠢ ᠬᠤᠣᠷ ᠬᠥᠨᠥᠭᠡᠯ ᠨᠢ ᠬᠢᠵᠠᠭᠠᠷ ᠦᠭᠡᠢ ᠶᠤᠮ᠃ ᠳᠤᠮᠳᠠᠳᠤ ᠤᠯᠤᠰ ᠣᠳᠣᠬᠢᠴᠢᠯᠠᠯᠲᠠ ᠶᠢ ᠪᠡᠶᠡᠯᠡᠭᠦᠯᠬᠦ ᠨᠢ ᠳᠡᠯᠡᠬᠡᠢ ᠶᠢᠨ ᠡᠩᠬᠡ ᠲᠠᠶᠢᠪᠤᠩ ᠤᠨ ᠬᠦᠴᠦᠨ ᠤ ᠨᠡᠮᠡᠭᠳᠡᠯ ᠮᠥᠨ᠂ ᠤᠯᠠᠨ ᠤᠯᠤᠰ ᠤᠨ ᠰᠢᠳᠤᠷᠭᠤ ᠶᠣᠰᠣᠨ ᠤ ᠬᠦᠴᠦᠨ ᠤ ᠪᠤᠵᠠᠭᠠᠶᠢᠷᠠᠯ ᠮᠥᠨ᠂ ᠬᠥᠭᠵᠢᠭᠡᠳ ᠶᠠᠮᠠᠷ ᠬᠡᠮᠵᠢᠶᠡᠨ ᠳᠤ ᠭᠦᠷᠦᠭᠰᠡᠨ ᠴᠦ ᠳᠤᠮᠳᠠᠳᠤ ᠤᠯᠤᠰ ᠬᠡᠵᠢᠶᠡᠳᠡ ᠡᠵᠡᠷᠬᠡᠭᠴᠢ ᠪᠤᠯᠬᠤ ᠦᠭᠡᠢ᠂ ᠬᠡᠵᠢᠶᠡᠳᠡ ᠥᠷᠭᠡᠳᠬᠡᠯ ᠬᠢᠬᠦ ᠦᠭᠡᠢ ᠭᠡᠵᠦ ᠵᠢᠭᠠᠵᠤ ᠭᠠᠷᠭᠠᠪᠠ᠃        ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠪᠠᠰᠤᠨ ᠤ ᠰᠣᠯᠢᠯᠴᠠᠭ᠎ᠠ ᠲᠣᠯᠢᠳᠠᠯ ᠢ ᠠᠬᠢᠭᠤᠯᠬᠤ ᠪᠠᠷ ᠴᠢᠷᠮᠠᠶᠢᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠶᠢ ᠠᠬᠢᠭᠤᠯᠤᠨ᠎ᠠ᠃ ᠣᠳᠣᠬᠠᠨ ᠤ ᠳᠡᠯᠡᠬᠡᠢ ᠶᠢᠨ ᠠᠳᠠᠯᠢ ᠪᠤᠰᠤ ᠤᠯᠤᠰ᠂ ᠠᠳᠠᠯᠢ ᠪᠤᠰᠤ ᠭᠠᠵᠠᠷ ᠣᠷᠣᠨ ᠤ ᠲᠤᠰ ᠲᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠵᠠᠮ ᠨᠢ ᠡᠯᠪᠡᠭ ᠪᠠᠶᠠᠯᠢᠭ ᠤᠯᠠᠨ ᠶᠠᠩᠵᠤ ᠶᠢᠨ᠂ ᠥᠨᠢ ᠤᠳᠠᠭᠠᠨ ᠤᠯᠠᠮᠵᠢᠯᠠᠯ ᠲᠠᠢ ᠪᠣᠯᠪᠠᠰᠤᠨ ᠤ ᠤᠯᠠᠮᠵᠢᠯᠠᠯ ᠳᠤ ᠦᠨᠳᠦᠰᠦᠯᠡᠭᠰᠡᠨ ᠶᠤᠮ᠃ ᠬᠥᠮᠥᠨ ᠲᠥᠷᠥᠯᠬᠢᠲᠡᠨ ᠤ ᠨᠡᠶᠢᠭᠡᠮ ᠤᠨ ᠡᠭᠦᠳᠦᠨ ᠪᠦᠲᠦᠭᠡᠭᠰᠡᠨ ᠡᠯ᠎ᠡ ᠵᠦᠢᠯ ᠤᠨ ᠪᠣᠯᠪᠠᠰᠤᠨ ᠨᠢ ᠴᠥᠮ ᠭᠡᠷᠡᠯ ᠰᠠᠴᠤᠷᠠᠩᠭᠤᠢ ᠭᠡᠷᠡᠯ ᠭᠢᠯᠪᠠᠭ᠎ᠠ ᠰᠠᠴᠤᠷᠠᠭᠤᠯᠵᠤ᠂ ᠡᠯ᠎ᠡ ᠤᠯᠤᠰ ᠤᠨ ᠣᠳᠣᠬᠢᠴᠢᠯᠠᠯᠲᠠ ᠳᠤ ᠭᠦᠨ ᠵᠤᠵᠠᠭᠠᠨ ᠠᠭᠤᠯᠤᠭᠳᠠᠬᠤᠨ ᠢ ᠬᠤᠷᠠᠮᠳᠤᠭᠤᠯᠵᠤ᠂ ᠢᠯᠡ ᠲᠣᠳᠣ ᠣᠨᠴᠠᠯᠢᠭ ᠰᠢᠨᠵᠢ ᠶᠢ ᠣᠯᠭᠤᠭᠰᠠᠨ ᠪᠥᠭᠡᠳ ᠴᠠᠭ ᠣᠷᠣᠨ ᠵᠠᠢ ᠶᠢ ᠠᠯᠭᠠᠰᠠᠨ᠂ ᠤᠯᠤᠰ ᠤᠨ ᠬᠢᠯᠢ ᠬᠢᠵᠠᠭᠠᠷ ᠢ ᠳᠠᠪᠠᠵᠤ᠂ ᠬᠥᠮᠥᠨ ᠲᠥᠷᠥᠯᠬᠢᠲᠡᠨ ᠤ ᠨᠡᠶᠢᠭᠡᠮ ᠤᠨ ᠣᠳᠣᠬᠢᠴᠢᠯᠠᠯᠲᠠ ᠶᠢᠨ ᠠᠬᠢᠴᠠ ᠳᠤ ᠬᠠᠮᠲᠤ ᠪᠠᠷ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ ᠪᠣᠯᠤᠭᠰᠠᠨ ᠤ ᠬᠤᠪᠢ ᠳᠤ᠂ ᠪᠦᠭᠦ ᠪᠥᠮᠪᠥᠷᠴᠡᠭ ᠤᠨ ᠪᠤᠰᠤᠳ ᠪᠣᠯᠪᠠᠰᠤᠨ ᠲᠠᠢ ᠬᠠᠷᠢᠯᠴᠠᠨ ᠲᠣᠯᠢᠳᠠᠪᠠᠯ᠂ ᠯᠠᠪᠲᠠᠢ ᠳᠡᠯᠡᠬᠡᠢ ᠶᠢᠨ ᠪᠣᠯᠪᠠᠰᠤᠨ ᠤ ᠥᠨᠢᠷ ᠴᠡᠴᠡᠭ ᠤᠨ ᠬᠦᠷᠢᠶᠡᠯᠡᠩ ᠢ ᠲᠦᠢᠯ ᠢᠶᠠᠷ ᠪᠠᠶᠠᠯᠢᠭᠵᠢᠭᠤᠯᠬᠤ ᠶᠤᠮ ᠭᠡᠵᠦ ᠴᠢᠬᠤᠯᠠᠴᠢᠯᠠᠪᠠ᠃        ᠰᠢ ᠶᠢᠨ ᠫᠢᠩ᠂ ᠡᠯ᠎ᠡ ᠤᠯᠤᠰ ᠤᠨ ᠢᠷᠡᠭᠡᠳᠦᠢ ᠬᠤᠪᠢ ᠵᠠᠶᠠᠭ᠎ᠠ ᠨᠢᠭᠲᠠ ᠬᠤᠯᠪᠣᠯᠳᠤᠵᠤ ᠪᠠᠶᠢᠭ᠎ᠠ ᠥᠨᠥᠳᠥᠷ᠂ ᠠᠳᠠᠯᠢ ᠪᠤᠰᠤ ᠪᠣᠯᠪᠠᠰᠤᠨ ᠪᠠᠭᠲᠠᠭᠠᠮᠵᠢᠲᠠᠢ ᠪᠠᠷ ᠬᠠᠮᠲᠤ ᠣᠷᠣᠰᠢᠵᠤ᠂ ᠬᠠᠷᠢᠯᠴᠠᠨ ᠰᠣᠯᠢᠯᠴᠠᠵᠤ ᠬᠠᠷᠢᠯᠴᠠᠨ ᠲᠣᠯᠢᠳᠠᠵᠤ᠂ ᠬᠥᠮᠥᠨ ᠲᠥᠷᠥᠯᠬᠢᠲᠡᠨ ᠤ ᠨᠡᠶᠢᠭᠡᠮ ᠤᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ᠂ ᠳᠡᠯᠡᠬᠡᠢ ᠶᠢᠨ ᠪᠣᠯᠪᠠᠰᠤᠨ ᠤ ᠥᠨᠢᠷ ᠴᠡᠴᠡᠭ ᠤᠨ ᠬᠦᠷᠢᠶᠡᠯᠡᠩ ᠢ ᠴᠡᠴᠡᠭᠯᠡᠭᠦᠯᠦᠨ ᠬᠥᠭᠵᠢᠭᠦᠯᠬᠦ ᠳᠤ ᠣᠷᠣᠯᠠᠭᠤᠯᠵᠤ ᠪᠣᠯᠣᠰᠢ ᠦᠭᠡᠢ ᠦᠢᠯᠡᠳᠦᠯ ᠲᠠᠢ ᠶᠤᠮ ᠭᠡᠵᠦ ᠵᠢᠭᠠᠵᠤ ᠭᠠᠷᠭᠠᠪᠠ᠃ ᠡᠭᠦᠨ ᠤ ᠲᠤᠯᠠᠳᠠ᠂ ᠰᠢ ᠶᠢᠨ ᠫᠢᠩ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠤᠷᠠᠳᠪᠠ᠃        — ᠪᠢᠳᠡ ᠳᠡᠯᠡᠬᠡᠢ ᠶᠢᠨ ᠪᠣᠯᠪᠠᠰᠤᠨ ᠤ ᠤᠯᠠᠨ ᠶᠠᠩᠵᠤᠲᠤ ᠴᠢᠨᠠᠷ ᠢ ᠬᠦᠨᠳᠦᠳᠬᠡᠬᠦ ᠶᠢ ᠬᠠᠮᠲᠤ ᠪᠠᠷ ᠰᠠᠨᠠᠭᠠᠴᠢᠯᠠᠵᠤ᠂ ᠪᠣᠯᠪᠠᠰᠤᠨ ᠡᠷᠬᠡ ᠲᠡᠭᠰᠢ᠂ ᠬᠠᠷᠢᠯᠴᠠᠨ ᠲᠣᠯᠢᠳᠠᠬᠤ᠂ ᠶᠠᠷᠢᠯᠴᠠᠭ᠎ᠠ ᠬᠢᠬᠦ᠂ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠵᠤ᠂ ᠪᠣᠯᠪᠠᠰᠤᠨ ᠤ ᠰᠣᠯᠢᠯᠴᠠᠭ᠎ᠠ ᠪᠠᠷ ᠪᠣᠯᠪᠠᠰᠤᠨ ᠤ ᠵᠠᠪᠰᠠᠷᠳᠠᠯ ᠢ ᠳᠠᠪᠠᠵᠤ᠂ ᠪᠣᠯᠪᠠᠰᠤᠨ ᠢᠶᠠᠨ ᠬᠠᠷᠢᠯᠴᠠᠨ ᠲᠣᠯᠢᠯᠠᠬᠤ ᠪᠠᠷ ᠪᠣᠯᠪᠠᠰᠤᠨ ᠤ ᠮᠥᠷᠭᠦᠯᠳᠦᠭᠡᠨ ᠢ ᠳᠠᠪᠠᠵᠤ᠂ ᠪᠣᠯᠪᠠᠰᠤᠨ ᠤ ᠪᠠᠭᠲᠠᠭᠠᠮᠵᠢ ᠪᠠᠷ ᠪᠣᠯᠪᠠᠰᠤᠨ ᠤ ᠳᠠᠪᠠᠭᠤᠯᠢᠭ ᠢ ᠳᠠᠪᠠᠭ᠋ᠤ ᠬᠡᠷᠡᠭᠲᠡᠢ᠃        — ᠪᠢᠳᠡ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠬᠤ ᠶᠢ ᠬᠠᠮᠲᠤ ᠪᠠᠷ ᠰᠠᠨᠠᠭᠠᠴᠢᠯᠠᠵᠤ᠂ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠦᠭᠡ ᠪᠣᠯ ᠡᠯ᠎ᠡ ᠤᠯᠤᠰ ᠤᠨ ᠠᠷᠠᠳ ᠲᠦᠮᠡᠨ ᠤ ᠬᠠᠮᠲᠤ ᠶᠢᠨ ᠬᠥᠭᠡᠭᠡᠴᠡᠯᠳᠦᠯ ᠮᠥᠨ᠂ ᠠᠭᠤᠳᠠᠮᠴᠢ ᠬᠡᠬᠦᠳᠡᠭ ᠴᠡᠭᠡᠵᠢ ᠪᠠᠷ ᠠᠳᠠᠯᠢ ᠪᠤᠰᠤ ᠪᠣᠯᠪᠠᠰᠤᠨ ᠤ ᠦᠷᠳᠡᠭ ᠤᠨ ᠠᠭᠤᠯᠤᠭᠳᠠᠬᠤᠨ ᠤ ᠲᠤᠬᠠᠢ ᠲᠠᠨᠢᠯᠲᠠ ᠶᠢ ᠣᠶᠢᠯᠠᠭᠠᠵᠤ᠂ ᠥᠪᠡᠷ ᠤᠨ ᠦᠷᠳᠡᠭ ᠤᠨ ᠦᠵᠡᠯᠲᠡ ᠪᠠ ᠵᠠᠭᠪᠤᠷ ᠢᠶᠠᠨ ᠪᠤᠰᠤᠳ ᠲᠤ ᠠᠯᠪᠠ ᠪᠠᠷ ᠲᠤᠬᠤᠵᠤ ᠪᠤᠯᠬᠤ ᠦᠭᠡᠢ᠂ ᠦᠵᠡᠯ ᠤᠬᠠᠮᠰᠠᠷ ᠤᠨ ᠭᠡᠯᠪᠡᠷᠢ ᠶᠢᠨ ᠡᠰᠡᠷᠭᠦᠴᠡᠯᠳᠦᠯ ᠭᠠᠷᠭᠠᠵᠤ ᠪᠤᠯᠬᠤ ᠦᠭᠡᠢ᠃        — ᠪᠢᠳᠡ ᠪᠣᠯᠪᠠᠰᠤᠨ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠭᠦ ᠶᠢ ᠴᠢᠬᠤᠯᠠᠴᠢᠯᠠᠬᠤ ᠶᠢ ᠬᠠᠮᠲᠤ ᠪᠠᠷ ᠰᠠᠨᠠᠭᠠᠴᠢᠯᠠᠵᠤ᠂ ᠡᠯ᠎ᠡ ᠤᠯᠤᠰ ᠤᠨ ᠲᠡᠦᠬᠡ ᠰᠣᠶᠣᠯ ᠤᠨ ᠴᠠᠭ ᠦᠶ᠎ᠡ ᠶᠢᠨ ᠦᠨ᠎ᠡ ᠦᠷᠳᠡᠭ ᠢ ᠭᠦᠢᠴᠡᠳ ᠠᠭᠤᠳᠠᠯᠵᠤ᠂ ᠡᠯ᠎ᠡ ᠤᠯᠤᠰ ᠤᠨ ᠰᠢᠯᠢᠳᠡᠭ ᠤᠯᠠᠮᠵᠢᠯᠠᠯᠲᠤ ᠰᠣᠶᠣᠯ ᠤᠨ ᠣᠳᠣᠬᠢᠴᠢᠯᠠᠯᠲᠠ ᠶᠢᠨ ᠠᠬᠢᠴᠠ ᠳᠤ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠭᠦ ᠴᠢᠨᠠᠷᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃        — ᠪᠢᠳᠡ ᠤᠯᠠᠨ ᠤᠯᠤᠰ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ ᠶᠢ ᠬᠠᠮᠲᠤ ᠪᠠᠷ ᠰᠠᠨᠠᠭᠠᠴᠢᠯᠠᠵᠤ᠂ ᠪᠦᠭᠦ ᠪᠥᠮᠪᠥᠷᠴᠡᠭ ᠤᠨ ᠪᠣᠯᠪᠠᠰᠤᠨ ᠤ ᠶᠠᠷᠢᠯᠴᠠᠭ᠎ᠠ ᠬᠠᠮᠲᠤᠷᠠᠯᠴᠠᠭᠠᠨ ᠤ ᠲᠣᠣᠷ ᠢ ᠰᠦᠪᠡᠭᠴᠢᠯᠡᠨ ᠪᠠᠶᠢᠭᠤᠯᠵᠤ᠂ ᠰᠣᠯᠢᠯᠴᠠᠭᠠᠨ ᠤ ᠠᠭᠤᠯᠭ᠎ᠠ ᠶᠢ ᠪᠠᠶᠠᠯᠢᠭᠵᠢᠭᠤᠯᠵᠤ᠂ ᠬᠠᠮᠲᠤᠷᠠᠯᠴᠠᠭᠠᠨ ᠤ ᠠᠷᠭ᠎ᠠ ᠵᠠᠮ ᠢ ᠥᠷᠭᠡᠳᠬᠡᠵᠦ᠂ ᠡᠯ᠎ᠡ ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣ ᠪᠠᠶᠢᠬᠤ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠬᠥᠭᠵᠢᠯᠲᠡ ᠲᠠᠪᠰᠢᠯᠳᠠ ᠶᠢ ᠬᠠᠮᠲᠤ ᠪᠠᠷ ᠠᠬᠢᠭᠤᠯᠬᠤ ᠬᠡᠷᠡᠭᠲᠡᠢ᠃        ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠲᠦᠷᠦ ᠶᠢᠨ ᠨᠠᠮ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ ᠪᠠᠷ ᠴᠢᠷᠮᠠᠶᠢᠵᠤ᠂ ᠭᠠᠷ ᠬᠤᠯᠪᠣᠨ ᠳᠡᠯᠡᠬᠡᠢ ᠳ᠋ᠠᠬᠢᠨ ᠤ ᠰᠠᠷᠠᠭᠤᠯ ᠳᠠᠷᠳᠠᠩ ᠵᠠᠮ ᠢᠶᠠᠷ ᠬᠠᠮᠲᠤ ᠪᠠᠷ ᠵᠠᠮᠨᠠᠨ᠎ᠠ᠃ ᠳᠤᠷᠠᠲᠠᠶ᠎ᠠ ᠡᠯ᠎ᠡ ᠤᠯᠤᠰ ᠤᠨ ᠲᠦᠷᠦ ᠶᠢᠨ ᠨᠠᠮ ᠪᠣᠯᠣᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠲᠠᠢ ᠶᠠᠪᠤᠯᠴᠠᠭ᠎ᠠ ᠪᠠᠨ ᠭᠦᠨᠵᠡᠭᠡᠶᠢᠷᠡᠭᠦᠯᠵᠦ᠂ ᠣᠶᠢᠯᠠᠭᠠᠭᠳᠠᠬᠤᠨ ᠤ ᠲᠠᠭᠠᠷᠠᠯᠴᠠᠬᠤ ᠴᠡᠭ᠂ ᠠᠰᠢᠭ ᠲᠤᠰᠠ ᠶᠢᠨ ᠬᠤᠷᠠᠬᠤ ᠴᠡᠭ ᠢ ᠲᠠᠰᠤᠷᠠᠯᠳᠠ ᠦᠭᠡᠢ ᠥᠷᠭᠡᠳᠬᠡᠵᠦ᠂ ᠰᠢᠨ᠎ᠡ ᠭᠡᠯᠪᠡᠷᠢ ᠶᠢᠨ ᠲᠦᠷᠦ ᠶᠢᠨ ᠨᠠᠮ ᠤᠨ ᠬᠠᠷᠢᠯᠴᠠᠭ᠎ᠠ ᠶᠢ ᠪᠠᠶᠢᠭᠤᠯᠬᠤ ᠶᠠᠪᠤᠳᠠᠯ ᠢᠶᠠᠷ ᠰᠢᠨ᠎ᠡ ᠭᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠬᠤ ᠳᠤ ᠬᠦᠴᠦ ᠨᠡᠮᠡᠷᠢᠯᠡᠵᠦ᠂ ᠪᠦᠭᠦ ᠪᠥᠮᠪᠥᠷᠴᠡᠭ ᠤᠨ ᠲᠦᠷᠦ ᠶᠢᠨ ᠨᠠᠮ ᠤᠨ ᠬᠠᠨᠢᠲᠠᠨ ᠤ ᠬᠠᠷᠢᠯᠴᠠᠭ᠎ᠠ ᠶᠢ ᠪᠠᠬᠢᠵᠢᠭᠦᠯᠦᠨ ᠲᠡᠭᠦᠯᠳᠡᠷᠵᠢᠭᠦᠯᠬᠦ ᠶᠠᠪᠤᠳᠠᠯ ᠢᠶᠠᠷ ᠪᠦᠭᠦ ᠪᠥᠮᠪᠥᠷᠴᠡᠭ ᠤᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠬᠦ ᠳᠤ ᠬᠦᠴᠦ ᠨᠡᠮᠡᠷᠢᠯᠡᠨ᠎ᠡ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠦᠷᠭᠦᠯᠵᠢᠯᠡᠨ ᠡᠯ᠎ᠡ ᠤᠯᠤᠰ ᠤᠨ ᠲᠦᠷᠦ ᠶᠢᠨ ᠨᠠᠮ ᠪᠣᠯᠣᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠯᠤᠭ᠎ᠠ ᠬᠠᠮᠲᠤ ᠪᠠᠷ ᠨᠠᠮ ᠢ ᠵᠠᠰᠠᠭᠰᠠᠨ ᠲᠦᠷᠦ ᠶᠢ ᠵᠠᠰᠠᠭᠰᠠᠨ ᠲᠤᠷᠰᠢᠯᠭ᠎ᠠ ᠶᠢᠨ ᠰᠣᠯᠢᠯᠴᠠᠭ᠎ᠠ ᠥᠷᠨᠢᠭᠦᠯᠵᠦ᠂ ᠭᠠᠷ ᠬᠤᠯᠪᠣᠨ ᠣᠳᠣᠬᠢᠴᠢᠯᠠᠯᠲᠠ ᠶᠢᠨ ᠵᠠᠮ ᠢᠶᠠᠷ ᠬᠠᠮᠲᠤ ᠪᠠᠷ ᠵᠠᠮᠨᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠡᠭᠡ ᠵᠠᠮ ᠢᠶᠠᠷ ᠲᠣᠮᠣ ᠠᠯᠬᠤᠮ ᠢᠶᠠᠷ ᠤᠷᠤᠭᠰᠢᠯᠠᠨ᠎ᠠ ᠭᠡᠵᠦ ᠴᠢᠬᠤᠯᠠᠴᠢᠯᠠᠪᠠ᠃        ᠰᠢ ᠶᠢᠨ ᠫᠢᠩ ᠬᠠᠮᠤᠭ ᠰᠡᠭᠦᠯ ᠳᠤ᠂ ᠬᠥᠮᠥᠨ ᠲᠥᠷᠥᠯᠬᠢᠲᠡᠨ ᠤ ᠨᠡᠶᠢᠭᠡᠮ ᠤᠨ ᠣᠳᠣᠬᠢᠴᠢᠯᠠᠯᠲᠠ ᠶᠢᠨ ᠠᠶᠠᠨ ᠨᠤᠭᠤᠷᠠᠯ ᠪᠦᠳᠦᠷᠢᠯ ᠳᠤ ᠤᠴᠠᠷᠠᠬᠤ ᠨᠢ ᠵᠠᠶᠢᠯᠠᠰᠢ ᠦᠭᠡᠢ᠂ ᠭᠡᠪᠡᠴᠦ ᠢᠷᠡᠭᠡᠳᠦᠢ ᠪᠣᠯ ᠭᠡᠭᠡᠨ ᠰᠠᠷᠠᠭᠤᠯ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ ᠲᠤᠰ ᠲᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠦᠢᠯᠡᠰ ᠢ ᠳᠡᠯᠡᠬᠡᠢ ᠶᠢᠨ ᠬᠥᠭᠵᠢᠯ ᠴᠡᠴᠡᠭᠯᠡᠯ ᠲᠠᠪᠰᠢᠯᠳᠠ ᠶᠢ ᠠᠬᠢᠭᠤᠯᠬᠤ ᠴᠠᠭ ᠦᠶ᠎ᠡ ᠶᠢᠨ ᠶᠡᠭᠡ ᠤᠷᠤᠰᠬᠠᠯ ᠪᠣᠯᠭᠠᠨ ᠨᠢᠭᠲᠠᠷᠠᠭᠤᠯᠵᠤ᠂ ᠲᠡᠦᠬᠡ ᠶᠢᠨ ᠤᠷᠳᠤ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ᠥᠨᠢᠳᠡ ᠦᠷᠭᠦᠯᠵᠢᠯᠡᠨ ᠬᠥᠭᠵᠢᠭᠦᠯᠦᠨ᠎ᠡ︕ ᠭᠡᠵᠦ ᠵᠢᠭᠠᠵᠤ ᠭᠠᠷᠭᠠᠪᠠ᠃        ᠡᠮᠦᠨᠡᠲᠦ ᠠᠹᠷᠢᠺᠠ ᠶᠢᠨ ᠠᠹᠷᠢᠺᠠᠴᠤᠳ ᠤᠨ ᠢᠷᠭᠡᠨ ᠤ ᠶᠡᠭᠡ ᠬᠤᠷᠠᠯ ᠤᠨ ᠲᠡᠷᠢᠭᠦᠯᠡᠭᠴᠢ᠂ ᠶᠡᠷᠦᠩᠬᠡᠶᠢᠯᠡᠭᠴᠢ ᠯᠠᠮᠠᠹᠦ᠋ᠰᠠ᠂ ᠡᠮᠦᠨᠡᠲᠦ ᠰᠦᠳᠠᠨ ᠤ ᠰᠦᠳᠠᠨ ᠤ ᠠᠷᠠᠳ ᠤᠨ ᠴᠢᠯᠦᠭᠡᠯᠡᠯᠲᠡ ᠶᠢᠨ ᠬᠥᠳᠡᠯᠭᠡᠭᠡᠨ ᠤ ᠲᠡᠷᠢᠭᠦᠯᠡᠭᠴᠢ᠂ ᠶᠡᠷᠦᠩᠬᠡᠶᠢᠯᠡᠭᠴᠢ ᠺᠢᠷ᠂ ᠨᠢᠺᠠᠷᠠᠭᠤᠸᠠ ᠰᠠᠩᠳᠢᠨᠤ᠋ ᠶᠢᠨ ᠦᠨᠳᠦᠰᠦᠲᠡᠨ ᠤ ᠴᠢᠯᠦᠭᠡᠯᠡᠯᠲᠡ ᠶᠢᠨ ᠹᠷᠣᠨᠲ ᠤᠨ ᠶᠡᠷᠦᠩᠬᠡᠢ ᠱᠦᠵᠢ᠂ ᠶᠡᠷᠦᠩᠬᠡᠶᠢᠯᠡᠭᠴᠢ ᠤᠷᠲ᠋ᠤᠭ᠎ᠠ᠂ ᠸᠧᠨᠧᠽᠦᠧᠯᠠ ᠶᠢᠨ ᠨᠢᠭᠡᠳᠦᠭᠰᠡᠨ ᠨᠡᠶᠢᠭᠡᠮ ᠵᠢᠷᠤᠮᠲᠤ ᠨᠠᠮ ᠤᠨ ᠲᠡᠷᠢᠭᠦᠯᠡᠭᠴᠢ᠂ ᠶᠡᠷᠦᠩᠬᠡᠶᠢᠯᠡᠭᠴᠢ ᠮᠠᠳᠦ᠋ᠯᠦ᠋ᠸᠧ᠂ ᠰᠧᠷᠪᠢᠶ᠎ᠠ ᠶᠢᠨ ᠤᠷᠤᠭᠰᠢᠯᠠᠯᠲᠠ ᠨᠠᠮ ᠤᠨ ᠲᠡᠷᠢᠭᠦᠯᠡᠭᠴᠢ᠂ ᠶᠡᠷᠦᠩᠬᠡᠶᠢᠯᠡᠭᠴᠢ ᠥᠴᠢᠴᠢ᠂ ᠮᠣᠩᠭᠤᠯ ᠠᠷᠠᠳ ᠤᠨ ᠨᠠᠮ ᠤᠨ ᠲᠡᠷᠢᠭᠦᠯᠡᠭᠴᠢ᠂ ᠵᠠᠰᠠᠭ ᠤᠨ ᠣᠷᠳᠣᠨ ᠤ ᠶᠡᠷᠦᠩᠬᠡᠢ ᠰᠠᠶᠢᠳ ᠣᠶᠤᠨ᠋ᠡᠷᠳᠡᠨᠢ᠂ ᠵᠡᠭᠦᠨ ᠲᠢᠮᠦᠷ ᠤᠨ ᠠᠷᠠᠳ ᠤᠨ ᠴᠢᠯᠦᠭᠡᠯᠡᠬᠦ ᠨᠠᠮ ᠤᠨ ᠲᠡᠷᠢᠭᠦᠯᠡᠭᠴᠢ ᠂ ᠵᠠᠰᠠᠭ ᠤᠨ ᠣᠷᠳᠣᠨ ᠤ ᠶᠡᠷᠦᠩᠬᠡᠢ ᠰᠠᠶᠢᠳ ᠷᠦᠸᠠᠺ᠂ ᠫᠠᠫᠦ᠋ᠶᠠ ᠰᠢᠨ᠎ᠡ ᠭᠢᠨᠧᠶᠠ ᠶᠢᠨ ᠫᠠᠨᠭᠦ᠋ ᠨᠠᠮ ᠤᠨ ᠤᠳᠤᠷᠢᠳᠤᠭᠴᠢ᠂ ᠵᠠᠰᠠᠭ ᠤᠨ ᠣᠷᠳᠣᠨ ᠤ ᠶᠡᠷᠦᠩᠬᠡᠢ ᠰᠠᠶᠢᠳ ᠮᠠᠯᠠᠫᠸᠢ᠂ ᠭᠷᠧᠨᠠᠳᠠ ᠶᠢᠨ ᠦᠨᠳᠦᠰᠦᠲᠡᠨ ᠤ ᠠᠷᠠᠳᠴᠢᠯᠠᠭᠰᠠᠨ ᠶᠡᠭᠡ ᠬᠤᠷᠠᠯ ᠤᠨ ᠨᠠᠮ ᠤᠨ ᠤᠳᠤᠷᠢᠳᠤᠭᠴᠢ᠂ ᠵᠠᠰᠠᠭ ᠤᠨ ᠣᠷᠳᠣᠨ ᠤ ᠶᠡᠷᠦᠩᠬᠡᠢ ᠰᠠᠶᠢᠳ ᠮᠢᠴᠢᠶᠧᠷ᠂ ᠣᠷᠣᠰ ᠤᠨ ᠨᠢᠭᠡᠳᠦᠭᠰᠡᠨ ᠣᠷᠣᠰ ᠨᠠᠮ ᠤᠨ ᠳᠡᠭᠡᠳᠦ ᠵᠥᠪᠯᠡᠯ ᠤᠨ ᠲᠡᠷᠢᠭᠦᠯᠡᠭᠴᠢ ᠭᠧᠯᠦ᠋ᠢᠽᠯᠦ᠋ᠸᠧᠹ᠂ ᠺᠠᠽᠠᠬᠰᠲ᠋ᠠᠨ ᠤ ︽ᠠᠮᠠᠨᠠᠲ︾ ᠨᠠᠮ ᠤᠨ ᠲᠡᠷᠢᠭᠦᠯᠡᠭᠴᠢ ᠺᠤᠱᠠᠨᠤᠹ᠂ ᠲᠤᠭᠤ᠋ ᠶᠢᠨ ᠪᠦᠭᠦᠳᠠ ᠨᠠᠶᠢᠷᠠᠮᠳᠠᠬᠤ ᠶᠢ ᠬᠠᠮᠠᠭᠠᠯᠠᠬᠤ ᠬᠤᠯᠪᠤᠭ᠎ᠠ ᠶᠢᠨ ᠶᠡᠷᠦᠩᠬᠡᠢ ᠡᠳ᠋ ᠤᠨ ᠵᠠᠰᠠᠭ ᠤᠨ ᠳᠠᠷᠤᠭ᠎ᠠ᠂ ᠢᠷᠭᠡᠨ ᠤ ᠵᠥᠪᠯᠡᠯᠭᠡᠨ ᠤ ᠬᠤᠷᠠᠯ ᠤᠨ ᠳᠠᠷᠤᠭ᠎ᠠ ᠼᠠᠶᠢᠭᠠᠩ ᠨᠠᠷ ᠶᠠᠷᠢᠯᠴᠠᠬᠤ ᠬᠤᠷᠠᠯ ᠳᠡᠭᠡᠷ᠎ᠡ ᠪᠠᠶᠠᠷ ᠤᠨ ᠦᠭᠡ ᠬᠡᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠪᠠᠷ ᠳᠠᠬᠢᠨᠲᠠ ᠰᠣᠩᠭᠤᠭᠳᠠᠭᠰᠠᠨ ᠳᠤ ᠬᠠᠯᠠᠭᠤᠨ ᠪᠠᠶᠠᠷ ᠬᠦᠷᠭᠡᠵᠦ᠂ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ᠂ ᠲᠡᠦᠬᠡᠲᠦ ᠴᠢᠨᠠᠷᠲᠠᠢ ᠬᠤᠪᠢᠰᠤᠯᠲᠠ ᠶᠢ ᠬᠠᠯᠠᠭᠤᠨ ᠢᠶᠠᠷ ᠮᠠᠭᠲᠠᠨ ᠰᠠᠶᠢᠰᠢᠶᠠᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠵᠤᠷᠢᠯᠳᠠᠳᠦ ᠶᠠᠷᠢᠶᠠᠨ ᠳᠠᠭᠠᠨ ᠳᠤᠷᠠᠳᠤᠭᠰᠠᠨ ᠲᠥᠷᠥ ᠶᠢᠨ ᠪᠣᠳᠣᠯᠭ᠎ᠠ ᠶᠢᠨ ᠵᠣᠷᠢᠯᠲᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠳᠤᠷᠠᠲᠠᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠯᠤᠭ᠎ᠠ ᠬᠠᠮᠲᠤ ᠪᠠᠷ᠂ ᠣᠳᠣᠬᠢᠴᠢᠯᠠᠯᠲᠠ ᠶᠢᠨ ᠠᠬᠢᠴᠠ ᠳᠤᠮᠳᠠ ᠬᠥᠲᠥᠯᠥᠨ ᠳᠠᠭᠠᠭᠤᠯᠬᠤ ᠪᠠ ᠠᠬᠢᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠤᠨ᠎ᠠ ᠭᠡᠵᠦ ᠢᠯᠡᠳᠬᠡᠵᠡᠭᠡᠪᠡ᠃        ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ ᠶᠠᠷᠢᠯᠴᠠᠬᠤ ᠬᠤᠷᠠᠯ ᠳᠤ ᠣᠷᠣᠯᠴᠠᠬᠰᠠᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃ ᠲᠡᠷᠡ ᠶᠡᠷᠦᠩᠬᠡᠢ ᠱᠦᠵᠢ ᠰᠢ ᠶᠢᠨ ᠫᠢᠩ ᠭᠤᠣᠯ ᠵᠤᠷᠢᠯᠳᠠᠳᠦ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠲᠤᠬᠠᠢ ᠲᠠᠨᠢᠯᠲᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠤᠷᠠᠳᠴᠤ᠂ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠡᠯ᠎ᠡ ᠤᠯᠤᠰ ᠤᠨ ᠲᠦᠷᠦ ᠶᠢᠨ ᠨᠠᠮ ᠲᠠᠢ ᠬᠠᠮᠲᠤ ᠪᠠᠷ᠂ ᠲᠤᠰ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠦᠢᠯᠡᠰ ᠢ ᠠᠬᠢᠭᠤᠯᠵᠤ᠂ ᠪᠦᠭᠦ ᠪᠥᠮᠪᠥᠷᠴᠡᠭ ᠤᠨ ᠪᠣᠯᠪᠠᠰᠤᠨ ᠤ ᠰᠣᠯᠢᠯᠴᠠᠭ᠎ᠠ ᠲᠣᠯᠢᠳᠠᠯ ᠢ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠴᠢᠩ ᠦᠨᠡᠨᠴᠢ ᠬᠦᠰᠡᠯ ᠡᠷᠡᠮᠡᠯᠵᠡᠯ ᠢ ᠢᠯᠡᠳᠬᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠮᠥᠨ ᠲᠥᠷᠥᠯᠬᠢᠲᠡᠨ ᠤ ᠬᠠᠮᠲᠤ ᠶᠢᠨ ᠥᠷᠢᠰᠦᠯᠳᠦᠭᠡᠨ ᠳᠤ ᠰᠢᠭᠤᠳ ᠬᠠᠨᠳᠤᠬᠤ ᠤᠯᠤᠰ ᠲᠦᠷᠦ ᠶᠢᠨ ᠰᠥᠰᠥ ᠵᠣᠷᠢᠭ ᠪᠣᠯᠣᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠳᠡᠯᠡᠬᠡᠢ ᠶᠢᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠶᠢ ᠠᠬᠢᠭᠤᠯᠬᠤ ᠳᠤ ᠳᠤᠮᠳᠠᠳᠤ ᠤᠯᠤᠰ ᠤᠨ ᠲᠥᠰᠥᠯ ᠢ ᠬᠠᠩᠭᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠡᠯ᠎ᠡ ᠤᠯᠤᠰ ᠤᠨ ᠲᠦᠷᠦ ᠶᠢᠨ ᠨᠠᠮ ᠪᠣᠯᠣᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠲᠠᠢ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ᠂ ᠪᠣᠯᠪᠠᠰᠤᠨ ᠤ ᠲᠠᠪᠰᠢᠯᠳᠠ ᠶᠢ ᠠᠬᠢᠭᠤᠯᠬᠤ ᠲᠦᠷᠦ ᠶᠢᠨ ᠨᠠᠮ ᠤᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠠᠶᠠᠨ ᠳᠤ ᠭᠠᠷ ᠬᠤᠯᠪᠣᠨ ᠬᠠᠮᠲᠤ ᠪᠠᠷ ᠤᠷᠤᠭᠰᠢᠯᠠᠨ᠎ᠠ ᠭᠡᠵᠦ ᠵᠢᠭᠠᠵᠤ ᠭᠠᠷᠭᠠᠪᠠ᠃        ᠸᠠᠩ ᠢ᠂ ᠶᠢᠨ ᠯᠢ᠂ ᠯᠢ ᠱᠣ᠋ ᠯᠧᠢ᠂ ᠴᠢᠨ ᠭᠠᠩ ᠨᠠᠷ ᠶᠠᠷᠢᠯᠴᠠᠬᠤ ᠬᠤᠷᠠᠯ ᠳᠤ ᠣᠷᠣᠯᠴᠠᠪᠠ᠃        ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠡᠯᠡᠬᠡᠢ ᠶᠢᠨ ᠲᠦᠷᠦ ᠶᠢᠨ ᠨᠠᠮ ᠯᠤᠭ᠎ᠠ ᠶᠢᠨ ᠳᠡᠭᠡᠳᠦ ᠲᠡᠰ ᠤᠨ ᠶᠠᠷᠢᠯᠴᠠᠭ᠎ᠠ ᠶᠢᠨ ᠬᠤᠷᠠᠯ ᠨᠢ ︽ᠣᠳᠣᠬᠢᠴᠢᠯᠠᠯᠲᠠ ᠶᠢᠨ ᠵᠠᠮ᠄ ᠲᠦᠷᠦ ᠶᠢᠨ ᠨᠠᠮ ᠤᠨ ᠬᠠᠷᠢᠭᠤᠴᠠᠯᠭ᠎ᠠ︾ ᠪᠠᠷ ᠭᠤᠣᠯ ᠰᠡᠳᠦᠪ ᠪᠤᠯᠭᠠᠵᠤ᠂ 150 ᠭᠠᠷᠤᠢ ᠤᠯᠤᠰ ᠤᠨ 500 ᠭᠠᠷᠤᠢ ᠲᠦᠷᠦ ᠶᠢᠨ ᠨᠠᠮ ᠪᠣᠯᠣᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠬᠤᠷᠠᠯ ᠳᠤ ᠣᠷᠣᠯᠴᠠᠵᠠᠢ᠃        ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 15 ᠤ ᠴᠠᠭᠢᠯᠭᠠᠨ ᠮᠡᠳᠡᠭᠡ︶
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号