ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 14 ᠤ ᠡᠳᠦᠷ ᠤᠨ ᠮᠡᠳᠡᠭᠡ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 3 ᠳ᠋ᠤᠭᠠᠷ ᠰᠠᠷ᠎ᠠ ᠶᠢᠨ 14 ᠤ ᠡᠳᠦᠷ ᠰᠢᠨ᠎ᠡ ᠨᠢᠭᠡ | ᠬᠤᠭᠤᠴᠠᠭᠠᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ | ᠡᠷᠭᠢᠯᠡᠨ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢᠨ | ᠬᠤᠯᠪᠣᠭᠳᠠᠯ ᠪᠦᠬᠦᠢ ᠠᠵᠢᠯ ᠢ ᠰᠤᠳᠤᠯᠵᠤ᠂ ︽ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠤᠨ ᠳᠦᠷᠢᠮ | ︵ᠵᠠᠰᠠᠪᠤᠷᠢ ᠣᠷᠣᠭᠤᠯᠤᠭᠰᠠᠨ ᠨᠣᠣᠷᠠᠭ︶︾ ᠢ ᠶᠠᠷᠢᠯᠴᠠᠨ᠂ ᠰᠢᠨ᠎ᠡ ᠨᠢᠭᠡ ᠬᠤᠭᠤᠴᠠᠭᠠᠨ ᠤ ᠲᠦᠷᠦ ᠶᠢᠨ ᠶᠠᠪᠤᠳᠠᠯ ᠤᠨ | ᠬᠤᠷᠢᠶ᠎ᠠ ᠡᠭᠦᠷᠭᠡ ᠲᠤᠰᠢᠶᠠᠯ ᠢᠶᠠᠨ ᠪᠦᠬᠦ ᠲᠠᠯ᠎ᠠ ᠪᠠᠷ ᠬᠡᠷᠡᠭᠵᠢᠭᠦᠯᠵᠦ ᠡᠬᠢᠯᠡᠪᠡ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠬᠤᠶᠠᠷ | ᠬᠤᠷᠠᠯ ᠤᠨ ᠬᠤᠭᠤᠴᠠᠭᠠᠨ ᠳᠤ ᠠᠯᠢ ᠤᠯᠠᠨ ᠴᠢᠬᠤᠯᠠ ᠶᠠᠷᠢᠶ᠎ᠠ ᠲᠠᠯᠪᠢᠭᠰᠠᠨ ᠨᠢ ᠮᠠᠰᠢ ᠴᠢᠩᠭ᠎ᠠ ᠤᠯᠤᠰ ᠲᠥᠷᠥᠴᠢ | ᠴᠢᠨᠠᠷ᠂ ᠦᠵᠡᠯ ᠰᠠᠨᠠᠭᠠᠨ ᠤ ᠴᠢᠨᠠᠷ᠂ ᠵᠢᠯᠤᠭᠤᠳᠬᠤ ᠴᠢᠨᠠᠷ᠂ ᠬᠠᠨᠳᠤᠯᠭᠠᠲᠤ ᠴᠢᠨᠠᠷ ᠲᠠᠢ ᠶᠤᠮ᠃ ᠰᠢᠨ᠎ᠡ ᠨᠢᠭᠡ | ᠬᠤᠭᠤᠴᠠᠭᠠᠨ ᠤ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠪᠣᠯᠣᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠠᠳᠬᠤᠬᠤ ᠬᠡᠷᠡᠭᠲᠡᠢ | ᠭᠡᠵᠡᠢ᠃ ᠬᠤᠷᠠᠯ ᠠᠴᠠ ᠴᠢᠬᠤᠯᠠᠴᠢᠯᠠᠭᠰᠠᠨ ᠨᠢ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯ ᠡᠩ ᠲᠡᠷᠢᠭᠦᠨ ᠳᠤ | ᠤᠯᠤᠰ ᠲᠦᠷᠦ ᠶᠢᠨ ᠪᠠᠶᠢᠭᠤᠯᠭ᠎ᠠ ᠪᠣᠯᠣᠨ᠎ᠠ᠂ ᠡᠷᠬᠡᠪᠰᠢ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ | ᠡᠷᠬᠢᠮᠯᠡᠵᠦ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠢᠰᠲ᠋ᠧᠮ ᠲᠠᠢ ᠰᠤᠷᠤᠯᠴᠠᠨ ᠡᠵᠡᠮᠰᠢᠵᠦ᠂ | ᠪᠠᠶᠢᠴᠠᠭᠠᠨ ᠰᠤᠳᠤᠯᠤᠯᠲᠠ ᠬᠢᠬᠦ ᠣᠪᠣᠷ ᠰᠤᠷᠲᠠᠯ ᠢ ᠪᠠᠳᠠᠷᠠᠭᠤᠯᠵᠤ᠂ ᠴᠢᠬᠤᠯᠠ ᠶᠡᠭᠡ ᠠᠰᠠᠭᠤᠳᠠᠯ ᠢ ᠭᠦᠨᠵᠡᠭᠡᠢ | ᠰᠤᠳᠤᠯᠤᠨ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠳᠤᠷᠠᠳᠴᠤ᠂ ᠴᠢᠬᠤᠯᠠ ᠶᠡᠭᠡ ᠠᠵᠢᠯ ᠢ ᠠᠬᠢᠭᠤᠯᠤᠨ᠂ | ᠪᠦᠲᠦᠭᠡᠯᠴᠢ ᠪᠠᠷ ᠡᠯ᠎ᠡ ᠵᠦᠢᠯ ᠤᠨ ᠡᠭᠦᠷᠭᠡ ᠶᠢ ᠪᠣᠳᠠᠲᠠᠢ ᠮᠥᠷᠲᠡᠭᠡᠨ ᠰᠠᠶᠢᠲᠤᠷ ᠠᠳᠬᠤᠬᠤ ᠬᠡᠷᠡᠭᠲᠡᠢ᠃ ᠪᠥᠬᠦ | ᠲᠠᠯ᠎ᠠ ᠶᠢᠨ ᠤᠬᠠᠮᠰᠠᠷ ᠢᠶᠠᠨ ᠴᠢᠩᠭᠠᠳᠬᠠᠨ᠂ ᠪᠦᠯᠬᠦᠮᠳᠡᠯᠲᠡᠢ ᠪᠠᠷ ᠬᠠᠮᠲᠤᠷᠠᠨ ᠠᠵᠢᠯᠯᠠᠵᠤ᠂ ᠬᠦᠴᠦ ᠨᠢᠭᠡᠳᠦᠨ | ᠦᠢᠯᠡᠰ ᠴᠣᠭᠴᠠᠯᠠᠵᠤ᠂ ᠬᠠᠷᠢᠯᠴᠠᠨ ᠳᠡᠮᠵᠢᠯᠴᠠᠨ᠂ ᠬᠠᠷᠢᠯᠴᠠᠨ ᠬᠠᠮᠵᠢᠯᠴᠠᠵᠤ᠂ ᠵᠣᠬᠢᠴᠠᠩᠭᠤᠢ ᠪᠥᠭᠡᠳ ᠥᠨᠳᠥᠷ | ᠪᠦᠲᠦᠮᠵᠢᠲᠡᠢ ᠪᠠᠷ ᠠᠵᠢᠯ ᠢᠶᠠᠨ ᠥᠷᠨᠢᠭᠦᠯᠬᠦ ᠬᠡᠷᠡᠭᠲᠡᠢ ᠭᠡᠰᠡᠨ ᠪᠠᠶᠢᠨ᠎ᠠ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠠᠴᠠ | ᠬᠢᠨᠠᠨ ᠪᠠᠲᠤᠯᠠᠭᠰᠠᠨ ︽ᠨᠠᠮ ᠪᠠ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ | ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯᠳᠤᠭᠠᠨ ᠠᠴᠠ ᠬᠢᠨᠠᠨ ᠵᠥᠪᠰᠢᠶᠡᠷᠡᠭᠰᠡᠨ ᠲᠦᠷᠦ ᠶᠢᠨ ᠶᠠᠪᠤᠳᠠᠯ ᠤᠨ ᠬᠤᠷᠢᠶᠠᠨ ᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠢ ᠦᠨᠳᠦᠰᠦᠯᠡᠨ᠂ ᠬᠤᠷᠠᠯ ᠠᠴᠠ ᠲᠦᠷᠦ ᠶᠢᠨ ᠶᠠᠪᠤᠳᠠᠯ ᠤᠨ | ᠬᠤᠷᠢᠶᠠᠨ ᠤ ᠰᠢᠭᠤᠳ ᠬᠠᠷᠢᠶ᠎ᠠ ᠣᠨᠴᠠ ᠲᠣᠬᠢᠷᠠᠭᠤᠯᠤᠭᠰᠠᠨ ᠪᠠᠶᠢᠭᠤᠯᠤᠮᠵᠢ᠂ ᠰᠢᠭᠤᠳ ᠬᠠᠷᠢᠶ᠎ᠠ ᠪᠠᠶᠢᠭᠤᠯᠤᠮᠵᠢ᠂ | ᠬᠡᠷᠡᠭ ᠡᠷᠬᠢᠯᠡᠬᠦ ᠪᠠᠶᠢᠭᠤᠯᠤᠮᠵᠢ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ᠂ ᠶᠠᠮᠤᠨ ᠬᠤᠷᠢᠶ᠎ᠠ ᠶᠢᠨ | ᠬᠠᠮᠢᠶᠠᠷᠴᠤ ᠪᠠᠶᠢᠭ᠎ᠠ ᠤᠯᠤᠰ ᠤᠨ ᠲᠣᠪᠴᠢᠶ᠎ᠠ ᠶᠢᠨ ᠪᠠᠶᠢᠷᠢᠯᠠᠭᠤᠯᠤᠯᠲᠠ ᠶᠢ ᠬᠢᠨᠠᠨ ᠪᠠᠲᠤᠯᠠᠪᠠ᠃ ᠬᠤᠷᠠᠯ ᠠᠴᠠ | ᠪᠠᠶᠢᠭᠤᠯᠤᠮᠵᠢ ᠶᠢᠨ ᠥᠭᠡᠷᠡᠴᠢᠯᠡᠯᠲᠡ ᠪᠣᠯ ᠣᠳᠣᠬᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠣᠨ᠎ᠠ᠃ | ᠪᠢᠳᠡ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠦᠨᠡᠨ ᠬᠦ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠤᠯᠤᠰ ᠲᠦᠷᠦ ᠶᠢ ᠡᠷᠬᠢᠮᠯᠡᠨ᠂ ᠪᠥᠬᠦ ᠲᠠᠯ᠎ᠠ ᠶᠢ | ᠬᠠᠷᠠᠭᠠᠯᠵᠠᠵᠤ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠤ᠂ ᠪᠠᠶᠢᠭᠤᠯᠤᠮᠵᠢ᠂ ᠡᠭᠦᠷᠭᠡ | ᠬᠠᠷᠢᠭᠤᠴᠠᠯᠭ᠎ᠠ᠂ ᠡᠩᠨᠡᠭᠡ ᠵᠡᠷᠭᠡ ᠶᠢ ᠴᠠᠭ ᠲᠤᠬᠠᠢ ᠳᠤ ᠨᠢ ᠵᠦᠢ ᠵᠣᠬᠢᠰᠲᠠᠢ ᠲᠣᠬᠢᠷᠠᠭᠤᠯᠬᠤ ᠶᠢ ᠪᠠᠲᠤᠯᠠᠵᠤ᠂ | ᠥᠭᠡᠷᠡᠴᠢᠯᠡᠯᠲᠡ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠢ ᠬᠡᠪ ᠤᠨ ᠶᠣᠰᠣᠭᠠᠷ ᠥᠷᠨᠢᠭᠦᠯᠵᠦ᠂ ᠡᠮᠬᠢ | ᠵᠢᠷᠤᠮ ᠲᠠᠢ ᠵᠣᠯᠭᠠᠭᠤᠯᠬᠤ ᠶᠢ ᠪᠠᠲᠤᠯᠠᠬᠤ ᠬᠡᠷᠡᠭᠲᠡᠢ᠃ ᠡᠨᠡ ᠤᠳᠠᠭ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ | ᠠᠵᠠ ᠲᠣᠬᠢᠶᠠᠯ ᠪᠣᠯᠭᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠤᠯᠠᠮ | ᠨᠢᠭᠡ ᠠᠯᠬᠤᠮ ᠬᠤᠪᠢᠷᠠᠭᠤᠯᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠠᠵᠢᠯ ᠤᠨ ᠴᠢᠳᠠᠪᠤᠷᠢ ᠪᠠᠨ | ᠳᠡᠭᠡᠭᠰᠢᠯᠡᠭᠦᠯᠵᠦ᠂ ᠠᠵᠢᠯ ᠤᠨ ᠣᠪᠣᠷ ᠰᠤᠷᠲᠠᠯ ᠢᠶᠠᠨ ᠰᠠᠶᠢᠵᠢᠷᠠᠭᠤᠯᠤᠨ᠂ ᠦᠷ᠎ᠡ ᠪᠦᠲᠦᠮᠵᠢᠲᠠᠢ ᠵᠠᠬ᠎ᠠ ᠳᠡᠯᠭᠡᠭᠦᠷ | ᠪᠣᠯᠣᠨ ᠠᠵᠢᠯ ᠦᠢᠯᠡᠰᠴᠢ ᠵᠠᠰᠠᠭ ᠤᠨ ᠣᠷᠳᠣᠨ ᠢ ᠨᠡᠩ ᠰᠠᠶᠢᠨ ᠤᠶᠠᠯᠳᠤᠭᠤᠯᠬᠤ ᠶᠢ ᠠᠬᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠦᠷᠦ ᠶᠢᠨ ᠶᠠᠪᠤᠳᠠᠯ ᠤᠨ ᠬᠤᠷᠢᠶᠠᠨ ᠤ | ᠠᠵᠢᠯ ᠤᠨ ᠳᠦᠷᠢᠮ︾ ᠢ ᠶᠠᠷᠢᠯᠴᠠᠵᠤ᠂ ᠵᠠᠰᠠᠪᠤᠷᠢ ᠣᠷᠣᠭᠤᠯᠤᠭᠰᠠᠨ ᠨᠣᠣᠷᠠᠭ ᠢ ᠲᠦᠷᠦ ᠶᠢᠨ ᠶᠠᠪᠤᠳᠠᠯ ᠤᠨ | ᠬᠤᠷᠢᠶᠠᠨ ᠤ ᠠᠩᠬᠠᠳᠤᠭᠠᠷ ᠪᠦᠬᠦᠳᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃ | ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠠᠵᠢᠯ ᠢ ᠰᠠᠶᠢᠲᠤᠷ ᠬᠢᠬᠦ ᠳᠤ᠂ ᠡᠷᠬᠡᠪᠰᠢ ᠨᠠᠮ ᠤᠨ ᠲᠥᠪ | ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠬᠤ ᠪᠠᠷ ᠬᠠᠮᠤᠭ ᠤᠨ | ᠦᠨᠳᠦᠰᠦᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠪᠣᠯᠭᠠᠵᠤ᠂ ᠨᠠᠮ ᠤᠨ | ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ | ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠤᠬᠠᠮᠰᠠᠷ ᠠᠴᠠ ᠪᠠᠨ ᠨᠠᠮ ᠤᠨ ᠲᠥᠪ ᠬᠤᠷᠢᠶᠠᠨ ᠤ ᠴᠢᠬᠤᠯᠠ | ᠶᠡᠭᠡ ᠱᠠᠭᠠᠷᠳᠠᠯᠭ᠎ᠠ ᠲᠠᠢ ᠬᠠᠷᠭᠤᠭᠤᠯᠤᠨ ᠪᠠᠶᠢᠴᠠᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠰᠢᠨᠵᠢᠯᠡᠬᠦ | ᠤᠬᠠᠭᠠᠨᠴᠢ ᠪᠥᠭᠡᠳ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠵᠠᠰᠠᠭ ᠤᠨ ᠣᠷᠳᠣᠨ ᠤ ᠠᠵᠢᠯ ᠤᠨ ᠳᠦᠷᠢᠮᠵᠢᠯ ᠲᠠᠢ ᠡᠮᠬᠢ | ᠵᠢᠷᠤᠮ ᠲᠠᠢ ᠥᠨᠳᠥᠷ ᠪᠦᠲᠦᠮᠵᠢᠲᠡᠶ ᠠᠵᠢᠯᠯᠠᠭᠠᠨ ᠢ ᠲᠦᠯᠬᠢᠨ ᠠᠬᠢᠭᠤᠯᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠥᠪ ᠤᠨ ᠨᠠᠢᠮᠠᠨ ᠲᠣᠭᠲᠠᠭᠠᠯ ᠵᠢᠴᠢ | ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠡᠯ᠎ᠡ | ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠢᠭᠤᠨ ᠴᠢᠬᠡᠴᠢ ᠵᠠᠰᠠᠭ ᠤᠨ ᠣᠷᠳᠣᠨ ᠤ | ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |