ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ ᠠᠴᠠ ᠰᠢᠨ᠎ᠡ ᠨᠢᠭᠡ ᠬᠤᠭᠤᠴᠠᠭᠠᠨ ᠤ ᠲᠥᠷᠥ ᠶᠢᠨ ᠤᠳᠤᠷᠢᠳᠬᠤ ᠬᠥᠮᠥᠰ ᠢ | ᠰᠣᠩᠭᠤᠨ ᠭᠠᠷᠭᠠᠪᠠ | ᠰᠢ ᠶᠢᠨ ᠫᠢᠩ ᠪᠦᠷᠢᠨ ᠪᠢᠯᠧᠲ ᠢᠶᠠᠷ ᠤᠯᠤᠰ ᠤᠨ ᠲᠡᠷᠢᠭᠦᠯᠡᠭᠴᠢ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠪᠠᠷ ᠰᠣᠩᠭᠤᠭᠳᠠᠪᠠ | ᠵᠣᠣ ᠯᠧ ᠵᠢᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠬᠤᠷᠢᠶᠠᠨ ᠳᠠᠷᠤᠭ᠎ᠠ ᠪᠠᠷ ᠰᠣᠩᠭᠤᠭᠳᠠᠪᠠ | ᠬᠠᠨ ᠵᠧᠩ ᠤᠯᠤᠰ ᠤᠨ ᠳᠡᠳ᠋ ᠲᠡᠷᠢᠭᠦᠯᠡᠭᠴᠢ ᠪᠠᠷ ᠰᠣᠩᠭᠤᠭᠳᠠᠪᠠ | ᠰᠢᠨ᠎ᠡ ᠪᠠᠷ ᠰᠣᠩᠭᠤᠭᠳᠠᠭᠰᠠᠨ ᠳᠦᠷᠦ ᠶᠢᠨ ᠤᠳᠤᠷᠢᠳᠬᠤ ᠬᠥᠮᠥᠰ ᠦᠨᠳᠦᠰᠦᠨ ᠬᠠᠤᠯᠢ ᠳᠤ | ᠲᠠᠩᠭᠠᠷᠢᠭᠯᠠᠪᠠ | ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠲᠥᠰᠥᠯ ᠢ ᠵᠥᠪᠰᠢᠶᠡᠷᠡᠵᠡᠢ | | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ ᠠᠴᠠ 10 ᠤ ᠦᠳᠡ ᠶᠢᠨ ᠡᠮᠦᠨ᠎ᠡ ᠰᠢ ᠶᠢᠨ ᠫᠢᠩ ᠢ ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠡᠷᠢᠭᠦᠯᠡᠭᠴᠢ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠪᠠᠷ ᠰᠣᠩᠭᠤᠪᠠ᠃ | ᠡᠨᠡ ᠬᠦ ᠰᠣᠩᠭᠤᠭᠤᠯᠢ ᠶᠢᠨ ᠦᠷ᠎ᠡ ᠳ᠋ᠦᠩ ᠢ ᠨᠡᠶᠢᠲᠡᠯᠡᠬᠦ ᠦᠶ᠎ᠡ ᠳᠤ᠂ ᠲᠠᠯᠠᠪᠠᠢ ᠳᠠᠶᠠᠭᠠᠷ ᠤᠳᠠᠲᠠᠯ᠎ᠠ | ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ | ᠬᠤᠷᠠᠯ ᠠᠴᠠ ᠪᠠᠰᠠ ᠵᠤᠤ ᠯᠧ ᠵᠢᠢ ᠶᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠪᠠᠷ | ᠰᠣᠩᠭᠤᠵᠤ᠂ ᠬᠠᠨ ᠵᠧᠩ ᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠡᠳ᠋ ᠲᠡᠷᠢᠭᠦᠯᠡᠭᠴᠢ ᠪᠠᠷ | ᠰᠣᠩᠭᠤᠪᠠ᠃ | ᠦᠳᠡ ᠶᠢᠨ ᠡᠮᠦᠨᠡᠬᠢ 9 ᠴᠠᠭ ᠲᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠭᠤᠷᠪᠠᠳᠤᠭᠠᠷ ᠪᠦᠭᠦᠳᠡ ᠬᠤᠷᠠᠯ | ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠪᠤᠭᠳᠠᠵᠠᠢ᠃ | ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠬᠠᠨ ᠵᠧᠩ᠂ ᠼᠠᠢ ᠴᠢ᠂ ᠳ᠋ᠢᠩ | ᠰᠢᠤᠸᠠᠢ ᠰᠢᠶᠠᠩ᠂ ᠯᠢ ᠰᠢ ᠨᠠᠷ ᠬᠤᠷᠠᠯ ᠳᠤ ᠣᠷᠣᠯᠴᠠᠵᠠᠢ᠃ | ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 2977 ᠬᠥᠮᠥᠨ᠂ 2952 ᠬᠥᠮᠥᠨ ᠣᠷᠣᠯᠴᠠᠵᠤ | ᠂ 25 ᠬᠥᠮᠥᠨ ᠣᠷᠣᠯᠴᠠᠬᠰᠠᠨ ᠦᠭᠡᠢ᠂ ᠬᠤᠷᠠᠯ ᠳᠤ ᠣᠷᠣᠯᠴᠠᠬᠰᠠᠨ ᠬᠥᠮᠥᠨ ᠤ ᠲᠤᠭ᠎ᠠ ᠬᠠᠤᠯᠢ ᠳᠤ | ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃ | ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ᠂ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ | ᠲᠡᠷᠢᠭᠦᠯᠡᠭᠴᠢ ᠯᠢ ᠭᠠᠨ ᠵᠢᠶᠧ ᠬᠤᠷᠠᠯ ᠢ ᠡᠷᠭᠢᠯᠡᠪᠡ᠃ ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠸᠠᠩ | ᠵᠢᠶᠦ᠋ᠨ ᠵᠧᠩ᠂ ᠸᠠᠩ ᠮᠧᠩ ᠬᠤᠢ᠂ ᠰᠢᠦᠢ ᠴᠢᠨ᠂ ᠱᠧᠨ ᠰᠢᠶᠣᠣ ᠮᠢᠩ᠂ ᠵᠧᠦ ᠽᠦ ᠢ᠂ ᠵᠧᠩ ᠵᠢᠶᠠᠨ ᠮᠢᠨ᠂ | ᠯᠢᠶᠠᠩ ᠶᠠᠨ ᠱᠦᠨ᠂ ᠢᠦᠢ ᠶᠦᠨ ᠯᠢᠨ᠂ ᠯᠠᠨ ᠹᠥᠸᠧ ᠠᠨ ᠲᠡᠷᠢᠭᠦᠯᠡᠭᠴᠢᠳ ᠤᠨ ᠲᠠᠶᠢᠰᠠᠨ ᠤ ᠭᠦᠢᠴᠡᠳᠭᠡᠭᠴᠢ | ᠲᠡᠷᠢᠭᠦᠯᠡᠭᠴᠢᠳ ᠤᠨ ᠰᠠᠭᠤᠳᠠᠯ ᠳᠤ ᠰᠠᠭᠠᠲᠠᠪᠠ᠃ | | | | 3 ᠰᠠᠷ᠎ᠠ ᠶᠢᠨ 10 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠭᠤᠷᠪᠠᠳᠤᠭᠠᠷ ᠪᠦᠭᠦᠳᠡ ᠬᠤᠷᠠᠯ ᠬᠤᠷᠠᠯᠳᠤᠭᠤᠯᠵᠠᠢ᠃ ᠰᠢ ᠶᠢᠨ ᠫᠢᠩ ᠪᠦᠷᠢᠨ ᠪᠢᠯᠧᠲ ᠢᠶᠠᠷ ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠪᠠᠷ ᠰᠣᠩᠭᠤᠭᠳᠠᠪᠠ᠃ ᠵᠢᠷᠤᠭ ᠪᠣᠯ | ᠰᠢ ᠶᠢᠨ ᠫᠢᠩ ᠦᠨᠳᠦᠰᠦᠨ ᠬᠠᠤᠯᠢ ᠳᠤ ᠲᠠᠩᠭᠠᠷᠢᠭᠯᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠬᠤᠷᠠᠯ ᠠᠴᠠ ᠡᠩ ᠲᠡᠷᠢᠭᠦᠨ ᠳᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠲᠥᠰᠥᠯ ᠤᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠣᠭᠲᠠᠭᠠᠯ ᠢ ᠪᠠᠲᠤᠯᠠᠵᠤ᠂ ᠡᠨᠡ | ᠬᠦ ᠲᠥᠰᠥᠯ ᠢ ᠵᠥᠪᠰᠢᠶᠡᠷᠡᠪᠡ᠃ ᠶᠡᠭᠡ ᠬᠤᠷᠠᠯ ᠠᠴᠠ᠂ ᠲᠦᠷᠦ ᠶᠢᠨ ᠶᠠᠪᠤᠳᠠᠯ ᠤᠨ ᠬᠤᠷᠢᠶ᠎ᠠ ᠨᠠᠮ ᠤᠨ ᠲᠥᠪ | ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ᠂ ᠨᠠᠷᠢᠨ ᠨᠢᠮᠪᠠᠢ ᠪᠠᠶᠢᠷᠢᠯᠠᠭᠤᠯᠵᠤ᠂ | ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠰᠣᠩᠭᠤᠭᠤᠯᠢ ᠬᠢᠬᠦ ᠪᠠ ᠲᠤᠰᠢᠶᠠᠯ ᠳᠤ | ᠲᠣᠮᠢᠯᠠᠬᠤ ᠶᠢ ᠲᠣᠭᠲᠠᠭᠠᠬᠤ ᠠᠷᠭ᠎ᠠ ᠶᠢ ᠪᠠᠲᠤᠯᠠᠵᠠᠢ᠃ | ᠬᠤᠷᠠᠯ ᠳᠤ ᠣᠷᠣᠯᠴᠠᠬᠰᠠᠨ ᠲᠥᠯᠥᠭᠡᠯᠡᠭᠴᠢᠳ ᠪᠠᠲᠤᠯᠠᠬᠤ ᠪᠠᠷ ᠳᠠᠮᠵᠢᠨ 35 ᠲᠥᠯᠥᠭᠡᠯᠡᠭᠴᠢ ᠪᠠᠷ | ᠪᠦᠷᠢᠯᠳᠦᠭᠰᠡᠨ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠪᠠᠲᠤᠯᠠᠪᠠ᠃ ᠱᠢ ᠰᠢᠶᠣᠣ ᠯᠢᠨ᠂ | ᠯᠢᠨ ᠬᠤᠩ ᠪᠣᠯ ᠶᠡᠷᠦᠩᠬᠡᠢ ᠪᠢᠯᠧᠲ ᠬᠢᠨᠠᠭᠴᠢ ᠪᠣᠯᠣᠨ᠎ᠠ᠃ | 9 ᠴᠠᠭ 27 ᠮᠢᠨᠦ᠋ᠲ ᠲᠤ ᠰᠣᠩᠭᠤᠭᠤᠯᠢ ᠵᠢᠩᠬᠢᠨᠢ ᠪᠠᠷ ᠡᠬᠢᠯᠡᠪᠡ᠃ ᠪᠢᠯᠧᠲ ᠬᠢᠨᠠᠭᠴᠢ ᠡᠩ | ᠲᠡᠷᠢᠭᠦᠨ ᠳᠤ ᠬᠤᠷᠠᠯ ᠤᠨ ᠲᠠᠯᠠᠪᠠᠢ ᠳᠤ ᠪᠠᠶᠢᠭ᠎ᠠ 28 ᠡᠯᠧᠺᠳ᠋ᠷᠣᠨ ᠪᠢᠯᠧᠲ ᠤᠨ ᠬᠠᠶᠢᠷᠴᠠᠭ᠂ ᠡᠯᠧᠺᠳ᠋ᠷᠣᠨ | ᠰᠣᠩᠭᠤᠭᠤᠯᠢ ᠶᠢᠨ ᠰᠢᠰᠲ᠋ᠧᠮ ᠢ ᠪᠠᠶᠢᠴᠠᠭᠠᠪᠠ᠃ ᠵᠠᠯᠭᠠᠭᠠᠳ ᠠᠵᠢᠯᠲᠠᠳ ᠰᠣᠩᠭᠤᠭᠤᠯᠢ ᠶᠢᠨ ᠪᠢᠯᠧᠲ ᠢ | ᠲᠠᠷᠬᠠᠭᠠᠵᠤ ᠡᠬᠢᠯᠡᠪᠡ᠃ 4 ᠠᠳᠠᠯᠢ ᠪᠤᠰᠤ ᠥᠩᠭᠡ ᠲᠠᠢ ᠰᠣᠩᠭᠤᠭᠤᠯᠢ ᠶᠢᠨ ᠪᠢᠯᠧᠲ ᠢ ᠲᠥᠯᠥᠭᠡᠯᠡᠭᠴᠢ ᠨᠢᠭᠡ | ᠪᠦᠷᠢ ᠳᠤ ᠬᠤᠪᠢᠶᠠᠵᠤ ᠥᠭᠪᠡ᠃ ᠰᠣᠩᠭᠤᠭᠤᠯᠢ ᠶᠢᠨ ᠪᠢᠯᠧᠲ ᠢ ᠤᠯᠤᠰ ᠤᠨ ᠨᠡᠶᠢᠳᠡᠮ ᠬᠡᠷᠡᠭᠯᠡᠬᠦ ᠦᠰᠦᠭ ᠪᠢᠴᠢᠭ | ᠪᠠ 7 ᠴᠥᠭᠡᠨ ᠲᠣᠭᠠᠲᠤ ᠦᠨᠳᠦᠰᠦᠲᠡᠨ ᠤ ᠦᠰᠦᠭ ᠪᠢᠴᠢᠭ ᠢᠶᠠᠷ ᠳᠠᠷᠤᠮᠠᠯᠯᠠᠨ ᠵᠣᠬᠢᠶᠠᠵᠠᠢ᠃ | ᠳᠠᠷᠠᠭ᠎ᠠ ᠨᠢ ᠲᠥᠯᠥᠭᠡᠯᠡᠭᠴᠢᠳ ᠪᠢᠯᠧᠲ ᠲᠠᠭᠯᠠᠵᠤ ᠡᠬᠢᠯᠡᠪᠡ᠃ ᠬᠤᠷᠠᠯ ᠤᠨ ᠠᠷᠤ ᠲᠣᠭᠤᠷᠢᠭ ᠲᠤ | ᠨᠢᠭᠤᠴᠠ ᠪᠠᠷ ᠪᠢᠯᠧᠲ ᠲᠠᠭᠯᠠᠬᠤ ᠭᠠᠵᠠᠷ ᠲᠣᠬᠢᠷᠠᠭᠤᠯᠵᠠᠢ᠃ | ᠰᠣᠩᠭᠤᠭᠤᠯᠢ ᠬᠢᠬᠦ ᠪᠠ ᠲᠤᠰᠢᠶᠠᠯ ᠳᠤ ᠲᠣᠮᠢᠯᠠᠬᠤ ᠶᠢ ᠲᠣᠭᠲᠠᠭᠠᠬᠤ ᠠᠷᠭ᠎ᠠ ᠶᠢ ᠦᠨᠳᠦᠰᠦᠯᠡᠨ᠂ ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ | ᠳᠠᠷᠤᠭ᠎ᠠ᠂ ᠳᠡᠳ᠋ ᠬᠤᠷᠢᠶᠠᠨ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠳᠡᠳ᠋ ᠲᠡᠷᠢᠭᠦᠯᠡᠭᠴᠢ ᠶᠢ ᠲᠡᠩᠴᠡᠭᠦᠦ ᠲᠤᠭ᠎ᠠ ᠪᠠᠷ ᠰᠣᠩᠭᠤᠪᠠ᠃ | 9 ᠴᠠᠭ 51 ᠮᠢᠨᠦ᠋ᠲ ᠲᠤ᠂ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠡᠩ ᠲᠡᠷᠢᠭᠦᠨ ᠳᠤ | ᠪᠢᠯᠧᠲ ᠥᠭᠪᠡ᠃ ᠳᠠᠷᠠᠭ᠎ᠠ ᠨᠢ ᠲᠥᠯᠥᠭᠡᠯᠡᠭᠴᠢᠳ ᠪᠢᠯᠧᠲ ᠥᠭᠴᠦ ᠡᠬᠢᠯᠡᠪᠡ᠃ ᠪᠢᠯᠧᠲ ᠥᠭᠴᠦ | ᠳᠠᠭᠤᠰᠤᠭᠰᠠᠨ ᠤ ᠳᠠᠷᠠᠭ᠎ᠠ᠂ ᠶᠡᠷᠦᠩᠬᠡᠢ ᠪᠢᠯᠧᠲ ᠬᠢᠨᠠᠭᠴᠢ ᠠᠴᠠ ᠰᠣᠩᠭᠤᠭᠤᠯᠢ ᠶᠢᠨ ᠪᠢᠯᠧᠲ ᠢ ᠲᠠᠷᠬᠠᠭᠠᠭᠰᠠᠨ ᠪᠠ | ᠬᠤᠷᠢᠶᠠᠭᠰᠠᠨ ᠪᠠᠶᠢᠳᠠᠯ ᠢ ᠮᠡᠳᠡᠭᠦᠯᠵᠦ ᠰᠣᠩᠭᠤᠭᠤᠯᠢ ᠬᠦᠴᠦᠨ ᠲᠠᠢ ᠪᠣᠯᠤᠭᠰᠠᠨ ᠢ ᠨᠡᠶᠢᠲᠡᠯᠡᠪᠡ᠃ | ᠠᠵᠢᠯᠲᠠᠨ ᠪᠢᠯᠧᠲ ᠢ ᠪᠦᠷᠢᠳᠬᠡᠭᠰᠡᠨ ᠦᠷ᠎ᠡ ᠳ᠋ᠦᠩ ᠢ ᠤᠩᠰᠢᠨ ᠨᠡᠶᠢᠲᠡᠯᠡᠪᠡ᠃ | ᠪᠢᠯᠧᠲ ᠢ ᠪᠦᠷᠢᠳᠬᠡᠭᠰᠡᠨ ᠳ᠋ᠦᠩ ᠳᠤ ᠢᠯᠡᠷᠡᠭᠦᠯᠦᠭᠰᠡᠨ ᠢᠶᠠᠷ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠶᠢᠨ ᠰᠣᠩᠭᠤᠭᠤᠯᠢ ᠳᠤ ᠰᠢ ᠶᠢᠨ ᠫᠢᠩ ᠨᠠᠶᠢᠳᠠ 2952 | ᠵᠥᠪᠰᠢᠶᠡᠷᠡᠯ ᠤᠨ ᠪᠦᠷᠢᠨ ᠪᠢᠯᠧᠲ ᠣᠯᠵᠠᠢ᠃ ᠲᠠᠯᠠᠪᠠᠢ ᠳᠠᠶᠠᠭᠠᠷ ᠪᠣᠰᠴᠤ ᠵᠣᠭᠰᠣᠨ᠂ ᠬᠠᠯᠠᠭᠤᠨ ᠠᠯᠠᠭ᠎ᠠ | ᠲᠡᠰᠢᠯᠲᠡ ᠶᠢᠨ ᠲᠠᠭᠤᠨ ᠨᠢᠵᠢᠭᠢᠨᠡᠪᠡ᠃ | ᠬᠤᠷᠠᠯ ᠡᠷᠭᠢᠯᠡᠭᠴᠢ ᠠᠴᠠ ᠨᠡᠶᠢᠲᠡᠯᠡᠭᠰᠡᠨ ᠨᠢ᠄ | ᠰᠢ ᠶᠢᠨ ᠫᠢᠩ ᠨᠥᠬᠦᠷ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠪᠠᠷ | ᠰᠣᠩᠭᠤᠭᠳᠠᠪᠠ᠃ | ᠰᠢ ᠶᠢᠨ ᠫᠢᠩ ᠲᠥᠯᠥᠭᠡᠯᠡᠭᠴᠢᠳ ᠲᠤ ᠮᠡᠬᠦ᠋ᠢᠨ ᠶᠣᠰᠣᠯᠠᠵᠤ᠂ ᠪᠦᠭᠦ ᠲᠥᠯᠥᠭᠡᠯᠡᠭᠴᠢᠳ ᠤᠳᠠᠲᠠᠯ᠎ᠠ | ᠬᠠᠯᠠᠭᠤᠨ ᠠᠯᠠᠭ᠎ᠠ ᠲᠡᠰᠢᠯᠲᠡ ᠪᠠᠷ ᠰᠢ ᠶᠢᠨ ᠫᠢᠩ ᠳᠤ ᠬᠦᠨᠳᠦᠳᠬᠡᠯ ᠳᠡᠪᠰᠢᠭᠦᠯᠪᠡ᠃ ᠳᠡᠷᠭᠡᠳᠡ ᠨᠢ ᠵᠣᠭᠰᠣᠵᠤ | ᠪᠠᠶᠢᠭᠰᠠᠨ ᠯᠢ ᠵᠠᠨ ᠱᠣ᠋᠂ ᠯᠢ ᠴᠢᠶᠠᠩ ᠲᠤᠰ ᠲᠤᠰ ᠰᠢ ᠶᠢᠨ ᠫᠢᠩ ᠲᠠᠢ ᠭᠠᠷ ᠠᠳᠬᠤᠵᠤ᠂ ᠲᠡᠭᠦᠨ ᠳᠤ ᠪᠠᠶᠠᠷ | ᠬᠦᠷᠭᠡᠪᠡ᠃ | ᠬᠤᠷᠠᠯ ᠡᠷᠭᠢᠯᠡᠭᠴᠢ ᠠᠴᠠ ᠰᠢ ᠶᠢᠨ ᠫᠢᠩ ᠨᠥᠬᠦᠷ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠪᠠᠷ ᠰᠣᠩᠭᠤᠭᠳᠠᠭᠰᠠᠨ ᠢ ᠨᠡᠶᠢᠲᠡᠯᠡᠬᠦ ᠳᠤ᠂ | ᠬᠤᠷᠠᠯ ᠤᠨ ᠲᠠᠯᠠᠪᠠᠢ ᠳᠤ ᠬᠠᠯᠠᠭᠤᠨ ᠠᠯᠠᠭ᠎ᠠ ᠲᠡᠰᠢᠯᠲᠡ ᠶᠢᠨ ᠲᠠᠭᠤᠨ ᠳᠠᠬᠢᠨᠲᠠ ᠨᠢᠵᠢᠭᠢᠨᠡᠵᠦ᠂ ᠰᠢ ᠶᠢᠨ ᠫᠢᠩ | ᠲᠥᠯᠥᠭᠡᠯᠡᠭᠴᠢᠳ ᠲᠤ ᠳᠠᠬᠢᠨᠲᠠ ᠮᠡᠬᠦ᠋ᠢᠨ ᠶᠣᠰᠣᠯᠠᠪᠠ᠃ | ᠳᠠᠷᠠᠭ᠎ᠠ ᠨᠢ ᠬᠤᠷᠠᠯ ᠡᠷᠭᠢᠯᠡᠭᠴᠢ ᠠᠴᠠ ᠵᠠᠯᠭᠠᠭ᠎ᠠ ᠪᠠᠷ ᠨᠡᠶᠢᠲᠡᠯᠡᠭᠰᠡᠨ ᠨᠢ᠄ | ᠵᠣᠣ ᠯᠧ ᠵᠢᠢ ᠨᠥᠬᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠪᠠᠷ ᠰᠣᠩᠭᠤᠭᠳᠠᠪᠠ᠃ | | ᠬᠠᠨ ᠵᠧᠩ ᠨᠥᠬᠦᠷ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠡᠳ᠋ ᠲᠡᠷᠢᠭᠦᠯᠡᠭᠴᠢ ᠪᠠᠷ | ᠰᠣᠩᠭᠤᠭᠳᠠᠪᠠ᠃ | ᠯᠢ ᠬᠤᠩ ᠵᠦᠩ᠂ ᠸᠠᠩ ᠳ᠋ᠦᠩ ᠮᠢᠩ᠂ ᠰᠢᠶᠣᠣ ᠵᠢᠶᠧ᠂ ᠵᠧᠩ ᠵᠢᠶᠠᠨ ᠪᠠᠩ᠂ ᠳ᠋ᠢᠩ ᠵᠦᠩ ᠯᠢ᠂ | ᠬᠤᠤ ᠮᠢᠩ ᠶᠢᠨ᠂ ᠼᠠᠢ ᠳ᠋ᠠ ᠹᠧᠩ᠂ ᠾᠧ ᠸᠧᠢ᠂ ᠦ᠋ ᠸᠧᠢ ᠬᠤᠸᠠ᠂ ᠲᠢᠶᠧ ᠨᠢᠩ᠂ ᠫᠧᠩ ᠴᠢᠩ ᠬᠤᠸᠠ᠂ | ᠵᠠᠩ ᠴᠢᠩ ᠸᠧᠢ᠂ ᠯᠣᠪᠰᠠᠩᠵᠠᠯᠰᠠᠨ᠂ ᠰᠢᠤᠸᠠᠶᠢᠺᠧᠯᠠᠶᠢᠲ · ᠵᠠᠺᠧᠯ ᠨᠥᠬᠦᠷ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠪᠠᠷ ᠰᠣᠩᠭᠤᠭᠳᠠᠪᠠ᠃ | ᠯᠢᠦ ᠴᠢ ᠨᠥᠬᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠪᠠᠷ | ᠰᠣᠩᠭᠤᠭᠳᠠᠪᠠ᠃ | ᠰᠣᠩᠭᠤᠭᠤᠯᠢ ᠪᠣᠯᠭᠠᠨ ᠤ ᠦᠷ᠎ᠡ ᠳ᠋ᠦᠩ ᠢ ᠨᠡᠶᠢᠲᠡᠯᠡᠬᠦ ᠦᠶᠡᠰ ᠲᠤᠬᠠᠢ ᠶᠢᠨ ᠲᠠᠯᠠᠪᠠᠢ ᠳᠤ ᠬᠠᠯᠠᠭᠤᠨ | ᠠᠯᠠᠭ᠎ᠠ ᠲᠡᠰᠢᠯᠲᠡ ᠶᠢᠨ ᠲᠠᠭᠤᠨ ᠨᠢᠵᠢᠭᠢᠨᠡᠪᠡ᠃ | ᠠᠯᠠᠭ᠎ᠠ ᠲᠡᠰᠢᠯᠲᠡ ᠶᠢᠨ ᠲᠠᠭᠤᠨ ᠤ ᠳᠤᠮᠳᠠ᠂ ᠰᠢᠨ᠎ᠡ ᠪᠠᠷ ᠰᠣᠩᠭᠤᠭᠳᠠᠭᠰᠠᠨ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠵᠤᠤ ᠯᠧ | ᠵᠢᠢ ᠪᠣᠰᠴᠤ ᠵᠣᠭᠰᠣᠨ᠂ ᠲᠥᠯᠥᠭᠡᠯᠡᠭᠴᠢᠳ ᠲᠤ ᠮᠡᠬᠦ᠋ᠢᠨ ᠶᠣᠰᠣᠯᠠᠪᠠ᠃ ᠲᠠᠷᠠᠭ᠎ᠠ ᠨᠢ᠂ ᠲᠡᠷᠡ ᠰᠢ ᠶᠢᠨ ᠫᠢᠩ ᠤᠨ | ᠳᠡᠷᠭᠡᠳᠡ ᠬᠦᠷᠴᠦ᠂ ᠬᠤᠶᠠᠭᠤᠯᠠ ᠳᠣᠲᠣᠨᠣᠰᠤᠭ ᠢᠶᠠᠷ ᠭᠠᠷ ᠠᠳᠬᠤᠯᠴᠠᠨ᠂ ᠰᠢ ᠶᠢᠨ ᠫᠢᠩ ᠲᠡᠭᠦᠨ ᠳᠤ ᠪᠠᠶᠠᠷ | ᠬᠦᠷᠭᠡᠪᠡ᠃ ᠵᠤᠤ ᠯᠧ ᠵᠢᠢ ᠪᠠᠰᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠯᠢ ᠵᠠᠨ ᠱᠤ᠋ ᠲᠠᠢ ᠭᠠᠷ | ᠠᠳᠬᠤᠵᠤ ᠬᠠᠷᠢᠯᠴᠠᠨ ᠮᠡᠨᠳᠦᠴᠢᠯᠡᠪᠡ᠃ | ᠠᠯᠠᠭ᠎ᠠ ᠲᠡᠰᠢᠯᠲᠡ ᠶᠢᠨ ᠲᠠᠭᠤᠨ ᠤ ᠳᠤᠮᠳᠠ᠂ ᠰᠢᠨ᠎ᠡ ᠪᠠᠷ ᠰᠣᠩᠭᠤᠭᠳᠠᠭᠰᠠᠨ ᠤᠯᠤᠰ ᠤᠨ ᠳᠡᠳ᠋ | ᠲᠡᠷᠢᠭᠦᠯᠡᠭᠴᠢ ᠬᠠᠨ ᠵᠧᠩ ᠪᠣᠰᠴᠤ ᠵᠣᠭᠰᠣᠨ᠂ ᠲᠥᠯᠥᠭᠡᠯᠡᠭᠴᠢᠳ ᠲᠤ ᠮᠡᠬᠦ᠋ᠢᠨ ᠶᠣᠰᠣᠯᠠᠪᠠ᠃ ᠲᠠᠷᠠᠭ᠎ᠠ ᠨᠢ᠂ | ᠲᠡᠷᠡ ᠰᠢ ᠶᠢᠨ ᠫᠢᠩ ᠤᠨ ᠳᠡᠷᠭᠡᠳᠡ ᠬᠦᠷᠴᠦ᠂ ᠬᠤᠶᠠᠭᠤᠯᠠ ᠳᠣᠲᠣᠨᠣᠰᠤᠭ ᠢᠶᠠᠷ ᠭᠠᠷ ᠠᠳᠬᠤᠯᠴᠠᠨ᠂ ᠰᠢ ᠶᠢᠨ | ᠫᠢᠩ ᠲᠡᠭᠦᠨ ᠳᠤ ᠪᠠᠶᠠᠷ ᠬᠦᠷᠭᠡᠪᠡ᠃ ᠬᠠᠨ ᠵᠧᠩ ᠪᠠᠰᠠ ᠸᠠᠩ ᠴᠢ ᠱᠠᠨ ᠨᠥᠬᠦᠷ ᠲᠠᠢ ᠭᠠᠷ ᠠᠳᠬᠤᠵᠤ ᠬᠠᠷᠢᠯᠴᠠᠨ | ᠮᠡᠨᠳᠦᠴᠢᠯᠡᠪᠡ᠃ | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠦᠨᠳᠦᠰᠦᠨ ᠬᠠᠤᠯᠢ ᠳᠤ | ᠲᠠᠩᠭᠠᠷᠢᠭᠯᠠᠬᠤ ᠲᠤᠬᠠᠢ ᠵᠣᠬᠢᠶᠠᠨ ᠪᠠᠶᠢᠭᠤᠯᠤᠯᠲᠠ ᠶᠢᠨ ᠠᠷᠭ᠎ᠠ ᠶᠢ ᠦᠨᠳᠦᠰᠦᠯᠡᠨ᠂ ᠪᠦᠭᠦᠳᠡ ᠬᠤᠷᠠᠯ ᠤᠨ ᠡᠯ᠎ᠡ | ᠵᠥᠪᠯᠡᠭᠦ ᠵᠦᠢᠯ ᠶᠠᠪᠤᠭᠳᠠᠵᠤ ᠪᠠᠷᠠᠭᠰᠠᠨ ᠤ ᠳᠠᠷᠠᠭ᠎ᠠ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠤᠨ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠳᠠᠯ᠎ᠠ᠃ | 11 ᠴᠠᠭ 7 ᠮᠢᠨᠦ᠋ᠲ ᠲᠤ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠴᠡᠷᠢᠭ ᠤᠨ | ᠬᠥᠭᠵᠢᠮ ᠤᠨ ᠪᠦᠯᠭᠦᠮ ᠤᠨ ᠪᠦᠷᠢᠶᠡᠴᠢᠳ ᠲᠠᠩᠭᠠᠷᠢᠭᠯᠠᠬᠤ ᠶᠣᠰᠣᠯᠠᠯ ᠤᠨ ᠬᠥᠭᠵᠢᠮ ᠢ ᠬᠥᠭᠵᠢᠮᠳᠡᠪᠡ᠃ | ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢᠨ 12 | ᠶᠣᠰᠣᠯᠠᠯ ᠤᠨ ᠴᠡᠷᠢᠭ ᠬᠤᠶᠠᠷ ᠭᠠᠷᠯᠠᠨ ᠬᠤᠷᠠᠯ ᠤᠨ ᠲᠠᠯᠠᠪᠠᠶ ᠶᠢᠨ ᠠᠷᠤ ᠲᠠᠯ᠎ᠠ ᠠᠴᠠ ᠲᠥᠪ ᠠᠯᠬᠤᠭ᠎ᠠ ᠪᠠᠷ | ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠢᠷᠡᠵᠦ ᠵᠣᠭᠰᠣᠪᠠ᠃ | ᠪᠦᠭᠦᠳᠡᠭᠡᠷ ᠪᠣᠰᠴᠤ ᠵᠣᠭᠰᠣᠪᠠ᠃ ᠲᠡᠷᠢᠭᠦᠯᠡᠭᠴᠢ ᠶᠢᠨ ᠲᠠᠶᠢᠰᠠᠨ ᠳᠡᠭᠡᠷ᠎ᠡ᠂ 3 ᠶᠣᠰᠣᠯᠠᠯ ᠤᠨ ᠴᠡᠷᠢᠭ | ᠲᠥᠪ ᠠᠯᠬᠤᠭ᠎ᠠ ᠪᠠᠷ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠶᠢ | ᠬᠠᠮᠠᠭᠠᠯᠠᠨ ᠲᠠᠯᠠᠪᠠᠢ ᠳᠤ ᠣᠷᠣᠵᠤ᠂ ᠦᠨᠳᠦᠰᠦᠨ ᠬᠠᠤᠯᠢ ᠶᠢᠨ ᠪᠢᠴᠢᠭ ᠢ ᠲᠠᠩᠭᠠᠷᠢᠭᠯᠠᠬᠤ ᠲᠠᠶᠢᠰᠠᠨ ᠳᠡᠭᠡᠷ᠎ᠡ | ᠲᠠᠯᠪᠢᠪᠠ᠃ | ᠴᠡᠷᠢᠭ ᠤᠨ ᠬᠥᠭᠵᠢᠮ ᠤᠨ ᠪᠦᠯᠭᠦᠮ ᠤᠨ ᠬᠥᠭᠵᠢᠮ ᠤᠨ ᠬᠠᠪᠰᠤᠷᠭᠠᠯ ᠳᠣᠣᠷ᠎ᠠ᠂ ᠲᠠᠯᠠᠪᠠᠢ ᠳᠠᠶᠠᠭᠠᠷ | ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ᠃ | | ᠲᠠᠷᠠᠭ᠎ᠠ ᠨᠢ᠂ ᠠᠵᠢᠯᠲᠠᠨ ᠠᠴᠠ᠄ ᠤᠳᠤ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠡᠷᠢᠭᠦᠯᠡᠭᠴᠢ᠂ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠲᠠᠩᠭᠠᠷᠢᠭᠯᠠᠨ᠎ᠠ ᠭᠡᠵᠦ ᠲᠤᠩᠬᠠᠭᠯᠠᠪᠠ᠃ | ᠲᠡᠷᠢᠭᠦᠯᠡᠭᠴᠢ ᠲᠠᠶᠢᠰᠠᠨ ᠳᠤ ᠭᠠᠷᠬᠤ ᠪᠦᠷᠢᠶᠡᠨ ᠲᠠᠭᠤᠨ ᠤ ᠳᠤᠮᠳᠠ᠂ ᠰᠢᠨ᠎ᠡ ᠪᠠᠷ ᠰᠣᠩᠭᠤᠭᠳᠠᠭᠰᠠᠨ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠲᠡᠷᠢᠭᠦᠯᠡᠭᠴᠢ ᠶᠢᠨ ᠲᠠᠶᠢᠰᠠᠨ ᠤ ᠰᠠᠭᠤᠳᠠᠯ ᠠᠴᠠ ᠪᠣᠰᠴᠤ ᠵᠣᠭᠰᠣᠨ ᠢᠳᠡᠷᠡᠭᠦᠨ ᠠᠯᠬᠤᠭ᠎ᠠ ᠪᠠᠷ ᠲᠠᠩᠭᠠᠷᠢᠭᠯᠠᠬᠤ | ᠲᠠᠶᠢᠰᠠᠨ ᠤ ᠡᠮᠦᠨ᠎ᠡ ᠣᠴᠢᠵᠤ ᠵᠣᠭᠰᠣᠪᠠ᠃ | ᠲᠡᠷᠢᠭᠦᠯᠡᠭᠴᠢ ᠶᠢᠨ ᠲᠠᠶᠢᠰᠠᠨ ᠤ ᠠᠷᠤ ᠬᠥᠰᠢᠭᠡ ᠶᠢᠨ ᠲᠥᠪ ᠳᠤᠮᠳᠠ᠂ ᠤᠯᠤᠰ ᠤᠨ ᠰᠦᠯᠳᠡ | ᠥᠨᠳᠥᠷ ᠲᠤ ᠡᠯᠭᠦᠭᠳᠡᠨ ᠭᠢᠯᠪᠠᠭ᠎ᠠ ᠰᠠᠴᠤᠷᠠᠭᠤᠯᠤᠨ᠎ᠠ᠃ ᠲᠤᠬᠠᠢ ᠶᠢᠨ ᠲᠠᠯᠠᠪᠠᠶ ᠳᠠᠬᠢ 3000 ᠰᠢᠬᠠᠮ ᠪᠦᠭᠦ | ᠤᠯᠤᠰ ᠤᠨ ᠠᠷᠠᠳ ᠤᠨ ᠲᠥᠯᠥᠭᠡᠯᠡᠭᠴᠢ ᠬᠠᠮᠲᠤ ᠪᠠᠷ ᠡᠨᠡ ᠬᠦ ᠠᠷᠢᠭᠤᠨ ᠳᠠᠷᠬᠠᠨ ᠴᠠᠭ ᠮᠥᠴᠡ ᠶᠢ ᠭᠡᠷᠡᠴᠢᠯᠡᠪᠡ᠃ | | ᠰᠢ ᠶᠢᠨ ᠫᠢᠩ ᠵᠡᠭᠦᠨ ᠭᠠᠷ ᠢᠶᠠᠨ ᠦᠨᠳᠦᠰᠦᠨ ᠬᠠᠤᠯᠢ ᠶᠢᠨ ᠪᠢᠴᠢᠭ ᠳᠡᠭᠡᠷ᠎ᠡ ᠲᠠᠯᠪᠢᠵᠤ᠂ ᠪᠠᠷᠠᠭᠤᠨ | ᠭᠠᠷ ᠢᠶᠠᠨ ᠨᠢᠳᠤᠷᠭᠠᠯᠠᠨ ᠡᠷᠭᠦᠵᠦ᠂ ᠲᠥᠪ ᠶᠡᠬᠡᠮᠰᠦᠭ ᠢᠶᠠᠷ ᠲᠠᠩᠭᠠᠷᠢᠭᠯᠠᠪᠠ᠃ | ︽ᠪᠢ ᠲᠠᠩᠭᠠᠷᠢᠭᠯᠠᠶ᠎ᠠ᠄ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ | ᠬᠠᠤᠯᠢ ᠳᠤ ᠦᠨᠡᠨᠴᠢ ᠰᠢᠳᠤᠷᠭᠤ ᠪᠠᠶᠢᠵᠤ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠵᠤ᠂ ᠬᠠᠤᠯᠢ ᠳᠤ | ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠡᠬᠡ ᠤᠯᠤᠰ ᠲᠠᠭᠠᠨ ᠦᠨᠡᠨᠴᠢ ᠰᠢᠳᠤᠷᠭᠤ᠂ | ᠠᠷᠠᠳ ᠲᠦᠮᠡᠨ ᠳᠡᠭᠡᠨ ᠦᠨᠡᠨᠴᠢ ᠰᠢᠳᠤᠷᠭᠤ ᠪᠠᠶᠢᠵᠤ᠂ ᠡᠭᠦᠷᠭᠡ ᠲᠤᠰᠢᠶᠠᠯ ᠢᠶᠠᠨ ᠰᠢᠳᠤᠷᠭᠤ ᠪᠠᠷ ᠭᠦᠢᠴᠡᠳᠬᠡᠵᠦ᠂ | ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠵᠦ᠂ ᠠᠷᠠᠳ ᠲᠦᠮᠡᠨ ᠤ ᠬᠢᠨᠠᠯᠲᠠ ᠶᠢ ᠬᠦᠯᠢᠶᠡᠵᠦ᠂ ᠪᠠᠶᠠᠨ | ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮ ᠤᠨ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠨ᠎ᠡ︕︾ | ᠴᠢᠩᠭ᠎ᠠ ᠬᠦᠴᠦᠲᠡᠢ ᠲᠠᠩᠭᠠᠷᠢᠭᠯᠠᠬᠤ ᠲᠠᠭᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠠᠭᠤᠷᠢᠰᠤᠨ᠎ᠠ᠃ | ᠲᠠᠩᠭᠠᠷᠢᠭᠯᠠᠵᠤ ᠳᠠᠭᠤᠰᠤᠭᠰᠠᠨ ᠤ ᠳᠠᠷᠠᠭ᠎ᠠ᠂ ᠰᠢ ᠶᠢᠨ ᠫᠢᠩ ᠪᠦᠭᠦ ᠲᠠᠯᠠᠪᠠᠢ ᠵᠦᠭ ᠮᠡᠬᠦ᠋ᠢᠨ ᠶᠣᠰᠣᠯᠠᠪᠠ | ᠃ ᠲᠤᠬᠠᠢ ᠶᠢᠨ ᠲᠠᠯᠠᠪᠠᠢ ᠳᠤ ᠬᠠᠯᠠᠭᠤᠨ ᠠᠯᠠᠭ᠎ᠠ ᠲᠡᠰᠢᠯᠲᠡ ᠶᠢᠨ ᠳᠠᠭᠤᠨ ᠤᠳᠠᠲᠠᠯ᠎ᠠ ᠨᠢᠵᠢᠭᠢᠨᠡᠵᠡᠢ᠃ | ᠲᠠᠷᠠᠭ᠎ᠠ ᠨᠢ᠂ ᠰᠢᠨ᠎ᠡ ᠪᠠᠷ ᠰᠣᠩᠭᠤᠭᠳᠠᠭᠰᠠᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠵᠤᠤ ᠯᠧ ᠵᠢᠢ᠂ ᠰᠢᠨ᠎ᠡ ᠪᠠᠷ | ᠰᠣᠩᠭᠤᠭᠳᠠᠭᠰᠠᠨ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠲᠤᠰᠪᠦᠷᠢ ᠦᠨᠳᠦᠰᠦᠨ ᠬᠠᠤᠯᠢ ᠳᠤ | ᠲᠠᠩᠭᠠᠷᠢᠭᠯᠠᠵᠤ᠂ ᠰᠢᠨ᠎ᠡ ᠪᠠᠷ ᠰᠣᠩᠭᠤᠭᠳᠠᠭᠰᠠᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ | ᠬᠠᠮᠲᠤ ᠳᠠᠭᠠᠨ ᠦᠨᠳᠦᠰᠦᠨ ᠬᠠᠤᠯᠢ ᠳᠤ ᠲᠠᠩᠭᠠᠷᠢᠭᠯᠠᠪᠠ᠃ | | |