2023 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠬᠤᠶᠠᠷ︶
ᠨᠡᠶᠢᠲᠡᠯᠡᠭᠰᠡᠨ ᠴᠠᠭ᠄
2023/3/2
       ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ        ᠦᠨᠦ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠡᠬᠢᠯᠡᠯᠳᠡ ᠶᠢᠨ ᠤᠨ᠂ ᠮᠦᠨ ᠴᠦ ᠮᠠᠨ ᠤ ᠬᠤᠰᠢᠭᠤᠨ ᠤ ᠬᠦᠭᠵᠢᠯᠳᠡ ᠶᠢᠨ ᠳᠠᠪᠠᠭᠤᠯᠢᠭ ᠢ ᠡᠵᠡᠮᠳᠡᠭᠰᠡᠨ ᠡᠷᠴᠢᠨ ᠳᠡᠭᠡᠷ᠎ᠡ ᠤᠷᠤᠭᠰᠢᠯᠠᠬᠤ ᠵᠠᠩᠬᠢᠯᠠᠭ᠎ᠠ ᠶᠢᠨ ᠤᠨ ᠪᠤᠯᠤᠨ᠎ᠠ᠂ ᠡᠬᠢᠯᠡᠯᠳᠡ ᠨᠢ ᠪᠦᠬᠦ ᠳᠠᠯ᠎ᠠ ᠳᠤ ᠬᠤᠯᠪᠤᠭᠳᠠᠵᠦ᠂ ᠭᠠᠷᠤᠭ᠎ᠠ ᠨᠢ ᠢᠷᠡᠭᠡᠳᠦᠢ ᠶᠢ ᠳᠤᠭᠳᠠᠭᠠᠬᠤ ᠭᠡᠳᠡᠭᠴᠢᠯᠡᠨ ᠥᠨᠥ ᠵᠢᠯ ᠤᠨ ᠠᠵᠢᠯ ᠢ ᠰᠠᠶᠢᠲᠤᠷ ᠬᠢᠬᠦ  ᠨᠢ ᠴᠢᠬᠤᠯᠠ ᠶᠡᠭᠡ ᠠᠴᠢ ᠬᠤᠯᠪᠣᠭᠳᠠᠯ ᠪᠠ ᠬᠦᠨᠳᠦ ᠳᠠᠷᠬᠠᠨ ᠡᠭᠦᠷᠭᠡ ᠬᠠᠷᠢᠭᠤᠴᠠᠯᠭ᠎ᠠ ᠲᠠᠢ ᠶᠤᠮ᠃ ᠠᠷᠠᠳ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠤᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠤᠨ ᠨᠠᠶᠢᠳᠠᠪᠦᠷᠢᠵᠢᠭᠤᠯᠵᠦ᠂ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠳᠠᠯᠠᠵᠦ᠂ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢ ᠪᠦᠷᠢᠨ ᠬᠦᠢᠴᠡᠳ᠂ ᠵᠦᠪ ᠤᠨᠤᠪᠴᠢᠳᠠᠢ᠂ ᠪᠦᠬᠦ ᠳᠠᠯ᠎ᠠ ᠪᠠᠷ ᠳᠤᠤᠱᠯᠠᠭᠤᠯᠤᠨ᠂ ᠰᠢᠨ᠎ᠡ ᠬᠦᠭᠵᠢᠯᠳᠡ ᠶᠢᠨ ᠪᠠᠶᠢᠷᠢᠰᠢᠯ ᠳᠤ ᠢᠳᠡᠪᠬᠢᠳᠠᠢ ᠦᠢᠯᠡᠴᠢᠯᠡᠨ ᠠᠭᠤᠰᠤᠯᠴᠠᠵᠦ᠂ ᠬᠦᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠦᠯᠦᠪᠯᠡᠨ᠂ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠭᠤᠯᠬᠤ ᠰᠠᠭᠤᠷᠢᠨ ᠳᠡᠭᠡᠷ᠎ᠡ ᠲᠣᠭᠲᠠᠭᠤᠨ ᠪᠠᠶᠢᠯᠭᠠᠬᠤ ᠶᠢᠨ ᠳᠠᠭᠠᠤ ᠲᠦᠷᠭᠡᠨ ᠤᠷᠤᠭᠰᠢᠯᠠᠭᠤᠯᠬᠤ ᠪᠠ ᠰᠢᠯᠢᠳᠡᠭᠵᠢᠭᠦᠯᠦᠨ ᠣᠷᠤᠭᠰᠢᠯᠠᠭᠤᠯᠵᠤ᠂ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠢ ᠪᠡᠶᠡᠯᠡᠬᠦᠯᠬᠦ ᠪᠠ ︽ᠵᠢᠱᠢᠶᠡᠴᠢ ᠦᠪᠡᠷᠲᠡᠭᠡᠨ ᠵᠠᠰᠠᠬᠤ ᠤᠷᠤᠨ︾ ᠢ ᠪᠦᠬᠦ ᠳᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠳᠤᠮᠤ ᠶᠠᠪᠤᠳᠠᠯ ᠳᠤ ᠠᠩᠬᠠᠷᠤᠯ ᠢᠶᠠᠨ ᠲᠦᠪᠯᠡᠷᠡᠬᠦᠯᠦᠨ᠂ ︽ᠲᠠᠪᠤᠨ ᠶᠡᠭᠡ ᠠᠵᠢᠯᠯᠠᠭᠠᠨ ᠤ ᠲᠦᠯᠦᠪᠯᠡᠭᠡ︾ ᠶᠢ ᠨᠢᠭᠡᠳᠦᠯᠳᠡᠢ ᠲᠦᠯᠦᠪᠯᠡᠨ ᠠᠬᠢᠭᠤᠯᠵᠦ᠂ ᠦᠭᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠭᠡᠶᠢᠷᠡᠬᠦᠯᠦᠨ᠂ ᠵᠠᠬ᠎ᠠ ᠳᠡᠯᠭᠡᠭᠦᠷ ᠤᠨ ᠢᠳᠡᠭᠡᠯ ᠵᠤᠷᠢᠭ ᠢ ᠨᠡᠮᠡᠭᠳᠡᠬᠦᠯᠵᠦ᠂ ︽ᠵᠢᠷᠭᠤᠭ᠎ᠠ ᠶᠢ ᠳᠤᠭᠳᠠᠪᠦᠷᠢᠵᠢᠭᠤᠯᠬᠤ︾ ᠠᠵᠢᠯ ᠢ ᠪᠦᠬᠦ ᠬᠦᠴᠦᠨ ᠢᠶᠠᠷ ᠰᠠᠶᠢᠳᠦᠷ ᠬᠢᠵᠦ᠂ ᠠᠵᠦ ᠠᠬᠤᠢ ᠨᠡᠶᠢᠬᠡᠮ ᠤᠨ ᠬᠡᠯᠪᠡᠷᠢ ᠶᠢ ᠬᠤᠪᠢᠷᠠᠭᠤᠯᠤᠨ ᠬᠦᠭᠵᠢᠬᠦᠯᠬᠦ᠂ ᠪᠤᠬᠢᠷᠳᠤᠯ ᠦᠬᠡᠢ ᠬᠦᠭᠵᠢᠬᠦᠯᠬᠦ ᠪᠠ ᠴᠢᠨᠠᠷ ᠰᠠᠶᠢᠲᠠᠢ ᠬᠦᠭᠵᠢᠬᠦᠯᠬᠦ ᠶᠢ ᠲᠦᠷᠭᠡᠳᠭᠡᠨ ᠠᠬᠢᠭᠤᠯᠵᠤ᠂ ᠨᠡᠶᠢᠬᠡᠮ ᠵᠢᠷᠤᠮ ᠤᠨ ᠤᠳᠤᠬᠢᠴᠢᠯᠠᠭᠰᠠᠨ ᠤᠯᠤᠰ ᠢ ᠪᠦᠬᠦ ᠳᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠬᠠᠭᠤᠳᠠᠰᠦ ᠶᠢ ᠴᠢᠷᠮᠠᠶᠢᠨ ᠪᠢᠴᠢᠭᠯᠡᠨ᠎ᠡ᠃        ᠬᠦᠯᠦᠨ ᠪᠣᠶᠢᠷ ᠬᠤᠲᠠ ᠶᠢᠨ ᠬᠠᠮᠤᠭ ᠤᠨ ᠰᠢᠨ᠎ᠡ ᠪᠠᠶᠢᠷᠢᠯᠠᠭᠤᠯᠤᠯᠲᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠳᠦᠷᠪᠡᠳᠦᠭᠡᠷ ᠤᠳᠠᠭ᠎ᠠ ᠶᠢᠨ ᠪᠦᠭᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠲᠣᠬᠢᠷᠠᠭᠤᠯᠤᠯᠲᠠ ᠶᠣᠰᠣᠭᠠᠷ᠂ ᠥᠨᠥ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 8% ᠤᠷᠴᠢᠮ ᠨᠡᠮᠡᠭᠳᠡᠭᠦᠯᠵᠦ᠂ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 15% ᠪᠠᠷ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠤᠯᠠᠭᠤᠯᠬᠤ ᠶᠡᠷᠦᠩᠬᠡᠢ ᠲᠤᠭ᠎ᠠ ᠶᠢ 5% ᠪᠠᠷ ᠨᠡᠮᠡᠭᠳᠡᠭᠦᠯᠵᠦ᠂ ᠤᠷᠤᠨ ᠨᠤᠲᠤᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 28% ᠪᠠᠷ ᠨᠡᠮᠡᠭᠳᠡᠭᠦᠯᠦᠨ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠠᠵᠤ ᠠᠬᠤᠢ ᠶᠢᠨ ᠬᠦᠭᠵᠢᠯᠲᠡ ᠶᠢᠨ ᠬᠠᠨᠳᠤᠰᠢ ᠠᠴᠠ ᠰᠠᠶᠢᠨ ᠪᠦᠭᠡᠳ ᠦᠨᠳᠦᠷ ᠪᠠᠶᠢᠯᠭᠠᠵᠤ᠂ ᠪᠤᠬᠢᠷᠲᠤᠯ ᠦᠭᠡᠢ ᠬᠦᠭᠵᠢᠯᠲᠡ ᠶᠢᠨ ᠭᠦᠢᠴᠡᠳᠬᠡᠯ ᠲᠤᠭ᠎ᠠ ᠶᠢ ᠪᠦᠬᠦ ᠲᠠᠯ᠎ᠠ ᠪᠠᠷ ᠪᠡᠶᠡᠯᠡᠭᠦᠯᠦᠨ᠂ ᠬᠦᠯᠦᠨ ᠪᠣᠶᠢᠷ ᠬᠤᠲᠠ ᠠᠴᠠ ᠪᠠᠭᠤᠯᠭᠠᠭᠰᠠᠨ ᠡᠨᠧᠷᠬᠢ ᠶᠢᠨ ᠬᠤᠷᠣᠭᠳᠠᠯ ᠤᠨ ᠬᠡᠮᠵᠢᠶ᠎ᠡ ᠪᠠ ᠭᠠᠳᠠᠭᠰᠢᠯᠠᠭᠤᠯᠤᠯᠲᠠ ᠶᠢ ᠪᠠᠭᠠᠰᠬᠠᠬᠤ ᠭᠦᠢᠴᠡᠳᠬᠡᠯ ᠲᠤᠭ᠎ᠠ ᠶᠢᠨ ᠡᠭᠦᠷᠭᠡ ᠶᠢ ᠪᠡᠶᠡᠯᠡᠭᠦᠯᠦᠨ᠎ᠡ᠃        ᠳᠡᠭᠡᠷ᠎ᠡ ᠳᠤᠷᠠᠳᠤᠭᠰᠠᠨ ᠬᠦᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ᠂ ᠵᠠᠰᠠᠭ ᠤᠨ ᠣᠷᠳᠣᠨ ᠠᠴᠠ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄        ︵ᠨᠢᠭᠡ︶ ᠨᠠᠷᠢᠯᠢᠭ ᠣᠨᠣᠪᠴᠢᠲᠠᠢ ᠠᠷᠭ᠎ᠠ ᠬᠡᠮᠵᠢᠶ᠎ᠡ ᠪᠠᠷ ᠬᠦᠳᠡᠯᠭᠡᠭᠴᠢ ᠬᠦᠴᠦᠨ ᠢ ᠬᠦᠭᠵᠢᠬᠡᠵᠦ᠂ ᠠᠵᠦ ᠠᠬᠤᠢ ᠶᠢᠨ ᠬᠦᠭᠵᠢᠯᠳᠡ ᠶᠢᠨ ︽ᠬᠤᠷᠳᠤᠴᠠ︾ ᠶᠢ ᠲᠦᠷᠭᠡᠳᠭᠡᠨ᠎ᠡ᠃ ᠭᠡᠷᠡᠭᠯᠡᠭᠡᠨ ᠤ ᠰᠠᠭᠤᠷᠢ ᠦᠢᠯᠡᠳᠦᠯ ᠪᠤᠯᠤᠨ ᠪᠡᠯᠡ ᠤᠷᠤᠭᠤᠯᠤᠯᠳᠠ ᠶᠢᠨ ᠵᠠᠩᠬᠢᠯᠠᠭ᠎ᠠ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ᠳᠤᠳᠤᠭᠠᠳᠦ ᠱᠠᠭᠠᠷᠳᠠᠯᠭ᠎ᠠ  ᠶᠢ ᠦᠷᠭᠡᠳᠭᠡᠬᠦ ᠪᠤᠯᠤᠨ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠶᠢ ᠨᠢᠭᠡᠳᠦᠯᠳᠡᠢ ᠲᠦᠯᠦᠪᠯᠡᠵᠦ᠂ ᠨᠡᠩ ᠦᠨᠳᠦᠷ ᠬᠢᠷᠢ ᠲᠦᠪᠰᠢᠨ ᠤ ᠬᠦᠳᠡᠯᠦᠩᠬᠦᠢ ᠪᠠᠶᠢᠳᠠᠯ ᠳᠤᠤᠷᠠᠬᠢ ᠳᠡᠩᠴᠡᠬᠦᠷᠢᠰᠢᠯ ᠢ ᠲᠦᠯᠬᠢᠨ ᠠᠬᠢᠭᠤᠯᠵᠦ᠂ ᠤᠷᠤᠨ ᠪᠦᠰᠡ ᠶᠢᠨ ᠠᠵᠦ ᠠᠬᠤᠢ ᠶᠢᠨ ᠰᠠᠶᠢᠨ ᠤᠷᠴᠢᠯ ᠢ ᠠᠬᠢᠭᠤᠯᠤᠨ᠎ᠠ᠃        ᠠᠷᠠᠯᠵᠢᠶᠠᠴᠢᠨ ᠤᠷᠢᠵᠤ ᠪᠡᠯᠡ ᠣᠷᠤᠭᠤᠯᠬᠤ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦ ᠲᠦᠪᠯᠡᠷᠡᠬᠦᠯᠦᠨ ᠰᠠᠶᠢᠲᠤᠷ ᠠᠳᠬᠤᠨ᠎ᠠ᠃ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠪᠦᠬᠦ ᠳᠠᠯ᠎ᠠ ᠪᠠᠷ ᠨᠠᠶᠢᠳᠠᠪᠦᠷᠢᠵᠢᠭᠤᠯᠤᠨ᠂ ᠬᠡᠪᠰᠢᠮᠡᠯ ᠰᠡᠳᠬᠢᠬᠦᠢ ᠶᠢ ᠡᠪᠳᠡᠵᠦ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠦᠨ ᠂ ᠨᠠᠷᠢᠯᠢᠭ ᠣᠨᠣᠪᠴᠢᠲᠠᠢ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠪᠤᠴᠠᠯᠳᠠ ᠦᠬᠡᠢ ᠵᠤᠷᠢᠭ ᠢᠶᠠᠷ ᠰᠠᠭᠠᠳ ᠦᠭᠡᠢ ᠤᠷᠤᠭᠰᠢᠯᠠᠨ ᠪᠣᠭᠤᠮᠲᠠ ᠰᠢᠪᠲᠤᠯᠵᠤ᠂ ︽ᠠᠷᠠᠯᠵᠢᠶᠠᠴᠢᠨ ᠤᠷᠢᠵᠤ ᠪᠡᠯᠡ ᠣᠷᠤᠭᠤᠯᠬᠤ ᠪᠣᠭᠤᠮᠲᠠ ᠰᠢᠪᠲᠤᠯᠬᠤ ᠣᠨ︾ ᠤ ᠠᠵᠢᠯᠯᠠᠭ᠎ᠠ ᠦᠷᠨᠢᠬᠦᠯᠦᠨ᠂ ᠪᠦᠬᠦ ᠬᠤᠰᠢᠭᠤᠨ ᠳᠤ ︽ᠪᠦᠬᠦ ᠤᠷᠤᠨ ᠬᠡᠪᠴᠢᠶ᠎ᠡ ᠪᠠᠷ ᠢᠶᠠᠨ ᠠᠷᠠᠯᠵᠢᠶᠠᠴᠢᠨ ᠤᠷᠢᠬᠤ ᠶᠢ ᠠᠳᠬᠤᠬᠤ᠂ ᠪᠦᠬᠦᠨ ᠣᠯᠠᠨ ᠢᠶᠠᠷ ᠢᠶᠠᠨ ᠠᠷᠠᠯᠵᠢᠶᠠᠴᠢᠨ ᠤᠷᠢᠬᠤ ᠶᠢ ᠠᠳᠬᠤᠬᠤ᠂ ᠪᠦᠬᠦ ᠦᠢᠯᠡᠰ ᠢᠶᠠᠷ ᠢᠶᠠᠨ ᠠᠷᠠᠯᠵᠢᠶᠠᠴᠢᠨ ᠤᠷᠢᠬᠤ ᠶᠢ ᠠᠳᠬᠤᠬᠤ︾ ᠰᠢᠨ᠎ᠡ ᠦᠷᠨᠢᠯᠳᠡ ᠶᠢ ᠪᠣᠢ ᠪᠣᠯᠭᠠᠵᠤ᠂ ᠪᠦᠬᠦ ᠵᠢᠯ ᠤᠨ ᠪᠡᠯᠡ ᠤᠷᠤᠭᠤᠯᠤᠯᠳᠠ ᠶᠢ 10 ᠳ᠋ᠦᠩᠰᠢᠭᠤᠷ ᠲᠦᠬᠦᠷᠢᠭ ᠲᠤ ᠬᠦᠷᠭᠡᠬᠦ ᠪᠠᠷ ᠴᠢᠷᠮᠠᠶᠢᠨ᠎ᠠ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ︽ᠲᠦᠷᠦᠭᠦᠦ ᠢᠨᠵᠧᠨ᠋ᠷᠢᠩ︾ ᠪᠤᠯᠭᠠᠨ᠂ ᠪᠠᠷᠢᠮᠵᠢᠶ᠎ᠠ ᠱᠠᠭᠠᠷᠳᠠᠯᠭ᠎ᠠ ᠪᠠᠨ ᠳᠡᠭᠡᠭᠰᠢᠯᠡᠬᠦᠯᠵᠦ᠂ ᠪᠤᠰᠤᠳ ᠠᠴᠠ ᠢᠯᠡᠭᠦᠦ ᠴᠢᠷᠮᠠᠶᠢᠯᠭ᠎ᠠ ᠭᠠᠷᠭᠠᠵᠤ᠂ ᠬᠤᠰᠢᠭᠤ ᠳᠠᠶᠠᠭᠠᠷ ᠢᠶᠠᠨ ᠬᠤᠳᠠ ᠶᠢᠨ ᠳᠡᠰ  ᠤᠨ 12 ᠭᠤᠤᠯᠳᠠᠯᠭ᠎ᠠ ᠲᠠᠢ ᠲᠦᠷᠦᠯ ᠵᠦᠢᠯ᠂ ᠬᠤᠰᠢᠭᠤᠨ ᠤ ᠳᠡᠰ ᠤᠨ 18 ᠭᠤᠤᠯᠳᠠᠯᠭ᠎ᠠ ᠲᠠᠢ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠦ᠂ ︽ᠤᠷᠤᠨ ᠠᠯᠤᠰᠯᠠᠭᠰᠠᠨ ᠠᠵᠦ ᠠᠬᠤᠢ︾ ᠶᠢ ᠰᠢᠪᠳᠤᠯᠤᠯᠳᠠ ᠲᠠᠢ ᠪᠣᠯᠭᠠᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠪᠠᠷ ᠪᠦᠬᠦ ᠬᠤᠰᠢᠭᠤᠨ ᠤ ᠴᠢᠨᠠᠷ ᠰᠠᠶᠢᠲᠠᠢ ᠬᠦᠭᠵᠢᠯᠳᠠ ᠶᠢᠨ ᠰᠠᠭᠤᠷᠢ ᠶᠢ ᠪᠠᠬᠢᠵᠢᠬᠦᠯᠦᠨ᠎ᠡ᠃        ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠬᠤᠰᠢᠭᠤᠨ ᠠᠴᠠ ᠬᠠᠮᠢᠶᠠᠷᠴᠤ ᠪᠠᠶᠢᠭ᠎ᠠ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯᠯᠠᠭᠠᠨ ᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠦᠷᠢᠰᠦᠯᠳᠦᠬᠦ ᠬᠦᠴᠦᠨ ᠂ ᠰᠢᠨ᠎ᠡ ᠶᠢ ᠡᠭᠦᠳᠬᠦ ᠬᠦᠴᠦᠨ ᠪᠠ ᠨᠦᠯᠦᠭᠡᠯᠡᠬᠦ ᠬᠦᠴᠦᠨ ᠢ ᠬᠦᠴᠦᠯᠡᠨ ᠳᠡᠭᠡᠭᠰᠢᠯᠡᠭᠦᠯᠦᠨ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ︽ᠬᠤᠶᠠᠷ ᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠦᠷᠨᠢᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠰᠠᠯᠠᠭ᠎ᠠ ᠮᠦᠴᠢᠷ᠂ ᠬᠡᠷᠡᠭ ᠵᠦᠢᠯᠡᠰ ᠤᠨ ᠣᠷᠤᠵᠤ ᠰᠠᠭᠤᠬᠤ ᠨᠤᠷᠮ᠎ᠠ ᠶᠢ ᠳᠡᠭᠡᠭᠰᠢᠯᠡᠭᠦᠯᠵᠦ᠂ ︽ᠨᠢᠭᠡ ᠴᠣᠩᠬᠤᠪᠴᠢ ᠳᠤ ᠶᠡᠷᠦᠩᠬᠡᠶᠢᠯᠡᠨ ᠭᠦᠢᠴᠡᠳᠬᠡᠬᠦ︾ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠭᠦᠢᠴᠡᠳᠬᠡᠬᠦ ᠴᠠᠭ ᠬᠤᠭᠤᠴᠠᠭ᠎ᠠ ᠶᠢ ᠪᠣᠭᠤᠨᠢᠰᠬᠠᠵᠤ᠂ ᠬᠢᠨᠠᠨ ᠵᠥᠪᠰᠢᠶᠡᠷᠡᠭᠦᠯᠬᠦ ᠠᠯᠬᠤᠮ ᠳᠠᠷᠠᠭᠠᠯᠠᠯ ᠢ ᠰᠢᠯᠢᠳᠡᠭᠵᠢᠭᠦᠯᠦᠨ᠂ ᠬᠡᠷᠡᠭ ᠭᠦᠢᠴᠡᠳᠬᠡᠬᠦ ᠪᠢᠴᠢᠭ ᠮᠠᠲ᠋ᠧᠷᠢᠶᠠᠯ ᠢ ᠴᠤᠮᠬᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠳᠦᠷᠢᠮᠵᠢᠭᠦᠯᠬᠦ ᠳᠦᠭᠦᠮᠴᠢᠯᠡᠬᠦ ᠪᠠᠶᠢᠭᠤᠯᠤᠯᠲᠠ ᠶᠢ ᠲᠦᠷᠭᠡᠳᠬᠡᠨ᠎ᠡ᠃ ︽12345︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ ᠪᠠᠷ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠵᠤ᠂ ᠢᠯᠡᠴᠢᠯᠡᠨ ᠮᠡᠳᠡᠭᠦᠯᠬᠦ ᠠᠴᠠ ᠡᠮᠦᠨ᠎ᠡ ᠤᠷᠢᠳᠠᠪᠠᠷ ᠭᠦᠢᠴᠡᠳᠬᠡᠬᠦ ᠠᠵᠢᠯ ᠤᠨ ᠲᠣᠭᠲᠠᠴᠠ ᠶᠢ ᠰᠦᠪᠡᠭᠴᠢᠯᠡᠵᠦ᠂ ᠨᠡᠶᠢᠭᠡᠮ ᠤᠨ ᠠᠩᠬᠠᠷᠤᠯ ᠳᠤ ᠴᠠᠭ ᠲᠤᠬᠠᠢ ᠳᠤᠨᠢ ᠬᠠᠷᠢᠭᠤ ᠲᠤᠰᠬᠠᠯ ᠥᠭᠴᠦ᠂ ᠠᠵᠤ ᠠᠬᠤᠶᠢᠯᠠᠯ ᠪᠠ ᠣᠯᠠᠨ ᠲᠦᠮᠡᠨ ᠤ ᠳᠡᠷᠭᠡᠳᠡᠬᠢ ᠶᠠᠪᠤᠳᠠᠯ᠂ ᠰᠠᠨᠠᠭᠠᠰᠢᠷᠠᠵᠤ ᠪᠠᠶᠢᠭ᠎ᠠ ᠶᠠᠪᠤᠳᠠᠯ ᠢ ᠪᠦᠲᠦᠮᠵᠢᠲᠡᠢ ᠰᠢᠢᠳᠪᠦᠷᠢᠯᠡᠨ᠎ᠡ᠃ ︽ᠬᠤᠶᠠᠷ ᠢ ᠰᠤᠭᠤᠴᠢᠨ ᠨᠢᠭᠡ ᠶᠢ ᠢᠯᠡ ᠪᠣᠯᠭᠠᠬᠤ︾ ︽ᠰᠦᠯᠵᠢᠶ᠎ᠡ + ᠬᠢᠨᠠᠨ ᠬᠠᠮᠢᠶᠠᠷᠤᠯᠲᠠ ︾ ᠪᠠ ᠢᠲᠡᠭᠡᠮᠵᠢ ᠶᠢᠨ ᠬᠢᠨᠠᠨ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠠᠥᠯᠢ ᠬᠡᠷᠡᠭᠵᠢᠭᠦᠯᠬᠦ ᠪᠠ ᠰᠢᠢᠳᠬᠡᠯ ᠥᠭᠬᠦ ᠠᠵᠢᠯᠯᠠᠭ᠎ᠠ ᠶᠢ ᠳᠦᠷᠢᠮᠵᠢᠭᠦᠯᠦᠨ᠂ ᠠᠵᠤ ᠠᠬᠤᠶᠢᠯᠠᠯ ᠤᠨ ᠬᠠᠥᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠨᠡᠭᠡᠭᠡᠯᠲᠡ ᠲᠠᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ᠂ ᠡᠷᠬᠡ ᠲᠡᠭᠰᠢ ᠲᠥᠪ ᠭᠤᠣᠯᠴᠢ ᠬᠠᠥᠯᠢ ᠪᠠᠷ ᠵᠠᠰᠠᠬᠤ ᠣᠷᠴᠢᠨ ᠲᠣᠭᠤᠷᠢᠨ ᠪᠠ ᠡᠶ᠎ᠡ ᠵᠣᠬᠢᠴᠠᠩᠭᠤᠢ ᠡᠷᠡᠭᠦᠯ ᠰᠠᠷᠠᠭᠤᠯ ᠦᠨᠡᠨᠴᠢ ᠢᠲᠡᠭᠡᠮᠵᠢᠲᠡᠢ ᠣᠷᠴᠢᠨ ᠲᠣᠭᠤᠷᠢᠨ ᠢ ᠪᠣᠢ ᠪᠣᠯᠭᠠᠨ᠎ᠠ᠃        ᠬᠡᠷᠡᠭᠯᠡᠭᠡ ᠶᠢᠨ ᠳᠠᠯᠳᠠ ᠬᠦᠴᠦᠨ ᠪᠠ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠦᠷᠬᠦᠯᠵᠢᠯᠡᠨ ᠬᠦᠭᠵᠢᠭᠡᠨ᠎ᠡ᠃ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠬᠦᠴᠦᠯᠡᠨ ᠢᠯᠡᠷᠡᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠤᠶᠠᠨ ᠬᠠᠳᠠᠨ ᠴᠢᠨᠠᠷ ᠢ ᠴᠢᠩᠭᠠᠷᠠᠭᠤᠯᠤᠨ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ 2023 ᠣᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ 120 ᠵᠤᠷᠪᠤᠰ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠠᠶᠢᠯᠢ ᠶᠢ ᠬᠦᠩᠭᠡᠯᠡᠵᠦ ᠰᠦᠢᠳᠬᠡᠯ ᠢ ᠪᠠᠭᠤᠷᠠᠭᠤᠯᠬᠤ ᠪᠠ ᠠᠵᠤ ᠠᠬᠤᠶᠢᠯᠠᠯ ᠢ ᠳᠡᠮᠵᠢᠨ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠱᠠᠲᠤᠨ ᠤ ᠡᠯ᠎ᠡ ᠵᠦᠢᠯ ᠤᠨ ᠲᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠳᠤᠮᠳᠠ ᠵᠢᠵᠢᠭ ᠪᠠᠭ᠎ᠠ ᠠᠵᠤ ᠠᠬᠤᠶᠢᠯᠠᠯ ᠤᠨ ᠦᠢᠯᠡᠴᠢᠯᠡᠭᠡ ᠬᠠᠮᠢᠶᠠᠷᠤᠯᠲᠠ ᠶᠢ ᠴᠢᠩᠭᠠᠳᠬᠠᠨ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠨ ᠪᠤᠵᠠᠭᠠᠶᠢᠷᠠᠬᠤ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠦᠨᠡᠨ ᠬᠦ ᠠᠵᠤ ᠠᠬᠤᠶᠢᠯᠠᠯ ᠤᠨ ᠬᠦᠯᠢᠶᠡᠰᠦᠯᠡᠯ ᠢ ᠰᠤᠯᠠᠯᠠᠵᠤ ᠳᠠᠷᠤᠭᠠᠰᠤ ᠶᠢ ᠬᠦᠩᠭᠡᠯᠡᠨ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠨᠡᠮᠡᠭᠳᠡᠭᠦᠯᠦᠨ᠎ᠡ᠃ ᠬᠡᠷᠡᠭᠯᠡᠭᠡ ᠶᠢ ᠪᠥᠬᠦ ᠲᠠᠯ᠎ᠠ ᠪᠠᠷ ᠠᠬᠢᠭᠤᠯᠵᠤ᠂ ᠨᠢᠭᠡᠳᠦᠭᠡᠷ ᠠᠵᠤ ᠦᠢᠯᠡᠰ᠂ ᠭᠤᠷᠪᠠᠳᠤᠭᠠᠷ ᠠᠵᠤ ᠦᠢᠯᠡᠰ ᠤᠨ ᠴᠢᠨᠠᠷᠯᠢᠭ ᠪᠦᠲᠦᠭᠡᠭᠳᠡᠬᠦᠨ ᠪᠠ ᠮᠠᠰᠢᠨ ᠤ ᠠᠷᠤ ᠠᠪᠳᠠᠷ᠎ᠠ ᠶᠢᠨ ᠠᠵᠤ ᠠᠬᠤᠢ᠂ ᠰᠥᠨᠢ ᠶᠢᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠲᠣᠭᠤᠷᠢᠨ ᠳᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠢ ᠭᠦᠢᠴᠡᠳ ᠰᠠᠶᠢᠲᠤᠷ ᠬᠡᠷᠡᠭᠯᠡᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠪᠣᠯᠣᠨ ᠰᠣᠶᠣᠯ ᠵᠢᠭᠤᠯᠴᠢᠯᠠᠯ ᠤᠨ ᠲᠠᠸᠠᠷ ᠢ ︽ᠡᠭᠦᠯᠡᠨ ᠬᠡᠲᠦ ᠳᠡᠯᠭᠡᠭᠦᠷ︾ ᠲᠤ ᠣᠷᠣᠭᠤᠯᠬᠤ ᠶᠢ ᠠᠬᠢᠭᠤᠯᠵᠤ᠂ ᠵᠢᠯ ᠤᠨ ᠪᠣᠷᠤᠯᠠᠭᠤᠯᠤᠯᠲᠠ ᠶᠢᠨ ᠣᠷᠣᠯᠭ᠎ᠠ ᠶᠢ 15% ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠲᠣᠭᠠᠴᠢᠯᠠᠭᠰᠠᠨ ᠰᠢᠨ᠎ᠡ ᠪᠠᠷᠭᠤ ᠪᠠᠷᠠᠭᠤᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠣᠭᠠᠴᠢᠯᠠᠯᠲᠠ ᠪᠠᠷ ᠣᠢ ᠰᠢᠭᠤᠢ ᠨᠤᠲᠤᠭ ᠪᠡᠯᠴᠢᠭᠡᠷ᠂ ᠠᠶᠠᠯᠠᠯ ᠵᠢᠭᠤᠯᠴᠢᠯᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠳᠤ ᠬᠦᠴᠦᠨ ᠨᠡᠮᠡᠷᠢᠯᠡᠬᠦ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ ᠶᠢᠨ ᠠᠵᠤ ᠠᠬᠤᠢ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃        ︵ᠬᠤᠶᠠᠷ︶ ᠲᠦᠷᠦᠯ ᠵᠦᠢᠯᠵᠢᠭᠦᠯᠬᠦ ᠣᠶᠢᠯᠠᠭᠠᠭᠳᠠᠬᠤᠨ ᠢᠶᠠᠷ ᠰᠢᠨ᠎ᠡ ᠶᠢ ᠡᠭᠦᠳᠬᠦ ᠬᠦᠳᠡᠯᠭᠡᠭᠦᠷ ᠪᠣᠯᠭᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠳᠤ ︽ᠠᠮᠢᠵᠢᠷᠠᠯ ᠤᠨ ᠬᠦᠴᠦᠨ︾ ᠨᠡᠮᠡᠷᠢᠯᠡᠨ᠎ᠡ᠃ ᠲᠤᠭ᠎ᠠ ᠬᠡᠮᠵᠢᠶᠡᠨ ᠤ ᠨᠡᠮᠡᠭᠳᠡᠯ ᠤᠨ ᠦᠭᠡᠷᠡᠴᠢᠯᠡᠯᠲᠡ ᠪᠣᠯᠣᠨ ᠦᠯᠡᠳᠡᠭᠳᠡᠯ ᠬᠡᠮᠵᠢᠶᠡᠨ ᠤ ᠲᠣᠬᠢᠷᠠᠭᠤᠯᠤᠯᠲᠠ ᠶᠢ ᠤᠷᠭᠠᠨᠢᠭ ᠢᠶᠠᠷ ᠤᠶᠠᠯᠳᠤᠭᠤᠯᠬᠤ ᠶᠢ ᠦᠷᠬᠦᠯᠵᠢᠯᠡᠨ ᠰᠠᠶᠢᠲᠤᠷ ᠬᠢᠵᠦ᠂ ᠭᠤᠣᠯᠯᠠᠬᠤ ᠠᠵᠤ ᠦᠢᠯᠡᠰ ᠢ ᠦᠷᠭᠡᠳᠬᠡᠨ ᠬᠦᠴᠦᠷᠬᠡᠭᠵᠢᠭᠦᠯᠬᠦ ᠪᠠ ᠣᠨᠴᠠᠯᠢᠭᠲᠤ ᠳᠠᠪᠠᠭᠤᠯᠢᠭ ᠠᠵᠤ ᠦᠢᠯᠡᠰ ᠢ ᠨᠠᠷᠢᠯᠢᠭᠵᠢᠭᠤᠯᠤᠨ ᠰᠢᠯᠢᠳᠡᠭᠵᠢᠭᠦᠯᠵᠦ᠂ ᠠᠵᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠨ᠎ᠡ ᠰᠢᠰᠲ᠋ᠧᠮ ᠢ ᠰᠢᠨᠵᠢᠯᠡᠬᠦ ᠤᠬᠠᠭᠠᠨᠴᠢ ᠪᠠᠷ ᠪᠠᠶᠢᠭᠤᠯᠤᠨ᠎ᠠ᠃        ᠣᠳᠤ ᠦᠶ᠎ᠡ ᠶᠢᠨ ᠮᠠᠯ ᠠᠵᠤ ᠠᠬᠤᠢ ᠶᠢ ᠪᠣᠶᠢᠵᠢᠭᠤᠯᠤᠨ ᠰᠢᠯᠢᠳᠡᠭᠵᠢᠭᠦᠯᠦᠨ᠎ᠡ᠃ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠪᠣᠯᠪᠠᠰᠤᠷᠠᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠨ᠂ ︽ᠬᠦᠯᠦᠨ ᠪᠣᠶᠢᠷ ᠤᠨ ᠲᠠᠯ᠎ᠠ ᠨᠤᠲᠤᠭ︾ ᠬᠤᠲᠠ ᠶᠢᠨ ᠬᠡᠪᠴᠢᠶᠡᠨ ᠤ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭᠲᠦ ᠵᠢᠴᠢ ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠭᠠᠵᠠᠷ ᠵᠦᠢ ᠶᠢᠨ ᠲᠦᠷᠦᠯ ᠲᠡᠮᠳᠡᠭᠲᠦ ᠶᠢᠨ ᠨᠦᠯᠦᠭᠡᠯᠡᠬᠦ ᠬᠦᠴᠦᠨ ᠢ ᠦᠷᠬᠦᠯᠵᠢᠯᠡᠨ ᠦᠷᠭᠡᠳᠬᠡᠨ᠎ᠡ᠃ ᠵᠠᠭᠤᠨ ᠲᠦᠮᠡᠨ ᠢᠳᠡᠰᠢᠨ ᠤ ᠬᠤᠨᠢ᠂ ᠠᠷᠪᠠᠨ ᠲᠦᠮᠡᠨ ᠢᠳᠡᠰᠢᠨ ᠤ ᠦᠬᠡᠷ ᠤᠨ ᠠᠵᠤ ᠦᠢᠯᠡᠰ ᠤᠨ ᠰᠦᠷᠦᠭᠵᠢᠯ ᠢ ᠪᠣᠢ ᠪᠣᠯᠭᠠᠬᠤ ᠪᠠᠷ ᠬᠠᠷᠠᠯᠲᠠ ᠪᠣᠯᠭᠠᠨ᠂ ᠣᠳᠣ ᠦᠶ᠎ᠡ ᠶᠢᠨ ᠡᠭᠦᠯᠳᠡᠷ ᠤᠨ ᠦᠢᠯᠡᠰ ᠤᠨ ᠳᠡᠭᠡᠭᠰᠢᠯᠡᠯᠲᠡ᠂ ︽ᠰᠠᠨᠾᠧ︾ ᠢᠳᠡᠰᠢᠨ ᠤ ᠦᠬᠡᠷ᠂ ︽ᠬᠦᠯᠦᠨ ᠪᠣᠶᠢᠷ︾ ᠢᠳᠡᠰᠢᠨ ᠤ ᠬᠤᠨᠢ ᠶᠢ ᠲᠡᠵᠢᠭᠡᠨ ᠦᠷᠡᠵᠢᠭᠦᠯᠬᠦ ᠵᠡᠷᠭᠡ ᠲᠦᠷᠦᠯ ᠵᠦᠢᠯ ᠢ ᠬᠡᠷᠡᠭᠵᠢᠭᠦᠯᠵᠦ᠂ ᠠᠵᠤ ᠠᠬᠤᠶᠢᠯᠠᠯ᠂ ᠲᠡᠵᠢᠭᠡᠨ ᠦᠷᠡᠵᠢᠭᠦᠯᠬᠦ ᠲᠣᠮᠣ ᠡᠷᠦᠬᠡ ᠪᠠ ᠲᠤᠰᠬᠠᠢ ᠬᠤᠷᠰᠢᠶᠠᠵᠢᠯ ᠵᠡᠷᠭᠡ ᠡᠵᠡᠩᠨᠡᠯᠲᠡ ᠶᠢᠨ ᠭᠤᠣᠯ ᠴᠣᠭᠴᠠ ᠶᠢᠨ ᠠᠰᠢᠭ ᠲᠤᠰᠠ ᠶᠢᠨ ᠬᠤᠯᠪᠣᠭᠠᠯᠠᠨ ᠬᠦᠳᠡᠯᠦᠯᠴᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ᠂ ᠲᠡᠵᠢᠭᠡᠯ ᠪᠣᠷᠳᠤᠭ᠎ᠠ ᠶᠢ ᠡᠳ᠋ᠰᠢᠭᠦᠯᠦᠨ ᠠᠰᠢᠭᠯᠠᠬᠤ ᠪᠠ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠪᠠᠷ ᠦᠷᠬᠦᠯᠵᠢᠯᠡᠨ ᠬᠦᠴᠦᠯᠡᠵᠦ᠂ ᠵᠢᠯ ᠤᠨ ᠮᠠᠯ ᠤᠨ ᠭᠠᠷᠭᠠᠯᠲᠠ ᠶᠢ 70 ᠲᠦᠮᠡᠨ ᠲᠣᠯᠣᠭᠠᠢ ᠠᠴᠠ ᠳᠠᠪᠠᠭᠤᠯᠬᠤ ᠪᠠᠷ ᠴᠢᠷᠮᠠᠶᠢᠨ᠎ᠠ᠃ ᠰᠣᠮᠣ ᠪᠠᠯᠭᠠᠰᠤ ᠶᠢᠨ ᠬᠤᠳᠠᠯᠳᠤᠭ᠎ᠠ ᠠᠷᠠᠯᠵᠢᠶᠠᠨ ᠤ ᠭᠦᠢᠯᠭᠡᠭᠡ ᠶᠢ ᠨᠢᠭᠡᠳᠦᠯᠲᠡᠢ ᠬᠦᠮᠦᠷᠭᠡᠯᠡᠨ ᠬᠠᠮᠲᠤ ᠳᠤᠨᠢ ᠲᠣᠬᠢᠷᠠᠭᠤᠯᠬᠤ᠂ ᠬᠦᠯᠳᠡᠭᠦᠦ ᠪᠠᠷᠠᠭᠠᠨ ᠤ ᠭᠦᠢᠯᠭᠡᠭᠡ ᠪᠠᠷ ᠬᠤᠨᠢᠨ ᠮᠢᠬᠠᠨ ᠤ ᠪᠦᠲᠦᠭᠡᠭᠳᠡᠬᠦᠨ ᠢ ᠬᠡᠰᠡᠭᠯᠡᠨ ᠣᠶᠤᠨᠴᠢ ᠪᠠᠷ ᠪᠣᠭᠤᠳᠠᠯᠯᠠᠬᠤ ᠵᠡᠷᠭᠡ ᠲᠦᠷᠦᠯ ᠵᠦᠢᠯ ᠢ ᠬᠡᠷᠡᠭᠵᠢᠭᠦᠯᠵᠦ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠪᠠ ᠪᠣᠯᠪᠠᠰᠤᠷᠠᠭᠤᠯᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠤᠮᠠᠷᠠᠲᠤ ᠬᠡᠰᠡᠭ ᠤᠨ ᠪᠡᠯᠡᠳᠬᠡᠯ ᠨᠤᠲᠤᠭ ᠪᠡᠯᠴᠢᠭᠡᠷ ᠤᠨ ᠭᠠᠮᠰᠢᠭ ᠢ ᠡᠰᠡᠷᠭᠦᠴᠡᠨ ᠲᠦᠯ ᠮᠠᠯ ᠢ ᠪᠠᠲᠤᠯᠠᠬᠤ ᠪᠠ ᠲᠡᠵᠢᠭᠡᠯ ᠪᠣᠷᠳᠣᠭᠠᠨ ᠤ ᠪᠠᠴᠢᠮ ᠪᠠᠶᠢᠳᠠᠯ ᠢ ᠠᠷᠭᠠᠴᠠᠬᠤ ᠨᠦᠬᠦᠴᠡᠯ ᠢ ᠪᠠᠳᠠᠷᠠᠭᠤᠯᠤᠨ᠂ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ᠂ ᠲᠠᠷᠢᠶᠠᠯᠠᠩ ᠤᠨ ᠮᠠᠰᠢᠨ ᠮᠧᠬᠠᠨᠢᠭ᠂ ᠡᠭᠦᠯᠳᠡᠷ ᠤᠨ ᠬᠤᠨᠢ ᠢᠮᠠᠭ᠎ᠠ ᠵᠡᠷᠭᠡ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠲᠦᠷᠦᠯ ᠤᠨ ᠨᠥᠬᠦᠪᠦᠷᠢ ᠶᠢ ᠡᠮᠬᠢ ᠵᠢᠷᠤᠮ ᠲᠠᠢ ᠲᠠᠷᠬᠠᠭᠠᠵᠤ᠂ ᠬᠠᠮᠲᠤ ᠶᠢᠨ ᠠᠵᠤ ᠠᠬᠤᠢ ᠪᠠ ᠮᠠᠯᠴᠢᠨ ᠲᠦᠮᠡᠨ ᠤ ᠣᠷᠣᠯᠭ᠎ᠠ ᠶᠢᠨ ᠲᠣᠭᠲᠠᠭᠤᠨ ᠨᠡᠮᠡᠭᠳᠡᠯ ᠢ ᠠᠬᠢᠭᠤᠯᠤᠨ᠎ᠠ᠃        ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠳᠠᠯᠳᠠ ᠬᠦᠴᠦᠨ ᠢ ᠢᠯᠡᠷᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ᠃ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠥᠭᠵᠢᠯᠲᠡ ᠶᠢ ᠴᠢᠬᠤᠯᠠ ᠪᠦᠭᠡᠳ ᠳᠣᠪᠣᠶᠢᠮ᠎ᠠ ᠪᠠᠶᠢᠷᠢᠨ ᠳᠤ ᠲᠠᠯᠪᠢᠵᠤ᠂ ᠦᠨᠡᠭᠡᠲᠦ ᠠᠭᠤᠯᠠ ᠶᠢᠨ ᠠᠭᠤᠷᠬᠠᠢ ᠶᠢᠨ ᠳᠣᠣᠷ᠎ᠠ ᠠᠭᠤᠯᠤᠭᠳᠠᠴᠠ ᠲᠠᠢ ᠵᠡᠰ ᠤᠨ ᠬᠠᠶᠠᠭᠳᠠᠮᠠᠯ ᠬᠦᠳᠡᠷ ᠤᠨ ᠣᠷᠴᠢᠨ ᠲᠣᠭᠤᠷᠢᠨ ᠤ ᠪᠣᠬᠢᠷᠳᠤᠯ ᠢ ᠤᠷᠢᠳᠴᠢᠯᠠᠨ ᠰᠡᠷᠭᠡᠶᠢᠯᠡᠬᠦ ᠵᠢᠴᠢ ᠡᠬᠢ ᠪᠠᠶᠠᠯᠢᠭ ᠢ ᠶᠡᠷᠦᠩᠬᠡᠶᠢᠯᠡᠨ ᠬᠤᠷᠢᠶᠠᠨ ᠠᠪᠴᠤ ᠠᠰᠢᠭᠯᠠᠬᠤ ᠵᠡᠷᠭᠡ ᠮᠡᠷᠭᠡᠵᠢᠯ ᠢ ᠰᠠᠶᠢᠵᠢᠷᠠᠭᠤᠯᠬᠤ ᠲᠦᠷᠦᠯ ᠵᠦᠢᠯ ᠢ ᠡᠮᠬᠢ ᠵᠢᠷᠤᠮ ᠲᠠᠢ ᠬᠡᠷᠡᠭᠵᠢᠭᠦᠯᠦᠨ᠂ ᠬᠤᠸᠠᠩ ᠶᠢᠨ᠂ ᠷᠦᠩ ᠳ᠋ᠡ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠤᠨ ᠪᠤᠬᠢᠷᠲᠤᠯ ᠦᠭᠡᠢ᠂ ᠦᠨᠳᠦᠷ ᠲᠦᠪᠰᠢᠨ ᠲᠠᠢ ᠪᠦᠭᠡᠳ ᠣᠶᠤᠨᠴᠢ ᠪᠠᠷ ᠬᠡᠯᠪᠡᠷᠢ ᠪᠠᠨ ᠬᠤᠪᠢᠷᠠᠭᠤᠯᠬᠤ ᠶᠢ ᠬᠦᠲᠦᠯᠦᠨ ᠵᠢᠯᠣᠭᠤᠳᠣᠨ᠎ᠠ᠃ ᠴᠡᠪᠡᠷ ᠡᠨᠧᠷᠭᠢ ᠶᠢᠨ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠠᠮᠵᠢᠨ ᠠᠳᠬᠤᠵᠤ᠂ ᠬᠤᠸᠠ ᠳ᠋ᠢᠶᠠᠨ ᠤ ᠦᠪᠦᠷ ᠮᠣᠩᠭᠤᠯ ᠤᠨ ᠵᠡᠭᠦᠨ ᠬᠡᠰᠡᠭ ᠲᠠᠬᠢ ᠲᠠᠷᠬᠠᠮᠠᠯ ᠮᠠᠶ᠋ᠢᠭ ᠤᠨ ᠬᠡᠷᠡᠯ ᠴᠡᠨᠡᠭ ᠪᠠ ᠬᠤᠸᠠ ᠨᠧᠩ ᠤᠨ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠬᠦ ᠲᠥᠷᠥᠯ ᠵᠦᠢᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠠᠬᠢᠭᠤᠯᠵᠤ᠂ ᠴᠡᠪᠡᠷ ᠡᠨᠧᠷᠭᠢ ᠶᠢᠨ ᠠᠵᠤ ᠦᠢᠯᠡᠰ ᠤᠨ ᠦᠰᠦᠷᠦᠯᠲᠡ ᠶᠢᠨ ᠮᠠᠶ᠋ᠢᠭ ᠤᠨ ᠬᠥᠭᠵᠢᠯᠲᠡ ᠶᠢ ᠲᠦᠷᠭᠡᠳᠬᠡᠨ᠎ᠡ᠃ ᠬᠤᠩᠭᠢᠷᠠᠳ ᠢᠳᠡᠭᠡᠨ ᠤ ᠵᠦᠢᠯ ᠤᠨ ᠬᠢᠵᠠᠭᠠᠷᠲᠤ ᠺᠣᠮᠫᠠᠨᠢ ᠶᠢᠨ ᠦᠬᠡᠷ ᠬᠤᠨᠢ ᠨᠢᠳᠤᠯᠬᠤ ᠲᠣᠭᠤᠷᠢᠨ ᠦᠵᠡᠬᠦ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠪᠥᠬᠦ ᠬᠦᠴᠦᠨ ᠢᠶᠠᠷ ᠳᠡᠮᠵᠢᠵᠦ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠨ᠂ ᠪᠦᠲᠦᠭᠡᠭᠳᠡᠬᠦᠨ ᠤ ᠨᠡᠮᠡᠯᠲᠡ ᠦᠷᠲᠡᠭ ᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠣᠨᠤᠭ ᠲᠦᠬᠦᠭᠡᠷᠦᠮᠵᠢ ᠶᠢ ᠳᠡᠰ ᠳᠡᠪᠰᠢᠭᠦᠯᠬᠦ ᠶᠢ ᠢᠳᠡᠪᠬᠢᠲᠡᠢ ᠬᠦᠲᠦᠯᠦᠨ ᠵᠢᠯᠣᠭᠤᠳᠴᠤ᠂ ᠡᠨᠧᠷᠬᠢ ᠪᠠ ᠤᠰᠤ ᠠᠷᠪᠢᠯᠠᠬᠤ᠂ ᠴᠡᠪᠡᠷᠰᠢᠭᠦᠯᠦᠨ ᠦᠢᠯᠡᠳᠪᠦᠷᠢᠯᠡᠬᠦ᠂ ᠣᠶᠣᠨᠴᠢ ᠪᠠᠷ ᠡᠵᠡᠮᠳᠡᠬᠦ ᠮᠡᠷᠭᠡᠵᠢᠯ ᠤᠨ ᠦᠭᠡᠷᠡᠴᠢᠯᠡᠯᠲᠡ ᠶᠢ ᠦᠷᠨᠢᠭᠦᠯᠵᠦ᠂ ᠰᠢᠨ᠎ᠡ ᠬᠠᠭᠤᠴᠢᠨ ᠬᠦᠳᠡᠯᠭᠡᠭᠴᠢ ᠬᠦᠴᠦᠨ ᠢ ᠬᠤᠪᠢᠷᠠᠭᠤᠯᠬᠤ ᠶᠢ ᠲᠦᠷᠭᠡᠳᠬᠡᠵᠦ᠂ ᠳᠠᠪᠠᠭᠤᠯᠢᠭ ᠦᠢᠯᠡᠳᠪᠦᠷᠢᠯᠡᠯ ᠤᠨ ᠬᠦᠴᠦᠨ ᠢ ᠪᠦᠷᠢᠯᠳᠦᠭᠦᠯᠦᠨ᠎ᠡ᠃        ᠵᠢᠭᠤᠯᠴᠢᠯᠠᠯ ᠤᠨ ᠠᠵᠤ ᠦᠢᠯᠡᠰ ᠢ ᠪᠦᠬᠦ ᠬᠦᠴᠦᠨ ᠢᠶᠠᠷ ᠰᠡᠷᠭᠦᠭᠡᠨ ᠮᠠᠨᠳᠤᠭᠤᠯᠤᠨ᠎ᠠ᠃ ᠲᠥᠯᠦᠪᠵᠢᠭᠦᠯᠭᠡ ᠪᠠᠷ ᠵᠢᠯᠣᠭᠤᠳᠣᠮᠵᠢ ᠪᠣᠯᠭᠠᠨ᠂ ᠪᠡᠯᠡ ᠣᠷᠤᠭᠤᠯᠤᠯᠲᠠ ᠪᠠᠷ ᠭᠠᠷᠳᠠᠴᠠ ᠪᠣᠯᠭᠠᠵᠤ᠂ ᠪᠠᠶᠢᠭᠠᠯᠢᠯᠢᠭ ᠲᠠᠯ᠎ᠠ ᠨᠤᠲᠤᠭ ᠤᠨ ᠥᠩᠭᠡ ᠦᠵᠡᠮᠵᠢ ᠪᠠ ᠠᠷᠠᠳ ᠤᠨ ᠵᠠᠩ ᠦᠢᠯᠡ ᠰᠣᠶᠣᠯ ᠳᠤ ᠲᠦᠰᠢᠭᠯᠡᠨ᠂ ᠬᠥᠳᠡᠭᠡ ᠲᠣᠰᠬᠤᠨ ᠤ ᠪᠡᠶ᠎ᠡ ᠰᠣᠪᠢᠯᠠᠯᠲᠠ ᠠᠮᠠᠷᠠᠯᠲᠠ ᠵᠤᠭᠠᠴᠠᠯ᠂ ᠠᠮᠢ ᠠᠬᠤᠢ ᠶᠢᠨ ᠰᠡᠯᠡᠭᠦᠴᠡᠯ ᠪᠠ ᠠᠷᠠᠳ ᠤᠨ ᠵᠠᠩ ᠦᠢᠯᠡ ᠪᠠᠶᠠᠷ ᠳᠤᠷᠠᠰᠬᠠᠯ ᠵᠡᠷᠭᠡ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠰᠦᠪᠡᠭᠴᠢᠯᠡᠨ ᠬᠦᠭᠵᠢᠭᠦᠯᠦᠨ᠎ᠡ᠃ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ᠂ ᠣᠶᠤᠨᠴᠢ ᠤᠯᠠᠭ᠎ᠠ ᠥᠷᠲᠡᠭᠡ ᠪᠠ ᠵᠢᠭᠤᠯᠴᠢᠯᠠᠯ ᠤᠨ ᠵᠤᠰᠠᠯᠠᠩ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢ ᠲᠡᠭᠦᠯᠳᠡᠷᠵᠢᠭᠦᠯᠦᠨ᠂ ᠪᠣᠭᠳᠠ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠳᠠᠬᠢᠨ ᠠᠶᠠᠯᠠᠯ ᠨᠡᠪᠲᠡᠷᠡᠭᠦᠯᠵᠦ᠂ ᠵᠠᠮ ᠬᠠᠷᠢᠯᠴᠠᠭ᠎ᠠ᠂ ᠢᠳᠡᠭᠡᠨ ᠤᠮᠳᠠᠭᠠᠨ᠂ ᠬᠤᠨᠤᠭ ᠪᠠᠭᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠪᠦᠬᠦ ᠣᠷᠣᠨ ᠪᠦᠰᠡ᠂ ᠪᠦᠬᠦ ᠴᠠᠭ ᠤᠯᠠᠷᠢᠯ᠂ ᠪᠦᠬᠦ ᠠᠵᠢᠯ ᠲᠦᠷᠦᠯ︾ ᠤᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠰᠢᠯᠢᠳᠡᠭᠵᠢᠭᠦᠯᠦᠨ᠂ ᠨᠠᠶᠢᠷ ᠨᠠᠭᠠᠳᠤᠮ᠂ ᠠᠷᠠᠳ ᠤᠨ ᠵᠠᠩ ᠦᠢᠯᠡ ᠰᠣᠶᠣᠯ ᠵᠢᠭᠤᠯᠴᠢᠯᠠᠯ ᠤᠨ ᠨᠠᠶᠢᠷ ᠢ ᠪᠠᠶᠢᠩᠭᠤᠵᠢᠭᠤᠯᠬᠤ ᠶᠢ ᠠᠬᠢᠭᠤᠯᠵᠤ᠂ ᠲᠣᠣᠭᠤᠷ ᠨᠢᠰᠴᠦ ᠦᠵᠡᠮᠵᠢ ᠰᠣᠨᠢᠷᠬᠠᠬᠤ᠂ ᠲᠠᠯ᠎ᠠ ᠨᠤᠲᠤᠭ ᠤᠨ ᠠᠮᠲᠠᠲᠤ ᠢᠳᠡᠭᠡᠨ ᠤ ᠨᠠᠶᠢᠷ᠂ ᠴᠠᠰᠤ ᠮᠦᠰᠦᠨ ᠤ ᠨᠠᠶᠢᠷ ᠵᠡᠷᠭᠡ ᠠᠵᠢᠯᠯᠠᠭ᠎ᠠ ᠦᠷᠨᠢᠭᠦᠯᠵᠦ᠂ ᠵᠤᠭᠠᠴᠠᠭᠰᠠᠳ ᠢ ︽ᠬᠦᠯᠦᠨ · ᠪᠣᠶᠢᠷ︾ ᠲᠤ ᠢᠷᠡᠵᠦ ᠲᠣᠭᠤᠷᠢᠨ ᠵᠤᠭᠠᠴᠠᠬᠤ ᠤᠷᠮ᠎ᠠ ᠪᠠᠬ᠎ᠠ ᠶᠢ ᠬᠦᠭᠵᠢᠭᠡᠨ᠎ᠡ᠃ ︽ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠠᠯᠭᠠᠰᠤ︾ ᠶᠢ ᠢᠳᠡᠪᠬᠢᠲᠡᠢ ᠡᠭᠦᠳᠦᠨ ᠪᠠᠶᠢᠭᠤᠯᠵᠤ᠂ ᠵᠡᠭᠦᠨ ᠰᠦᠮ᠎ᠡ ᠭᠠᠴᠠᠭ᠎ᠠ᠂ ᠮᠠᠩᠯᠠᠢ ᠭᠠᠴᠠᠭ᠎ᠠ ᠶᠢᠨ ᠦᠪᠡᠷᠮᠢᠴᠡ ᠣᠨᠴᠠᠯᠢᠭᠲᠤ ᠬᠦᠳᠡᠭᠡ ᠲᠣᠰᠬᠤᠨ ᠤ ᠵᠢᠭᠤᠯᠴᠢᠯᠠᠯ ᠤᠨ ᠵᠣᠷᠢᠭᠰᠠᠨ ᠭᠠᠵᠠᠷ ᠢ ᠪᠠᠶᠢᠭᠤᠯᠵᠤ᠂ ᠨᠠᠩ ᠣᠯᠠᠨ ᠮᠠᠯᠴᠢᠨ ᠲᠠᠷᠢᠶᠠᠴᠢᠳ ᠲᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ︽ᠠᠯᠲᠠᠨ ᠠᠶᠠᠭ᠎ᠠ︾ ᠶᠢ ᠭᠠᠷᠳᠠᠭᠤᠯᠬᠤ ᠪᠠᠷ ᠴᠢᠷᠮᠠᠶᠢᠨ᠎ᠠ᠃ ᠵᠢᠭᠤᠯᠴᠢᠯᠠᠯ ᠤᠨ ᠰᠤᠷᠲᠠᠯ ᠤᠬᠠᠭᠤᠯᠭ᠎ᠠ ᠡᠵᠡᠩᠨᠡᠯᠲᠡ ᠪᠣᠷᠣᠯᠠᠭᠤᠯᠤᠯᠲᠠ ᠪᠠ ᠰᠣᠶᠣᠯ ᠵᠢᠭᠤᠯᠴᠢᠯᠠᠯ ᠤᠨ ᠭᠤᠣᠯ ᠰᠡᠳᠦᠪᠲᠦ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠰᠦᠯᠵᠢᠶᠡᠨ ᠳᠤ ᠨᠡᠷ᠎ᠡ ᠠᠯᠳᠠᠷᠰᠢᠭᠰᠠᠨ ᠭᠠᠵᠠᠷ ᠢ ᠥᠨᠳᠥᠷ ᠪᠠᠷᠢᠮᠵᠢᠶ᠎ᠠ ᠪᠠᠷ ᠲᠥᠰᠥᠪᠯᠡᠨ ᠪᠠᠶᠢᠭᠤᠯᠵᠤ᠂ ᠪᠥᠬᠦ ᠵᠢᠯ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠵᠤᠭᠠᠴᠠᠭᠰᠠᠳ ᠢ 30 ᠲᠦᠮᠡᠨ ᠬᠥᠮᠥᠨ ᠤᠳᠠᠭ᠎ᠠ ᠭᠥᠯᠢᠶᠡᠨ ᠵᠣᠴᠢᠯᠠᠬᠤ ᠪᠠᠷ ᠴᠢᠷᠮᠠᠶᠢᠵᠤ᠂ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠶᠢ 2.4 ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ᠃        ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠦᠷᠭᠡᠨ ᠬᠡᠪᠴᠢᠶᠡᠨ ᠤ ᠪᠣᠭᠤᠮᠲᠠ ᠶᠢᠨ ᠠᠵᠤ ᠠᠬᠤᠢ ᠶᠢ ᠶᠡᠬᠡᠪᠡᠷ ᠬᠦᠭᠵᠢᠭᠦᠯᠦᠨ᠂ ᠭᠠᠳᠠᠭᠠᠳᠤ ᠠᠵᠤ ᠠᠬᠤᠢ ᠭᠠᠳᠠᠭᠠᠳᠤ ᠠᠷᠠᠯᠵᠢᠶ᠎ᠠ᠂ ᠬᠢᠯᠢ ᠠᠯᠤᠰᠯᠠᠭᠰᠠᠨ ᠵᠢᠭᠤᠯᠴᠢᠯᠠᠯ ᠪᠠ ᠰᠣᠶᠣᠯ ᠤᠨ ᠰᠣᠯᠢᠯᠴᠠᠭ᠎ᠠ ᠶᠢ ᠴᠢᠩᠭᠠᠳᠬᠠᠨ᠎ᠠ᠃ ᠪᠣᠭᠤᠮᠲᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠪᠤᠷᠢ ᠶᠢ ᠨᠢᠭᠡᠳᠦᠯᠲᠡᠢ ᠲᠦᠯᠦᠪᠯᠡᠨ᠂ ᠪᠣᠭᠤᠮᠲᠠ ᠶᠢᠨ ᠪᠠᠴᠢᠮ ᠪᠠᠶᠢᠳᠠᠯ ᠢ ᠠᠷᠭᠠᠴᠠᠬᠤ ᠲᠦᠰᠦᠯ ᠪᠠ ᠰᠢᠢᠳᠪᠦᠷᠢᠯᠡᠬᠦ ᠲᠦᠰᠦᠯ ᠢ ᠲᠡᠭᠦᠯᠳᠡᠷᠵᠢᠭᠦᠯᠵᠦ᠂ ᠪᠣᠭᠤᠮᠲᠠ ᠶᠢᠨ ᠣᠷᠣᠨ ᠤ ᠭᠤᠣᠯ ᠨᠡᠪᠲᠡᠷᠡᠬᠦ ᠵᠠᠮ ᠢ ᠳᠡᠰ ᠳᠡᠪᠰᠢᠭᠦᠯᠦᠨ ᠵᠠᠰᠠᠨ ᠰᠢᠨᠡᠳᠬᠡᠵᠦ᠂ ᠪᠣᠭᠤᠮᠲᠠ ᠪᠠᠷ ᠣᠷᠤᠵᠤ ᠭᠠᠷᠬᠤ ᠠᠶᠠᠨᠴᠢᠳ ᠤᠨ ᠬᠡᠮᠵᠢᠶ᠎ᠡ᠂ ᠭᠠᠳᠠᠭᠠᠳᠤ ᠠᠴᠠ ᠣᠷᠤᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠬᠡᠮᠵᠢᠶ᠎ᠡ ᠶᠢᠨ ︽ᠬᠤᠣᠰ ᠳᠡᠭᠡᠭᠰᠢᠯᠡᠯᠲᠡ︾ ᠶᠢ ᠪᠡᠶᠡᠯᠡᠭᠦᠯᠦᠨ᠎ᠡ᠃ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠠᠵᠤ ᠦᠢᠯᠡᠰ ᠤᠨ ᠬᠦᠷᠢᠶᠡᠯᠡᠩ᠂ ᠤᠯᠤᠰ ᠤᠨ ᠡᠭᠦᠳᠡ ᠶᠢᠨ ᠦᠵᠡᠮᠵᠢ ᠶᠢᠨ ᠣᠷᠣᠨ ᠪᠠ ᠬᠢᠨᠠᠨ ᠬᠠᠮᠢᠶᠠᠷᠤᠯᠲᠠ ᠬᠢᠬᠦ ᠭᠦᠯᠳᠡᠭᠦᠦ ᠬᠦᠮᠦᠷᠭᠡ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠮᠣᠩᠭᠤᠯ ᠬᠤᠶᠠᠷ ᠤᠯᠤᠰ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠪᠣᠭᠤᠮᠲᠠ ᠬᠠᠭᠠᠬᠤ ᠬᠤᠭᠤᠴᠠᠭᠠᠨ ᠳᠠᠬᠢ ᠡᠵᠡᠩᠨᠡᠯᠲᠡ ᠶᠢ ᠲᠦᠷᠭᠡᠳᠬᠡᠵᠦ᠂ ᠬᠢᠯᠢ ᠠᠯᠤᠰᠯᠠᠭᠰᠠᠨ ᠵᠢᠭᠤᠯᠴᠢᠯᠠᠯ ᠤᠨ ᠠᠰᠢᠭᠲᠠᠢ ᠲᠦᠷᠥ ᠶᠢᠨ ᠪᠣᠳᠣᠯᠭ᠎ᠠ ᠶᠢ ᠢᠳᠡᠪᠬᠢᠲᠡᠢ ᠬᠦᠷᠲᠡᠵᠦ᠂ ᠪᠣᠭᠤᠮᠲᠠ ᠶᠢᠨ ᠬᠤᠳᠠᠯᠳᠤᠭᠠᠨ ᠤ ᠶᠠᠪᠤᠳᠠᠯ᠂ ᠵᠢᠭᠤᠯᠴᠢᠯᠠᠯ ᠤᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠂ ᠪᠣᠭᠤᠮᠲᠠ ᠶᠢᠨ ᠶᠡᠷᠦᠩᠬᠡᠶᠢᠯᠡᠭᠰᠡᠨ ᠬᠦᠭᠵᠢᠯᠲᠡ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠯᠤᠰ ᠤᠨ ᠳᠣᠲᠣᠭᠠᠳᠤ ᠭᠠᠳᠠᠭᠠᠳᠤ ᠶᠢᠨ ᠳᠡᠯᠭᠡᠨ ᠦᠵᠡᠭᠦᠯᠵᠦ ᠵᠥᠪᠳᠡᠨ ᠬᠡᠯᠡᠯᠴᠡᠬᠦ ᠠᠵᠢᠯᠯᠠᠭ᠎ᠠ ᠳᠤ ᠲᠦᠰᠢᠭᠯᠡᠨ᠂ ᠠᠵᠤ ᠠᠬᠤᠶᠢᠯᠠᠯ ᠳᠤ ᠪᠡᠯᠡ ᠣᠷᠣᠭᠤᠯᠤᠯᠲᠠ ᠶᠢ ᠥᠷᠭᠡᠳᠬᠡᠬᠦ ᠲᠠᠪᠴᠠᠩ ᠢ ᠪᠠᠶᠢᠭᠤᠯᠤᠨ ᠥᠭᠴᠦ᠂ ᠢ ᠳ᠋ᠠ ᠽᠦᠩ ᠣᠯᠠᠨ ᠤᠯᠤᠰ ᠤᠨ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠨ ᠠᠬᠢᠭᠤᠯᠵᠤ᠂ ᠬᠢᠯᠢ ᠠᠯᠤᠰᠯᠠᠭᠰᠠᠨ ᠬᠤᠳᠠᠯᠳᠤᠭ᠎ᠠ ᠠᠷᠠᠯᠵᠢᠶᠠᠨ ᠤ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠨᠡᠭᠦᠷᠡᠰᠦ᠂ ᠬᠠᠶᠢᠯᠤᠭᠤᠷ ᠵᠤᠩᠰᠢ ᠵᠡᠷᠭᠡ ᠠᠭᠤᠷᠬᠠᠢ ᠶᠢᠨ ᠡᠬᠢ ᠪᠠᠶᠠᠯᠢᠭ ᠢ ᠭᠠᠳᠠᠭᠠᠳᠤ ᠠᠴᠠ ᠣᠷᠤᠭᠤᠯᠤᠨ ᠲᠤᠬᠠᠢ ᠶᠢᠨ ᠭᠠᠵᠠᠷ ᠲᠤ ᠪᠠᠨ ᠡᠳ᠋ᠰᠢᠭᠦᠯᠦᠨ ᠪᠣᠯᠪᠠᠰᠤᠷᠠᠭᠤᠯᠤᠨ᠎ᠠ᠃ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠨ᠂ ᠡᠷᠭᠢᠨ ᠲᠣᠭᠤᠷᠢᠨ ᠳᠠᠬᠢ ᠳᠤᠮᠳᠠᠳᠤ ᠣᠷᠣᠰ ᠮᠣᠩᠭᠤᠯ ᠤᠨ ᠪᠣᠭᠤᠮᠲᠠ ᠯᠤᠭ᠎ᠠ ᠬᠠᠮᠲᠤᠷᠠᠯᠴᠠᠨ᠂ ᠵᠦᠷᠢᠶᠡᠲᠦ ᠴᠢᠨᠠᠷᠲᠠᠢ ᠬᠤᠯᠪᠣᠭᠠᠯᠠᠭᠰᠠᠨ ᠮᠠᠶ᠋ᠢᠭ ᠤᠨ ᠬᠦᠭᠵᠢᠯᠲᠡ ᠶᠢ ᠰᠦᠪᠡᠭᠴᠢᠯᠡᠨ ᠡᠷᠢᠯᠬᠢᠯᠡᠵᠦ᠂ ᠪᠣᠭᠤᠮᠲᠠ ᠪᠠ ᠣᠷᠣᠨ ᠨᠤᠲᠤᠭ ᠤᠨ ᠠᠵᠤ ᠠᠬᠤᠢ ᠶᠢᠨ ᠶᠠᠪᠤᠯᠴᠠᠭ᠎ᠠ ᠶᠢ ᠴᠢᠩᠭᠠᠳᠬᠠᠵᠤ᠂ ᠳᠣᠲᠣᠭᠠᠳᠤ ᠭᠠᠳᠠᠭᠠᠳᠤ ᠶᠢ ᠬᠤᠯᠪᠣᠭᠰᠠᠨ᠂ ᠡᠷᠭᠢᠨ ᠲᠣᠭᠤᠷᠢᠨ ᠢᠶᠠᠨ ᠳᠠᠶᠢᠴᠢᠯᠠᠭᠰᠠᠨ ᠤᠮᠠᠷᠠᠰᠢ ᠨᠡᠭᠡᠭᠡᠯᠲᠡ ᠶᠢᠨ ᠰᠢᠨ᠎ᠡ ᠠᠷᠭ᠎ᠠ ᠵᠠᠮ ᠢ ᠡᠭᠦᠳᠦᠨ ᠪᠠᠶᠢᠭᠤᠯᠤᠨ᠎ᠠ᠃        ︵ᠭᠤᠷᠪᠠ︶ ᠰᠢᠰᠲ᠋ᠧᠮᠵᠢᠭᠰᠡᠨ ᠰᠡᠳᠬᠢᠬᠦᠢ ᠪᠠᠷ ᠬᠤᠷᠢᠭ᠎ᠠ ᠱᠤᠭᠤᠮ ᠢ ᠰᠠᠬᠢᠵᠤ᠂ ᠪᠤᠬᠢᠷᠲᠤᠯ ᠦᠭᠡᠢ ᠬᠦᠭᠵᠢᠯᠲᠡ ᠳᠤ ︽ᠳᠠᠯᠳᠠ ᠬᠦᠴᠦᠨ ᠨᠦᠬᠡᠴᠡᠯᠡᠬᠦ︾ ᠶᠢ ᠲᠦᠷᠭᠡᠳᠬᠡᠨ᠎ᠡ᠃ ᠠᠮᠢ ᠠᠬᠤᠢ ᠶᠢ ᠤᠷᠢᠳᠠᠪᠠᠷ ᠪᠣᠳᠣᠯᠬᠢᠯᠠᠨ᠂ ᠪᠤᠬᠢᠷᠲᠤᠯ ᠦᠭᠡᠢ ᠬᠦᠭᠵᠢᠭᠦᠯᠬᠦ ᠬᠦᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠨᠢᠭᠡᠳᠦᠯᠲᠡᠢ ᠲᠦᠯᠦᠪᠯᠡᠨ ᠨᠡᠶᠢᠳᠡᠮ ᠳᠤᠨᠢ ᠬᠠᠷᠠᠭᠠᠯᠵᠠᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠨ᠎ᠠ᠃        ᠠᠮᠢ ᠠᠬᠤᠢ ᠶᠢᠨ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠨ᠎ᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠡᠯᠮᠡᠭ ᠲᠡᠭᠷᠢ᠂ ᠴᠡᠩᠬᠡᠭ ᠤᠰᠤ᠂ ᠠᠷᠢᠭᠤᠨ ᠬᠦᠷᠦᠰᠦ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠦᠷᠦᠯᠴᠡᠬᠦ ᠦᠭᠡᠢ ᠲᠠᠯ᠎ᠠ ᠶᠢ ᠨᠦᠬᠦᠪᠦᠷᠢᠯᠡᠨ᠎ᠡ᠃ ᠢᠳᠡᠭᠳᠡᠮᠡᠯ ᠭᠤᠣ ᠶᠢᠨ ᠠᠮᠢ ᠠᠬᠤᠢ ᠶᠢᠨ ᠵᠠᠰᠠᠯᠲᠠ᠂ ᠬᠠᠮᠠᠭᠠᠯᠠᠯᠲᠠ ᠶᠢᠨ ᠣᠷᠣᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠵᠢᠴᠢ ᠦᠢᠯᠡᠳᠬᠦᠨ ᠢ ᠬᠤᠪᠢᠷᠠᠭᠤᠯᠬᠤ ᠲᠦᠷᠦᠯ ᠵᠦᠢᠯ ᠢ ᠦᠷᠬᠦᠯᠵᠢᠯᠡᠨ ᠬᠡᠷᠡᠭᠵᠢᠭᠦᠯᠵᠦ᠂ ᠬᠦᠯᠦᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠡᠬᠢ ᠪᠠᠶᠠᠯᠢᠭ᠂ ᠣᠷᠴᠢᠨ ᠲᠣᠭᠤᠷᠢᠨ ᠪᠠ ᠠᠮᠢ ᠠᠬᠤᠢ ᠶᠢ ᠨᠢᠭᠡᠳᠦᠯᠲᠡᠢ ᠲᠦᠯᠦᠪᠯᠡᠵᠦ᠂ ᠤᠢ ᠰᠢᠭᠤᠢ ᠨᠤᠲᠤᠭ ᠪᠡᠯᠴᠢᠭᠡᠷ ᠢ ᠬᠠᠮᠢᠶᠠᠷᠬᠤ ᠳᠠᠷᠤᠭ᠎ᠠ᠂ ᠭᠤᠣᠯ ᠨᠠᠭᠤᠷ ᠢ ᠬᠠᠮᠢᠶᠠᠷᠬᠤ ᠳᠠᠷᠤᠭ᠎ᠠ ᠶᠢᠨ ︽ᠣᠯᠠᠨ ᠳᠠᠷᠤᠭ᠎ᠠ ᠶᠢ ᠨᠢᠭᠡᠳᠬᠡᠬᠦ︾ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠬᠠᠶᠠᠭᠳᠠᠮᠠᠯ ᠮᠠᠯᠲᠠᠭᠳᠠᠭᠰᠠᠨ ᠨᠦᠬᠡ ᠶᠢ ᠵᠠᠰᠠᠨ ᠴᠡᠭᠴᠡᠯᠡᠬᠦ ᠠᠵᠢᠯ ᠢ ᠦᠷᠨᠢᠭᠦᠯᠦᠨ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠠᠷᠠᠭᠤᠨ ᠦᠬᠡᠷᠲᠦ ᠶᠢᠨ ᠴᠢᠩᠱᠧᠩ ᠨᠡᠭᠦᠷᠡᠰᠦᠨ ᠠᠭᠤᠷᠬᠠᠢ ᠶᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠳᠤᠯ ᠦᠭᠡᠢ ᠠᠭᠤᠷᠬᠠᠢ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠦᠨᠳᠦᠷ ᠳᠠᠷᠤᠯᠲᠠᠲᠤ ᠪᠠᠶᠢᠳᠠᠯ ᠢ ᠢᠮᠠᠭᠲᠠ ᠪᠠᠷᠢᠮᠲᠠᠯᠠᠨ᠂ ᠬᠦᠴᠦᠨ ᠪᠦᠬᠦᠢ ᠠᠷᠭ᠎ᠠ ᠬᠡᠮᠵᠢᠶ᠎ᠡ ᠠᠪᠴᠤ᠂ ᠢᠯᠡᠷᠡᠭᠦᠯᠦᠭᠰᠡᠨ ᠳᠠᠷᠤᠢ ᠳᠤᠨᠢ ᠴᠣᠬᠢᠯᠲᠠ ᠥᠭᠴᠦ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ᠂ ᠬᠤᠯᠠᠭᠠᠶᠢᠯᠠᠨ ᠮᠠᠯᠵᠢᠬᠤ ᠵᠡᠷᠭᠡ ᠨᠤᠲᠤᠭ ᠪᠡᠯᠴᠢᠭᠡᠷ ᠢ ᠡᠪᠳᠡᠭᠰᠡᠨ ᠦᠢᠯᠡ ᠠᠵᠢᠯᠯᠠᠭ᠎ᠠ ᠶᠢ ᠪᠦᠲᠦᠮᠵᠢᠲᠡᠢ ᠵᠠᠰᠠᠨ ᠴᠡᠭᠴᠡᠯᠡᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠵᠤ᠂ ᠪᠤᠬᠢᠷᠲᠤᠯ ᠦᠭᠡᠢ ᠬᠦᠭᠵᠢᠭᠦᠯᠬᠦ ᠬᠤᠷᠢᠭ᠎ᠠ ᠱᠤᠭᠤᠮ ᠢ ᠪᠠᠬᠢᠵᠢᠭᠦᠯᠦᠨ᠎ᠡ᠃ᠠᠮᠢ ᠠᠬᠤᠢ ᠶᠢᠨ ᠬᠠᠮᠠᠭᠠᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠪᠡᠯᠴᠢᠭᠡᠷ ᠤᠨ ᠳᠠᠭᠠᠭᠠᠴᠠ ᠶᠢ ᠴᠢᠩᠭ᠎ᠠ ᠬᠢᠨᠠᠨ ᠲᠣᠭᠲᠠᠭᠠᠵᠤ᠂ 20 ᠲᠦᠮᠡᠨ ᠮᠦ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠪᠠ ᠲᠠᠴᠢᠷᠳᠠᠭᠰᠠᠨ ᠨᠤᠲᠤᠭ ᠪᠡᠯᠴᠢᠭᠡᠷ ᠢ ᠵᠠᠰᠠᠵᠤ᠂ ᠨᠤᠲᠤᠭ ᠪᠡᠯᠴᠢᠭᠡᠷ ᠤᠨ ᠠᠮᠤᠷᠵᠢᠨ ᠰᠡᠷᠭᠦᠬᠦ ᠶᠢ ᠦᠨᠡᠨ ᠬᠦ ᠪᠠᠲᠤᠯᠠᠨ᠎ᠠ᠃ ᠲᠡᠯᠡᠶ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ ᠶᠢᠨ ᠣᠶ ᠮᠣᠳᠣᠨ ᠤ ᠰᠠᠶᠢᠨ ᠡᠭᠦᠯᠳᠡᠷ ᠢ ᠪᠣᠶᠢᠵᠢᠭᠤᠯᠬᠤ ᠲᠥᠷᠥᠯ ᠵᠦᠢᠯ ᠢ ᠬᠡᠷᠡᠭᠵᠢᠭᠦᠯᠦᠨ᠂ ᠣᠢ ᠮᠣᠳᠣᠨ ᠤ ᠬᠠᠮᠢᠶᠠᠷᠤᠨ ᠬᠠᠮᠠᠭᠠᠯᠠᠬᠤ ᠶᠢ ᠴᠢᠩᠭᠠᠳᠬᠠᠵᠤ᠂ ᠣᠶ ᠰᠢᠭᠤᠢ ᠶᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠪᠠ ᠨᠤᠲᠤᠭ ᠪᠡᠯᠴᠢᠭᠡᠷ ᠤᠨ ᠬᠤᠯᠤᠭᠠᠨ᠎ᠠ ᠶᠢ ᠰᠡᠷᠭᠡᠶᠢᠯᠡᠨ ᠤᠰᠠᠳᠬᠠᠬᠤ ᠠᠵᠢᠯ ᠢ ᠴᠢᠩᠭᠠᠳᠬᠠᠨ ᠂ ᠪᠠᠶᠢᠭᠠᠯᠢ ᠶᠢᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠴᠢᠩᠭᠠᠷᠠᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠪᠠ ︽ᠭᠤᠷᠪᠠᠨ ᠱᠤᠭᠤᠮ ᠨᠢᠭᠡ ᠳᠠᠩᠰᠠ︾ ᠬᠠᠮᠢᠶᠠᠷᠤᠨ ᠡᠵᠡᠮᠳᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠂ ︽ᠡᠨᠧᠷᠬᠢ ᠶᠢᠨ ᠬᠤᠷᠣᠭᠳᠠᠯ ᠦᠨᠳᠦᠷ ᠪᠤᠬᠢᠷᠲᠤᠯ ᠭᠠᠳᠠᠭᠰᠢᠯᠠᠭᠤᠯᠤᠯᠲᠠ ᠦᠨᠳᠦᠷ︾ ᠲᠦᠷᠦᠯ ᠵᠦᠢᠯ ᠳᠤ ᠣᠷᠤᠭᠤᠯᠬᠤ ᠵᠥᠪᠰᠢᠶᠡᠷᠡᠯ ᠢ ᠴᠢᠩᠭ᠎ᠠ ᠠᠳᠬᠤᠵᠤ᠂ ᠨᠤᠲᠤᠭ ᠪᠡᠯᠴᠢᠭᠡᠷ ᠳᠡᠭᠡᠷ᠎ᠡ ᠨᠡᠭᠦᠷᠡᠰᠦᠲᠦ᠋ᠷᠦᠭᠴᠢ ᠬᠤᠷᠠᠮᠳᠤᠭᠤᠯᠬᠤ ᠲᠦᠷᠦᠯ ᠵᠦᠢᠯ ᠢ ᠵᠣᠬᠢᠰᠲᠠᠢ ᠬᠦᠭᠵᠢᠭᠦᠯᠦᠨ᠂ ᠠᠮᠢ ᠠᠬᠤᠢ ᠶᠢᠨ ᠪᠦᠲᠦᠭᠡᠭᠳᠡᠬᠦᠨ ᠤ ᠥᠷᠲᠡᠭ ᠤᠨ ᠲᠣᠭᠠᠴᠠᠭ᠎ᠠ ᠬᠢᠬᠦ ᠲᠣᠭᠲᠠᠴᠠ ᠶᠢ ᠰᠦᠪᠡᠭᠴᠢᠯᠡᠵᠦ᠂ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠬᠦ᠂ ᠬᠠᠮᠠᠭᠠᠯᠠᠵᠤ ᠨᠥᠬᠦᠪᠦᠷᠢᠯᠡᠬᠦ ᠪᠠ ᠲᠣᠭᠲᠠᠴᠠ ᠶᠢ ᠪᠠᠶᠢᠭᠤᠯᠬᠤ ᠶᠢ ᠴᠢᠩᠭᠠᠳᠬᠠᠵᠤ᠂ ᠠᠮᠢ ᠠᠬᠤᠢ ᠶᠢᠨ ᠪᠣᠯᠪᠠᠰᠤᠨ ᠰᠢᠨ᠎ᠡ ᠮᠠᠯᠵᠢᠬᠤ ᠣᠷᠣᠨ ᠢ ᠴᠣᠭᠴᠠᠯᠠᠨ ᠪᠠᠶᠢᠭᠤᠯᠤᠨ᠎ᠠ᠃        ︵ᠳᠦᠷᠪᠡ︶ ᠨᠢᠭᠡ ᠴᠣᠭᠴᠠᠲᠤ ᠪᠠᠶᠢᠷᠢᠰᠢᠭᠤᠯᠤᠯᠲᠠ ᠪᠠᠷ ᠬᠦᠭᠵᠢᠯᠲᠡ ᠶᠢ ᠨᠢᠭᠡᠳᠦᠯᠲᠡᠢ ᠲᠦᠯᠦᠪᠯᠡᠵᠦ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ︽ᠰᠢᠨ᠎ᠡ ᠡᠬᠢᠯᠡᠯᠲᠡ︾ ᠳᠤ ᠬᠦᠴᠦᠨ ᠨᠡᠮᠡᠷᠢᠯᠡᠨ᠎ᠡ᠃ ᠣᠷᠣᠰᠢᠨ ᠰᠠᠭᠤᠬᠤ ᠳᠤ ᠲᠣᠬᠢᠯᠢᠭ᠂ ᠤᠶᠠᠨ ᠬᠠᠳᠠᠨ ᠴᠢᠨᠠᠷ ᠲᠠᠢ᠂ ᠣᠶᠣᠨᠴᠢᠯᠠᠭᠰᠠᠨ ᠬᠤᠲᠠ ᠪᠠᠯᠭᠠᠰᠤ ᠶᠢ ᠪᠠᠶᠢᠭᠤᠯᠬᠤ ᠪᠠᠷ ᠬᠠᠷᠠᠯᠲᠠ ᠪᠣᠯᠭᠠᠨ᠂ ᠬᠤᠲᠠ ᠬᠦᠳᠡᠭᠡ ᠶᠢᠨ ᠲᠦᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠂ ᠬᠤᠲᠠᠴᠢᠯᠠᠯᠲᠠ ᠶᠢᠨ ᠳᠤᠲᠠᠭᠤ ᠵᠦᠢᠯ ᠢ ᠨᠦᠬᠦᠪᠦᠷᠢᠯᠡᠨ ᠪᠠᠭᠤᠷᠠᠢ ᠵᠦᠢᠯ ᠢ ᠴᠢᠩᠭᠠᠳᠬᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠣᠷᠣᠨ ᠬᠡᠪᠴᠢᠶᠡᠨ ᠤ ᠬᠠᠮᠵᠢᠯᠴᠠᠨ ᠬᠦᠭᠵᠢᠬᠦ ᠶᠢ ᠠᠬᠢᠭᠤᠯᠤᠨ᠎ᠠ᠃        ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠬᠤᠰᠢᠭᠤ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 1.1 ᠳ᠋ᠦᠩᠰᠢᠭᠤᠷ ᠲᠦᠬᠦᠷᠢᠭ ᠤᠨ ᠪᠡᠯᠡ ᠣᠷᠤᠭᠤᠯᠤᠨ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠦᠢᠯᠡᠰ ᠢ ᠬᠦᠭᠵᠢᠭᠦᠯᠵᠦ᠂ ᠢᠵᠢ ᠪᠦᠷᠢᠳᠦᠭᠰᠡᠨ ᠰᠠᠭᠤᠷᠢ ᠲᠥᠬᠦᠭᠡᠷᠦᠮᠵᠢ ᠶᠢ ᠪᠦᠲᠦᠭᠡᠨ ᠪᠠᠶᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠠᠬᠢᠵᠢᠭᠦᠯᠦᠨ ᠦᠷᠭᠡᠳᠬᠡᠵᠦ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠡᠪᠴᠢᠶᠡᠵᠢᠯ ᠤᠨ ᠴᠢᠨᠠᠷᠲᠠᠢ ᠪᠠᠷ ᠲᠠᠬᠢᠨ ᠶᠠᠳᠠᠭᠤᠷᠠᠬᠤ ᠶᠢ ᠥᠯᠦ ᠡᠭᠦᠰᠬᠡᠬᠦ ᠬᠤᠷᠢᠭ᠎ᠠ ᠱᠤᠭᠤᠮ ᠢ ᠡᠷᠡᠰ ᠰᠠᠬᠢᠨ᠎ᠠ᠃ ᠮᠠᠯᠵᠢᠬᠤ ᠡᠷᠦᠬᠡ ᠬᠤᠯᠪᠤᠭᠠᠯᠠᠨ ᠪᠠᠲᠤᠯᠠᠬᠤ᠂ ᠠᠮᠢᠳᠤ ᠡᠳ᠋ ᠢᠶᠠᠷ ᠪᠠᠷᠢᠴᠠᠭᠠᠯᠠᠬᠤ ᠵᠡᠷᠭᠡ ᠠᠷᠭ᠎ᠠ ᠪᠠᠷᠢᠯ ᠢ ᠬᠡᠷᠡᠭᠯᠡᠨ᠂ ᠮᠥᠩᠭᠦᠨ ᠭᠦᠢᠯᠭᠡᠭᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ︽ᠨᠢᠭᠡ ᠬᠡᠷᠡᠭ ᠢ ᠨᠢᠭᠡ ᠵᠥᠪᠯᠡᠬᠦ ᠡᠳ᠋ ᠤᠨ ᠵᠠᠰᠠᠭ ᠤᠨ ᠱᠠᠩᠨᠠᠯ ᠨᠦᠬᠦᠪᠦᠷᠢ ᠶᠢᠨ︾ ᠲᠦᠷᠦᠯ ᠵᠦᠢᠯ ᠪᠠ ᠪᠤᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠨ ᠬᠦᠭᠵᠢᠭᠦᠯᠬᠦ ᠲᠦᠷᠦᠯ ᠵᠦᠢᠯ ᠢ ᠬᠡᠷᠡᠭᠵᠢᠭᠦᠯᠦᠨ᠂ ᠮᠠᠯᠵᠢᠬᠤ ᠣᠷᠣᠨ ᠤ ᠣᠳᠣᠬᠢᠴᠢᠯᠠᠭᠰᠠᠨ ᠵᠢᠱᠢᠶ᠎ᠡ ᠦᠵᠡᠭᠦᠯᠬᠦ ᠭᠠᠴᠠᠭ᠎ᠠ ᠪᠣᠯᠣᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠮᠠᠯᠴᠢᠳ ᠤᠨ ︽ᠵᠣᠭᠤᠰᠤᠨ ᠤ ᠪᠣᠭᠴᠣ︾ ᠶᠢ ᠳᠦᠭᠦᠷᠭᠡᠬᠦ ᠪᠠᠷ ᠴᠢᠷᠮᠠᠶᠢᠨ᠎ᠠ᠃ ᠮᠠᠯᠵᠢᠬᠤ ᠣᠷᠣᠨ ᠤ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠵᠠᠰᠠᠨ ᠴᠡᠭᠴᠡᠯᠡᠵᠦ ᠳᠡᠰ ᠳᠡᠪᠰᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠡᠷᠦᠬᠡ ᠶᠢᠨ ᠵᠣᠷᠯᠣᠩ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠡᠷᠦᠬᠡ ᠶᠢᠨ ᠵᠣᠷᠯᠣᠩ ᠢ 192 ᠵᠠᠰᠠᠨ ᠰᠢᠨᠡᠳᠬᠡᠵᠦ᠂ ᠳᠠᠯᠠᠢ ᠵᠡᠷᠭᠡ 3 ᠰᠣᠮᠣ ᠪᠠᠯᠭᠠᠰᠤ ᠶᠢᠨ ᠪᠤᠵᠠᠷ ᠤᠰᠤ ᠰᠢᠢᠳᠪᠦᠷᠢᠯᠡᠬᠦ ᠲᠦᠷᠦᠯ ᠵᠦᠢᠯ ᠢ ᠲᠦᠰᠦᠪᠯᠡᠨ ᠬᠡᠷᠡᠭᠵᠢᠭᠦᠯᠵᠦ᠂ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠦᠳᠡᠭᠡ ᠲᠣᠰᠬᠤᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠨ᠎ᠠ᠃        ᠬᠤᠳᠠ ᠪᠠᠯᠭᠠᠰᠤ ᠶᠢᠨ ᠴᠢᠨᠠᠷ ᠳᠡᠰ ᠪᠠ ᠳᠦᠷᠢ ᠳᠦᠷᠬᠦ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠬᠤᠲᠠ ᠪᠠᠯᠭᠠᠰᠤ ᠶᠢᠨ ᠣᠷᠣᠨ ᠪᠠᠶᠢᠷᠢᠰᠢᠯ ᠤᠨ ᠣᠨᠴᠠᠯᠢᠭ ᠪᠠ ᠣᠷᠣᠨ ᠵᠠᠢ ᠶᠢᠨ ᠪᠠᠶᠢᠷᠢᠰᠢᠭᠤᠯᠤᠯᠲᠠ ᠳᠤ ᠰᠠᠭᠤᠷᠢᠯᠠᠨ᠂ ᠲᠥᠪ ᠪᠠᠯᠭᠠᠰᠤᠨ ᠤ ᠲᠣᠭᠤᠷᠢᠭ ᠤᠨ ᠡᠵᠡᠮᠳᠡᠯ ᠤᠨ ᠴᠢᠨᠠᠷᠲᠠᠢ ᠨᠠᠷᠢᠯᠢᠭ ᠲᠥᠯᠦᠪᠵᠢᠭᠦᠯᠭᠡ ᠶᠢ ᠨᠠᠶᠢᠷᠠᠭᠤᠯᠵᠤ᠂ ᠮᠠᠯᠴᠢᠨ ᠲᠠᠷᠢᠶᠠᠴᠢᠳ ᠤᠨ ᠷᠠᠳᠢᠣ᠋ ᠲᠧᠯᠸᠢᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠶᠢᠷᠢ ᠶᠢᠨ ᠠᠰᠠᠷ᠂ ᠬᠠᠭᠤᠴᠢᠷᠠᠭᠰᠠᠨ ᠵᠢᠵᠢᠭ ᠲᠣᠭᠤᠷᠢᠭ ᠢ ᠵᠠᠰᠠᠨ ᠰᠢᠨᠡᠳᠬᠡᠬᠦ᠂ ᠬᠤᠭ ᠨᠣᠪᠰᠢ ᠶᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠵᠡᠷᠭᠡ ᠲᠦᠷᠦᠯ ᠵᠦᠢᠯ ᠢ ᠬᠡᠷᠡᠭᠵᠢᠭᠦᠯᠵᠦ᠂ ᠬᠤᠶᠠᠳᠤᠭᠠᠷ ᠤᠰᠤᠨ ᠰᠤᠷᠪᠤᠯᠵᠢ ᠶᠢᠨ ᠣᠷᠣᠨ᠂ ᠠᠷᠠᠳ ᠲᠤ ᠠᠰᠢᠭ ᠬᠦᠷᠲᠡᠭᠡᠬᠦ ᠶᠡᠷᠦᠩᠬᠡᠶᠢᠯᠡᠭᠰᠡᠨ ᠵᠠᠬ᠎ᠠ ᠳᠡᠯᠭᠡᠭᠦᠷ ᠵᠡᠷᠭᠡ ᠲᠥᠷᠥᠯ ᠵᠦᠢᠯ ᠢ ᠲᠦᠰᠦᠪᠯᠡᠵᠦ᠂ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠨ᠂ ᠬᠤᠲᠠ ᠶᠢᠨ ᠳᠦᠷᠢ ᠲᠥᠷᠬᠦ ᠪᠠ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ︽ᠳᠦᠷᠪᠡᠨ ᠰᠠᠶᠢᠲᠠᠢ ᠬᠦᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠬᠡᠵᠦ᠂ X909 ᠱᠤᠭᠤᠮ ᠠᠴᠠ ᠮᠠᠩᠯᠠᠢ ᠭᠠᠴᠠᠭ᠎ᠠ ᠬᠦᠷᠬᠦ ᠲᠣᠰᠬᠤᠨ ᠳᠤ ᠨᠡᠪᠲᠡᠷᠡᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠠᠷᠤᠬᠠᠰᠢᠶᠠᠲᠤ ᠠᠴᠠ ᠮᠠᠨᠵᠤᠤᠷ ᠬᠦᠷᠬᠦ ᠲᠡᠮᠦᠷ ᠵᠠᠮ ᠤᠨ ᠲᠦᠷᠦᠯ ᠵᠦᠢᠯ ᠢ ᠪᠡᠶᠡᠯᠡᠭᠦᠯᠬᠦ ᠪᠠᠷ ᠬᠦᠴᠦᠯᠡᠨ ᠴᠢᠷᠮᠠᠶᠢᠨ᠎ᠠ ᠃ 5G ᠰᠦᠯᠵᠢᠶ᠎ᠡ ᠶᠢᠨ ᠳᠣᠬᠢᠶᠠᠨ ᠤ ᠰᠤᠪᠤᠷᠭ᠎ᠠ ᠶᠢ 39 ᠪᠠᠶᠢᠭᠤᠯᠤᠨ᠂ ᠬᠦᠳᠡᠭᠡ ᠲᠣᠰᠬᠤᠨ ᠤ ᠴᠠᠬᠢᠯᠭᠠᠨ ᠤ ᠲᠣᠣᠷ ᠢ ᠰᠢᠨ᠎ᠡ ᠪᠠᠷ 44 ᠺᠢᠯᠦᠮᠧᠲᠷ ᠤᠭᠰᠠᠷᠠᠨ ᠲᠠᠲᠠᠪᠠ᠃ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠦᠷᠬᠦᠯᠵᠢᠯᠡᠨ ᠳᠡᠭᠡᠭᠰᠢᠯᠡᠭᠦᠯᠦᠨ᠎ᠡ᠃        ︵ᠲᠠᠪᠤ︶ ᠰᠢᠯᠢᠳᠡᠭ ᠦᠢᠯᠡᠴᠢᠯᠡᠭᠡ ᠪᠠᠷ ᠪᠠᠳᠤᠯᠠᠭ᠎ᠠ ᠶᠢ ᠴᠢᠩᠭᠠᠳᠬᠠᠵᠦ᠂ ᠨᠡᠶᠢᠬᠡᠮ ᠠᠷᠠᠳ ᠤᠨ ᠠᠮᠢᠳᠤᠷᠠᠯ ᠤᠨ ︽ᠪᠤᠶᠠᠨ ᠭᠡᠰᠢᠭ ᠢ ᠨᠡᠮᠡᠭᠳᠡᠭᠦᠯᠦᠨ᠎ᠡ︾᠃ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ  ᠶᠢᠨ ᠦᠵᠡᠯ ᠰᠠᠨᠠᠭ᠎ᠠ ᠶᠢ ᠬᠦᠨᠵᠡᠬᠡᠢ ᠳᠤᠤᠱᠯᠠᠭᠤᠯᠵᠦ᠂ ᠨᠢᠯᠬᠠᠰ ᠲᠤ ᠦᠰᠦᠨ ᠪᠣᠶᠢᠵᠢᠯᠲᠠ ᠶᠢᠨ ᠬᠠᠷᠠᠭᠠᠯᠵᠠᠯ ᠲᠠᠢ᠂ ᠰᠤᠷᠤᠯᠴᠠᠬᠤ ᠳᠤ ᠰᠤᠷᠭᠠᠨ ᠬᠦᠮᠦᠵᠢᠯ ᠲᠠᠢ᠂ ᠬᠦᠳᠡᠯᠮᠦᠷᠢᠯᠡᠬᠦ ᠳᠤ ᠬᠦᠯᠦᠰᠦ ᠣᠯᠭᠤᠮᠵᠢ ᠲᠠᠢ᠂ ᠡᠪᠡᠳᠴᠢᠯᠡᠬᠦ ᠳᠤ ᠡᠮ ᠡᠮᠨᠡᠯᠭᠡ ᠲᠠᠢ᠂ ᠦᠲᠡᠯᠡᠬᠦ ᠳᠤ ᠠᠰᠠᠷᠠᠬᠤ ᠭᠠᠵᠠᠷ ᠲᠠᠢ᠂ ᠰᠠᠭᠤᠬᠤ ᠳᠤ ᠤᠷᠤᠨ ᠰᠠᠭᠤᠴᠠ ᠲᠠᠢ᠂ ᠪᠠᠭᠤᠷᠠᠶᠢᠴᠤᠤᠯ ᠳᠤ ᠦᠮᠦᠭ ᠲᠦᠰᠢᠭ ᠲᠠᠢ ᠪᠠᠶᠢᠯᠭᠠᠬᠤ ᠳᠡᠭᠡᠷ᠎ᠡ ᠦᠷᠬᠦᠯᠵᠢᠯᠡᠨ ᠬᠦᠴᠦ ᠪᠠᠨ ᠳᠠᠯᠪᠢᠵᠦ᠂ ᠠᠷᠠᠳ  ᠤᠨ ᠠᠮᠢᠳᠤᠷᠠᠯ ᠤᠨ ᠪᠤᠶᠠᠨ ᠭᠡᠰᠢᠭ ᠢ ᠦᠨᠡᠨ ᠬᠦ ᠨᠡᠮᠡᠭᠳᠡᠬᠦᠯᠦᠨ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ  ᠶᠢ ᠦᠨᠡᠨ ᠬᠦ ᠳᠡᠭᠡᠭᠰᠢᠯᠡᠬᠦᠯᠦᠨ᠎ᠡ᠃        ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠤᠨ᠎ᠠ᠃ ᠠᠵᠢᠯ ᠣᠯᠭᠤᠯᠲᠠ ᠶᠢᠨ ᠠᠷᠭ᠎ᠠ ᠵᠠᠮ ᠢ ᠣᠯᠠᠨ ᠲᠠᠯ᠎ᠠ ᠪᠠᠷ ᠰᠦᠪᠡᠭᠴᠢᠯᠡᠨ ᠦᠷᠭᠡᠳᠬᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠣᠶᠤᠲᠠᠳ᠂ ᠮᠠᠯᠵᠢᠬᠤ ᠣᠷᠣᠨ ᠤ ᠬᠥᠳᠡᠯᠮᠦᠷᠢ ᠬᠦᠴᠦ ᠵᠡᠷᠭᠡ ᠭᠤᠣᠯᠳᠠᠯᠭ᠎ᠠ ᠲᠠᠢ ᠪᠦᠯᠬᠦᠮ ᠨᠡᠶᠢᠲᠡ ᠶᠢᠨ ᠠᠵᠢᠯ ᠣᠯᠭᠤᠯᠲᠠ ᠶᠢ ᠭᠤᠤᠯᠳᠠᠯᠭ᠎ᠠ ᠲᠠᠢ ᠠᠳᠬᠤᠨ᠂ ᠬᠤᠲᠠ ᠪᠠᠯᠭᠠᠰᠤ ᠶᠢᠨ ᠰᠢᠨ᠎ᠡ ᠪᠠᠷ ᠠᠵᠢᠯ ᠣᠯᠣᠭᠰᠠᠳ ᠢ 300 ᠬᠥᠮᠥᠨ ᠠᠴᠠ ᠳᠡᠭᠡᠭᠰᠢ᠂ ᠰᠢᠯᠵᠢᠬᠦᠯᠦᠨ ᠠᠵᠢᠯ ᠤᠯᠤᠭᠰᠠᠨ ᠮᠠᠯᠴᠢᠨ ᠲᠠᠷᠢᠶᠠᠴᠢᠳ ᠢ 280 ᠬᠥᠮᠥᠨ ᠠᠴᠠ ᠳᠡᠭᠡᠭᠰᠢ ᠪᠠᠶᠢᠯᠭᠠᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 4.5% ᠠᠴᠠ ᠳᠣᠷᠣᠭᠰᠢ ᠪᠠᠶᠢᠯᠭᠠᠬᠤ ᠶᠢ ᠪᠠᠲᠤᠯᠠᠨ᠎ᠠ᠃ ᠡᠯ᠎ᠡ ᠵᠦᠢᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠠᠲᠤᠯᠠᠭ᠎ᠠ ᠶᠢᠨ ᠪᠠᠷᠢᠮᠵᠢᠶ᠎ᠠ ᠪᠠ ᠨᠢᠭᠡᠳᠦᠯᠲᠡᠢ ᠲᠥᠯᠥᠪᠯᠡᠬᠦ ᠲᠠᠰ ᠳᠠᠪᠬᠤᠷᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠮ ᠡᠮᠨᠡᠯᠭᠡ ᠶᠢᠨ ᠬᠤᠳᠠᠯᠳᠤᠭᠠᠨ ᠤ ᠳᠠᠭᠠᠳᠬᠠᠯ ᠢ ᠢᠳᠡᠪᠬᠢᠲᠡᠢ ᠬᠥᠭᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠣᠯᠲᠠ ᠶᠢ ᠦᠨᠳᠦᠰᠦᠨ ᠠᠴᠠ ᠨᠢ ᠪᠠᠲᠤᠯᠠᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠪᠠᠭᠤᠷᠠᠶᠢᠴᠤᠤᠯ ᠢ ᠠᠪᠤᠷᠠᠨ ᠲᠤᠰᠠᠯᠠᠬᠤ ᠪᠠᠲᠤᠯᠠᠭ᠎ᠠ ᠶᠢ ᠴᠢᠩᠭᠠᠳᠬᠠᠨ᠎ᠠ᠃ ᠨᠠᠰᠤᠳᠠᠶᠢᠴᠦᠳ ᠢ ᠠᠰᠠᠷᠠᠨ ᠰᠤᠪᠢᠯᠠᠬᠤ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠭᠡᠷᠡᠭᠵᠢᠬᠦᠯᠦᠨ᠂ ᠬᠤᠳᠠ ᠬᠦᠳᠡᠭᠡ ᠶᠢᠨ ᠠᠪᠤᠷᠠᠨ ᠳᠤᠰᠠᠯᠠᠬᠤ ᠪᠠᠷᠢᠮᠵᠢᠶ᠎ᠠ ᠶᠢ ᠨᠢᠭᠡ ᠴᠣᠭᠴᠠᠵᠢᠭᠤᠯᠬᠤ ᠶᠢ ᠲᠦᠯᠬᠢᠨ ᠠᠬᠢᠭᠤᠯᠵᠦ᠂ ᠨᠠᠰᠤᠳᠠᠶᠢᠴᠦᠳ ᠤᠨ ᠠᠰᠠᠷᠠᠮᠵᠢ ᠶᠢᠨ ᠦᠢᠯᠡᠴᠢᠯᠡᠭᠡ ᠪᠠ ᠨᠡᠶᠢᠬᠡᠮ ᠤᠨ ᠠᠪᠤᠷᠠᠨ ᠳᠤᠰᠠᠯᠠᠬᠤ ᠬᠢᠷᠢ ᠲᠦᠪᠰᠢᠨ ᠢ ᠳᠡᠬᠡᠭᠰᠢᠯᠡᠬᠦᠯᠦᠨ᠎ᠡ᠃ ᠤᠷᠤᠰᠢᠭᠤᠯᠭ᠎ᠠ ᠶᠢᠨ ᠦᠭᠡᠷᠡᠴᠢᠯᠡᠯᠳᠡ  ᠶᠢ ᠬᠦᠨᠵᠡᠭᠡᠶᠢᠷᠡᠬᠦᠯᠦᠨ᠂ ᠨᠠᠶᠢᠳᠠ ᠶᠢᠨ ᠠᠰᠠᠷᠠᠮᠵᠢ ᠶᠢᠨ ᠴᠢᠨᠠᠷᠳᠠᠢ ᠨᠡᠶᠢᠳᠡ ᠶᠢᠨ ᠤᠩᠭᠤᠨ ᠤ ᠪᠠᠶᠢᠭᠤᠯᠤᠯᠲᠠ ᠶᠢ ᠠᠵᠢᠯ ᠡᠬᠢᠯᠡᠬᠦᠯᠵᠦ᠂ ᠪᠤᠯᠪᠠᠰᠤᠨ ᠤᠷᠤᠰᠢᠭᠤᠯᠭ᠎ᠠ ᠶᠢ ᠶᠡᠬᠡᠪᠡᠷ ᠠᠬᠢᠭᠤᠯᠤᠨ᠎ᠠ᠃ ᠴᠡᠷᠢᠭ ᠠᠴᠠ ᠬᠠᠯᠠᠭᠳᠠᠭᠰᠠᠳ ᠢ ᠬᠠᠷᠠᠭᠠᠯᠵᠠᠵᠦ ᠲᠥᠪᠬᠢᠨᠡᠭᠦᠯᠬᠦ ᠵᠡᠷᠭᠡ ᠠᠵᠢᠯ ᠢ ᠰᠠᠶᠢᠲᠤᠷ ᠬᠢᠵᠦ᠂ ᠴᠡᠷᠢᠭ ᠠᠷᠠᠳ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠴᠠᠯᠢᠩ ᠦᠷᠢᠳᠦᠬᠦ ᠶᠢ ᠰᠡᠷᠭᠡᠶᠢᠯᠡᠵᠦ ᠴᠡᠭᠴᠡᠯᠡᠨ ᠵᠠᠰᠠᠬᠤ ᠳᠤᠰᠬᠠᠢ ᠠᠵᠢᠯᠯᠠᠭ᠎ᠠ ᠦᠷᠨᠢᠬᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠤᠰᠤᠨ ᠤ ᠡᠷᠭᠡ ᠠᠰᠢᠭ ᠢ ᠪᠦᠬᠦ ᠬᠦᠴᠦᠨ  ᠢᠶᠠᠷ ᠢᠶᠠᠨ ᠪᠠᠳᠤᠯᠠᠨ᠎ᠠ᠃        ᠨᠡᠶᠢᠭᠡᠮ ᠤᠨ ᠠᠵᠢᠯ ᠦᠢᠯᠡᠰ ᠢ ᠪᠦᠬᠦ ᠲᠠᠯ᠎ᠠ ᠪᠠᠷ ᠬᠥᠭᠵᠢᠭᠦᠯᠦᠨ᠎ᠡ᠃ ᠪᠠᠭᠰᠢ ᠪᠤᠯᠤᠨ ᠵᠢᠭᠠᠬᠤ ᠶᠢ ᠰᠤᠳᠤᠯᠤᠭᠴᠢᠳ ᠤᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ᠂ ᠪᠠᠭᠰᠢ ᠶᠢᠨ ᠡᠩᠨᠡᠭᠡᠨ ᠤ ᠳᠡᠩᠴᠡᠬᠦᠷᠢᠳᠠᠢ᠂ ᠬᠡᠪ ᠪᠤᠯᠪᠠᠰᠤᠷᠠᠯ ᠰᠢᠯᠭᠠᠷᠠᠭᠰᠠᠨ ᠪᠠᠶᠢᠬᠤ ᠶᠢ ᠪᠠᠳᠤᠯᠠᠨ᠎ᠠ᠃ ︽ᠬᠤᠶᠠᠷ ᠢ ᠪᠠᠭᠠᠰᠬᠠᠬᠤ︾ ᠠᠵᠢᠯ ᠢ ᠴᠦᠬᠦᠷᠡᠯᠳᠡ ᠦᠬᠡᠢ ᠬᠦᠨᠵᠡᠭᠡᠶᠢᠷᠡᠬᠦᠯᠦᠨ᠂ ︽ᠢᠨᠲ᠋ᠧᠷ ᠰᠦᠯᠵᠢᠶ᠎ᠡ + ᠰᠤᠷᠭᠠᠨ ᠬᠥᠮᠦᠵᠢᠯ︾ ᠤᠨ ᠬᠥᠭᠵᠢᠯᠲᠡ ᠶᠢ ᠠᠬᠢᠭᠤᠯᠤᠨ ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠡᠭᠦᠳᠦᠨ ᠪᠠᠶᠢᠭᠤᠯᠬᠤ ᠠᠵᠢᠯ ᠤᠨ ᠤᠯᠤᠰ ᠤᠨ ᠰᠢᠯᠭᠠᠨ ᠬᠤᠷᠢᠶᠠᠨ ᠠᠪᠬᠤ ᠶᠢ ᠥᠩᠭᠡᠷᠡᠭᠦᠯᠬᠦ ᠶᠢ ᠪᠠᠲᠤᠯᠠᠨ᠎ᠠ᠃ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠮᠣᠩᠭᠤᠯ ᠡᠮ ᠡᠮᠨᠡᠯᠭᠡ ᠶᠢᠨ ᠭᠤᠣᠯᠳᠠᠯᠭ᠎ᠠ ᠲᠠᠢ ᠲᠤᠰᠬᠠᠢ ᠰᠠᠯᠠᠭ᠎ᠠ ᠪᠠᠶᠢᠭᠤᠯᠵᠤ᠂ ᠦᠨᠳᠦᠰᠦᠨ ᠱᠠᠳᠤᠨ ᠤ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠠᠭᠤᠷᠢ ᠶᠢ ᠪᠠᠬᠢᠵᠢᠬᠦᠯᠦᠨ᠂ ᠬᠦᠨᠳᠦ ᠶᠡᠭᠡ ᠬᠠᠯᠳᠠᠪᠤᠷᠢᠲᠤ ᠡᠪᠡᠳᠴᠢᠨ ᠪᠤᠯᠤᠨ ᠤᠷᠤᠨ ᠨᠤᠲᠤᠭ ᠤᠨ ᠴᠢᠨᠠᠷᠲᠠᠢ ᠡᠪᠡᠳᠴᠢᠨ ᠢ ᠰᠡᠷᠭᠡᠶᠢᠯᠡᠨ ᠡᠵᠡᠮᠳᠡᠬᠦ ᠬᠢᠭᠡᠳ ᠠᠪᠤᠷᠠᠨ ᠵᠠᠰᠠᠬᠤ ᠠᠵᠢᠯ ᠤᠨ ᠬᠢᠷᠢ ᠲᠦᠪᠰᠢᠨ ᠢ ᠳᠡᠭᠡᠭᠰᠢᠯᠡᠬᠦᠯᠵᠦ᠂ ︽ᠡᠷᠡᠬᠦᠯ ᠡᠩᠬᠡ ᠰᠢᠨ᠎ᠡ ᠪᠠᠷᠭᠤ ᠪᠠᠷᠠᠭᠤᠨ ᠬᠤᠰᠢᠭᠤ︾ ᠶᠢᠨ ᠪᠦᠲᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡ ᠬᠠᠩᠭᠠᠯᠭ᠎ᠠ ᠶᠢ ᠴᠢᠩᠭᠠᠳᠬᠠᠨ᠂ ᠳᠡᠤᠭᠡ ᠶᠢᠨ ᠳᠤᠷᠠᠰᠬᠠᠯᠳᠦ ᠵᠦᠢᠯᠡᠰ ᠤᠨ ᠬᠠᠮᠠᠭᠠᠯᠠᠯᠳᠠ ᠪᠤᠯᠤᠨ ᠪᠤᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠢ ᠴᠢᠩᠭᠠᠳᠬᠠᠵᠤ᠂ ᠮᠣᠷᠢᠨ ᠤ ᠤᠷᠤᠯᠳᠤᠭᠠᠨ᠂ ᠪᠦᠭᠡ ᠶᠢᠨ ᠪᠠᠷᠢᠯᠳᠤᠭᠠᠨ᠂ ᠰᠢᠳᠠᠷ᠎ᠠ ᠶᠢᠨ ᠨᠠᠭᠠᠳᠤᠮ ᠵᠡᠷᠭᠡ ᠨᠡᠷ᠎ᠡ ᠲᠡᠮᠳᠡᠭ ᠤᠨ ᠣᠨᠴᠠᠯᠢᠭᠲᠤ ᠤᠷᠤᠯᠳᠤᠭᠠᠨ ᠤ ᠠᠵᠢᠯᠯᠠᠭ᠎ᠠ ᠶᠢ ᠯᠠᠪᠳᠠᠭᠤᠨ ᠪᠠᠳᠤᠳᠠᠢ ᠰᠠᠶᠢᠳᠦᠷ ᠬᠢᠵᠦ᠂ ᠠᠷᠠᠳ ᠢᠷᠭᠡᠳ ᠤᠨ ᠪᠡᠶ᠎ᠡ ᠮᠠᠬᠠᠪᠤᠳ ᠤᠨ ᠡᠷᠡᠬᠦᠯ ᠴᠢᠬᠢᠷᠠᠭ ᠢ ᠪᠠᠶᠢᠩᠭᠤᠵᠢᠭᠤᠯᠤᠨ ᠬᠢᠨᠠᠨ ᠬᠡᠮᠵᠢᠬᠦ ᠠᠵᠢᠯ ᠦᠷᠨᠢᠭᠦᠯᠦᠨ᠂ ᠪᠦᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠴᠢᠬᠢᠷᠠᠭ ᠪᠠᠶᠢᠬᠤ ᠶᠢ ᠲᠦᠯᠬᠢᠨ ᠠᠬᠢᠭᠤᠯᠤᠨ᠎ᠠ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠬᠦᠯᠬᠦ ᠬᠤᠰᠢᠭᠤ ᠶᠢ ᠡᠭᠦᠳᠦᠨ ᠴᠣᠭᠴᠠᠯᠠᠬᠤ ᠠᠵᠢᠯ ᠢ ᠲᠣᠭᠲᠠᠭᠤᠨ ᠢᠶᠠᠷ ᠡᠬᠢᠯᠡᠭᠦᠯᠵᠦ᠂ ︽ᠵᠢᠱᠢᠶᠡᠴᠢ ᠦᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃        ᠲᠥᠯᠥᠭᠡᠯᠡᠭᠴᠢᠳ ᠠ᠋᠂ ᠪᠢᠳᠡ ᠢᠮᠠᠭᠲᠠ ᠠᠷᠠᠳ ᠣᠯᠠᠨ ᠤ ᠬᠦᠷᠲᠡᠭᠡᠮᠵᠢ ᠶᠢᠨ ᠲᠦᠷᠦᠭᠳᠡᠯ᠂ ᠬᠠᠨᠤᠮᠵᠢ ᠶᠢᠨ ᠬᠡᠮᠵᠢᠶ᠎ᠡ ᠶᠢ ᠲᠡᠷᠢᠭᠦᠨ ᠪᠠᠶᠢᠷᠢᠨ ᠳᠤ ᠲᠠᠯᠪᠢᠵᠤ᠂ ︽ᠠᠷᠠᠳ ᠤᠨ ᠵᠣᠪᠠᠨᠢᠯ ᠲᠠᠢ ᠠᠰᠠᠭᠤᠳᠠᠯ ᠳᠤ ᠪᠢ ᠡᠷᠬᠡᠪᠰᠢ ᠰᠠᠨᠠᠭᠠᠰᠢᠷᠠᠵᠤ᠂ ᠠᠷᠠᠳ ᠤᠨ ᠬᠦᠰᠡᠯ ᠡᠷᠡᠮᠡᠯᠵᠡᠯ ᠳᠤ ᠪᠢ ᠡᠷᠬᠡᠪᠰᠢ ᠦᠢᠯᠡ ᠠᠵᠢᠯᠯᠠᠭ᠎ᠠ ᠲᠠᠢ ᠪᠠᠶᠢᠬᠤ︾ ᠶᠢ ᠪᠡᠶᠡᠯᠡᠭᠦᠯᠵᠦ᠂ ᠬᠢᠵᠠᠭᠠᠷ ᠲᠠᠢ ᠡᠳ᠋ ᠤᠨ ᠬᠦᠴᠦᠨ ᠢ ᠲᠦᠪᠯᠡᠷᠡᠭᠦᠯᠦᠨ ᠠᠷᠠᠳ ᠲᠤ ᠪᠣᠳᠠᠲᠤ ᠶᠠᠪᠤᠳᠠᠯ ᠬᠢᠵᠦ ᠥᠭᠭᠦᠨ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃ ᠦᠷᠭᠡᠨ ᠳᠡᠯᠭᠡᠷᠡᠩᠭᠦᠢ ᠬᠤᠷᠢᠶᠠᠨ ᠴᠤᠭᠯᠠᠭᠤᠯᠬᠤ ᠪᠠ ᠭᠦᠢᠴᠡᠳ ᠶᠠᠷᠢᠯᠴᠠᠬᠤ ᠪᠠᠷ ᠳᠡᠮᠵᠢᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢᠶᠠᠷ ᠵᠢᠱᠢᠭᠳᠡᠭᠰᠡᠨ 5 ᠲᠥᠷᠥᠯ ᠵᠦᠢᠯ ᠢ ᠡᠮᠬᠢᠯᠡᠨ ᠭᠠᠷᠭᠠᠵᠤ᠂ ᠶᠡᠭᠡ ᠬᠤᠷᠠᠯ ᠳᠤ ᠳᠡᠪᠰᠢᠭᠦᠯᠦᠨ ᠪᠢᠯᠧᠲ ᠥᠭᠴᠦ ᠲᠣᠭᠲᠠᠭᠠᠯᠭᠠᠨ᠎ᠠ᠃ ᠪᠢᠯᠧᠲ ᠥᠭᠴᠦ ᠲᠣᠭᠲᠠᠭᠠᠭᠰᠠᠨ ᠦᠷ᠎ᠡ ᠳ᠋ᠦᠩ ᠢ ᠦᠨᠳᠦᠰᠦᠯᠡᠨ᠂ ᠪᠢᠳᠡ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠷᠠᠳ ᠲᠦᠮᠡᠨ ᠳᠤ ᠠᠮᠠᠯᠠᠭᠰᠠᠨ ᠠᠮᠠᠯᠠᠯᠲᠠ ᠪᠠᠨ ᠪᠡᠶᠡᠯᠡᠭᠦᠯᠦᠨ᠎ᠡ᠃        ︵ᠵᠢᠷᠭᠤᠭ᠎ᠠ︶ ᠬᠠᠤᠯᠢ ᠪᠠᠷ ᠵᠠᠰᠠᠬᠤ ᠲᠣᠭᠲᠠᠴᠠ ᠪᠠᠷ ᠶᠡᠷᠦᠩᠬᠡᠶᠢᠯᠡᠨ ᠵᠠᠰᠠᠵᠤ᠂ ᠬᠢᠯᠢ ᠬᠢᠵᠠᠭᠠᠷ ᠤᠨ ᠳᠤᠭᠳᠠᠭᠤᠨ ᠢ ᠬᠠᠮᠠᠭᠠᠯᠠᠵᠦ ︽ᠠᠮᠦᠷ ᠠᠮᠤᠭᠤᠯᠠᠩ ᠢ ᠪᠠᠳᠤᠯᠠᠨ᠎ᠠ︾᠃ ᠬᠦᠭᠵᠢᠯᠲᠡ ᠪᠠ ᠠᠮᠦᠷ ᠲᠦᠪᠰᠢᠨ ᠢ ᠨᠢᠭᠡᠳᠦᠯᠳᠡᠢ ᠲᠦᠯᠦᠪᠯᠡᠨ᠂ ᠤᠯᠤᠰ ᠤᠨ ᠶᠡᠷᠦᠩᠭᠡᠢ ᠠᠮᠦᠷ ᠲᠦᠪᠰᠢᠨ ᠤ ᠦᠵᠡᠯᠳᠡ ᠶᠢ ᠪᠠᠳᠦ ᠪᠠᠬᠢ ᠪᠤᠢ ᠪᠤᠯᠭᠠᠨ᠂ ︽ᠠᠮᠦᠷ ᠠᠮᠤᠭᠤᠯᠠᠩ ᠰᠢᠨ᠎ᠡ ᠪᠠᠷᠭᠤ ᠪᠠᠷᠠᠭᠤᠨ ᠬᠤᠰᠢᠭᠤ︾ ᠶᠢᠨ ᠪᠦᠲᠦᠭᠡᠨ ᠪᠠᠶᠢᠭᠤᠯᠤᠯᠳᠠ ᠶᠢ ᠪᠦᠬᠦ ᠳᠠᠯ᠎ᠠ ᠪᠠᠷ ᠲᠦᠯᠬᠢᠨ ᠠᠬᠢᠭᠤᠯᠵᠦ᠂ ᠠᠮᠦᠷ ᠲᠦᠪᠰᠢᠨ ᠤ ᠰᠢᠨ᠎ᠡ ᠪᠠᠶᠢᠷᠢᠰᠢᠯ ᠢᠶᠠᠷ ᠴᠢᠨᠠᠷ ᠰᠠᠶᠢᠲᠠᠢ ᠬᠦᠭᠵᠢᠯᠳᠡ ᠶᠢ ᠪᠠᠳᠤᠯᠠᠵᠦ ᠂ ᠡᠬᠡ ᠤᠯᠤᠰ ᠤᠨ ᠬᠢᠯᠢ ᠬᠢᠵᠠᠭᠠᠷ ᠤᠨ ᠠᠮᠦᠷ ᠲᠦᠪᠰᠢᠨ ᠠᠮᠤᠭᠤᠯᠠᠩ ᠳᠤᠭᠳᠠᠭᠤᠨ ᠤ ᠬᠠᠯᠬᠠᠪᠴᠢ ᠶᠢ ᠪᠠᠬᠢᠵᠢᠭᠦᠯᠦᠨ᠎ᠡ᠃        ᠬᠠᠤᠯᠢ ᠪᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠳᠦᠮᠵᠢ ᠶᠢ ᠳᠡᠭᠡᠭᠰᠢᠯᠡᠬᠦᠯᠬᠦ ᠤᠨ︾ ᠤ ᠠᠵᠢᠯᠯᠠᠭ᠎ᠠ ᠶᠢ ᠦᠷᠨᠢᠬᠦᠯᠦᠨ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠪᠦᠬᠦ ᠬᠦᠴᠦᠨ ᠢᠶᠠᠷ ᠢᠶᠠᠨ ᠨᠠᠮᠳᠠᠭᠤᠯᠤᠨ ᠰᠢᠢᠳᠪᠦᠷᠢᠯᠡᠨ᠎ᠡ᠃ ᠠᠶᠤᠯ ᠲᠦᠭᠰᠢᠭᠦᠷᠢ ᠶᠢ ᠡᠷᠡᠰ ᠰᠢᠭᠤᠷᠬᠠᠢ ᠰᠡᠷᠭᠡᠶᠢᠯᠡᠨ ᠠᠷᠢᠯᠭᠠᠵᠤ᠂ ᠥᠷᠢ ᠥᠭᠴᠡᠭᠡ ᠶᠢᠨ ᠨᠡᠮᠡᠭᠳᠡᠯ ᠤᠨ ᠬᠡᠮᠵᠢᠶ᠎ᠡ ᠶᠢ ᠪᠦᠳᠦᠮᠵᠢᠳᠡᠢ ᠬᠤᠷᠢᠭᠯᠠᠨ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠶᠡᠷᠦᠩᠬᠡᠢ ᠳᠡᠭᠡᠨ ᠡᠵᠡᠮᠳᠡᠵᠦ ᠪᠣᠯᠬᠤ ᠶᠢ ᠪᠠᠲᠤᠯᠠᠨ᠎ᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠷᠬᠠᠭ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠬᠦᠨᠳᠦ ᠨᠣᠴᠢᠲᠠᠢ ᠣᠨᠴᠠ ᠶᠡᠭᠡ ᠠᠳᠡᠯ ᠭᠠᠷᠬᠤ ᠠᠴᠠ ᠴᠢᠩᠭ᠎ᠠ ᠰᠡᠷᠭᠡᠶᠢᠯᠡᠨ᠎ᠡ᠃ ᠭᠠᠮᠰᠢᠭ ᠢ ᠰᠡᠷᠭᠡᠶᠢᠯᠡᠨ ᠪᠠᠭᠠᠰᠬᠠᠬᠤ ᠰᠢᠰᠲ᠋ᠧᠮ ᠢ ᠢᠳᠡᠪᠬᠢᠲᠡᠢ ᠪᠠᠶᠢᠭᠤᠯᠵᠦ᠂ ᠣᠷᠣᠨ ᠪᠦᠰᠡ ᠶᠢᠨ ᠴᠢᠨᠠᠷᠲᠠᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠠᠭᠤᠷᠢᠨ ᠭᠠᠵᠠᠷ ᠢ ᠪᠠᠶᠢᠭᠤᠯᠤᠨ᠂ ᠡᠩᠨᠡᠭᠡ ᠠᠩᠬᠢ ᠪᠠ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠬᠤᠷᠢᠭᠯᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠢᠳᠡᠭᠡᠨ ᠤ ᠵᠦᠢᠯ ᠤᠨ ᠠᠮᠤᠷ ᠲᠦᠪᠰᠢᠨ ᠤ ᠡᠯ᠎ᠡ ᠳᠠᠯ᠎ᠠ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠢᠳᠡᠭᠡᠨ ᠤ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠬᠢᠨᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠨ᠎ᠠ᠃ ︽ᠣᠶᠤᠨᠴᠢ ᠳᠣᠲᠣᠭᠠᠳᠤ ᠶᠢ ᠬᠠᠮᠠᠭᠠᠯᠠᠬᠤ︾ ᠪᠠᠶᠢᠭᠤᠯᠤᠯᠲᠠ ᠶᠢ ᠢᠳᠡᠪᠬᠢᠳᠠᠢ ᠥᠷᠨᠢᠭᠦᠯᠵᠦ᠂ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠠᠮᠤᠷ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃        ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ        ᠰᠢᠨ᠎ᠡ ᠴᠠᠭ ᠦᠶ᠎ᠡ ᠶᠢᠨ ᠭᠠᠷᠤᠭ᠎ᠠ ᠳᠤ᠂ ᠰᠢᠨ᠎ᠡ ᠡᠭᠦᠷᠭᠡ ᠬᠠᠷᠢᠭᠤᠴᠠᠯᠭ᠎ᠠ ᠡᠭᠦᠷᠭᠡᠯᠡᠨ᠂ ᠰᠢᠨ᠎ᠡ ᠠᠶᠠᠨ ᠵᠠᠮ ᠢ ᠡᠯᠬᠦᠬᠦ ᠳᠤ ᠪᠢᠳᠡ ᠡᠷᠭᠡᠪᠰᠢ ᠨᠡᠩ ᠦᠨᠳᠦᠷ ᠵᠤᠭᠰᠤᠴᠠ ᠪᠠᠶᠢᠷᠢᠰᠢᠯ᠂ ᠨᠡᠩ ᠪᠣᠳᠠᠲᠠᠢ ᠠᠵᠢᠯ ᠤᠨ ᠬᠡᠪ ᠰᠤᠷᠳᠠᠯ᠂ ᠨᠡᠩ ᠰᠢᠯᠢᠳᠡᠭ ᠤᠯᠤᠰ ᠲᠦᠷᠦ ᠶᠢᠨ ᠠᠮᠢ ᠠᠬᠤᠢ ᠪᠠᠷ ᠴᠢᠨᠠᠷ ᠰᠠᠶᠢᠲᠠᠢ ᠬᠦᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ᠃        ᠤᠯᠤᠰ ᠲᠦᠷᠦ ᠶᠢᠨ ᠪᠦᠲᠦᠭᠡᠨ ᠪᠠᠶᠢᠭᠤᠯᠤᠯᠳᠠ ᠳᠤ ᠬᠠᠷᠢᠭᠤᠴᠠᠯᠭ᠎ᠠ ᠡᠭᠦᠷᠭᠡᠯᠡᠨ ᠴᠢᠷᠮᠠᠶᠢᠯᠭ᠎ᠠ ᠭᠠᠷᠭᠠᠨ᠎ᠠ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ ︽ᠤᠯᠤᠰ ᠤᠨ ᠶᠡᠭᠡ ᠶᠠᠪᠤᠳᠠᠯ︾ ᠢ ᠰᠡᠳᠬᠢᠯ ᠳᠡᠭᠡᠨ ᠪᠣᠳᠣᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠲᠦ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ᠂ ︽ᠲᠦᠷᠪᠡᠨ ᠤᠬᠠᠮᠰᠠᠷ︾ ᠢ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠨ᠂ ︽ᠬᠤᠶᠠᠷ  ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ  ᠶᠢᠨ ᠲᠦᠷᠢᠮ ᠢ ᠴᠢᠩᠭ᠎ᠠ ᠨᠠᠶᠢᠳᠠᠪᠦᠷᠢᠵᠢᠭᠤᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠬᠡᠪᠴᠢᠶᠡᠨ ᠳᠠᠬᠢ ᠬᠠᠷᠢᠴᠠᠯᠠᠰᠢ ᠦᠬᠡᠢ ᠠᠮᠦᠷ ᠲᠦᠪᠰᠢᠨ ᠢ ᠪᠠᠳᠤᠯᠠᠨ᠎ᠠ᠃ ᠤᠯᠤᠰ ᠲᠥᠷᠥ ᠶᠢᠨ ᠰᠠᠬᠢᠯᠭ᠎ᠠ ᠪᠠᠲᠤ ᠤᠯᠤᠰ ᠲᠥᠷᠥ ᠶᠢᠨ ᠶᠣᠰᠣ ᠳᠦᠷᠢᠮ ᠢ ᠴᠢᠩᠭ᠎ᠠ ᠰᠠᠬᠢᠵᠤ᠂ ᠨᠠᠮ ᠤᠨ ᠲᠦᠪ ᠬᠤᠷᠢᠶ᠎ᠠ ᠶᠢᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠪᠤᠯᠤᠨ ᠳᠡᠭᠡᠳᠦ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠠᠵᠢᠯ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠬᠡᠷᠡᠭ ᠶᠠᠪᠤᠳᠠᠯ ᠢ ᠰᠡᠲᠦᠵᠦ ᠬᠢᠬᠦ ᠳᠡᠭᠡᠨ ᠢᠮᠠᠭᠲᠠ ᠤᠯᠤᠰ ᠲᠦᠷᠦ ᠶᠢᠨ ᠳᠠᠯ᠎ᠠ ᠠᠴᠠ ᠪᠤᠳᠤᠯᠬᠢᠯᠠᠵᠦ᠂ ᠤᠯᠤᠰ ᠲᠦᠷᠦ ᠶᠢᠨ ᠳᠠᠯ᠎ᠠ ᠠᠴᠠ ᠬᠦᠢᠴᠡᠳᠭᠡᠨ᠎ᠡ᠃        ᠬᠠᠤᠯᠢ ᠶᠣᠰᠣᠭᠠᠷ ᠵᠠᠰᠠᠭ ᠶᠠᠪᠤᠭᠤᠯᠬᠤ ᠲᠠᠯ᠎ᠠ ᠳᠤ ᠬᠠᠶᠢᠨ ᠰᠦᠪᠡᠭᠴᠢᠯᠡᠵᠦ ᠪᠤᠳᠠᠳᠠᠢ ᠶᠢ ᠡᠷᠬᠢᠮᠯᠡᠨ᠎ᠡ᠃ ᠬᠠᠥᠯᠢ ᠪᠠᠷ ᠵᠠᠰᠠᠬᠤ ᠰᠢᠨ᠎ᠡ ᠪᠠᠷᠭᠤ ᠪᠠᠷᠠᠭᠤᠨ ᠬᠤᠰᠢᠭᠤ᠂ ᠬᠠᠥᠯᠢ ᠪᠠᠷ ᠵᠠᠰᠠᠬᠤ ᠵᠠᠰᠠᠭ ᠤᠨ ᠣᠷᠳᠣᠨ ᠪᠠ ᠬᠠᠥᠯᠢ  ᠪᠠᠷ ᠵᠠᠰᠠᠬᠤ ᠨᠡᠶᠢᠭᠡᠮ ᠤᠨ ᠨᠢᠭᠡ ᠴᠣᠭᠴᠠᠲᠤ ᠪᠠᠶᠢᠭᠤᠯᠤᠯᠲᠠ ᠶᠢ ᠪᠠᠷᠢᠮᠲᠠᠯᠠᠨ᠂ ᠲᠤᠰᠢᠶᠠᠯ ᠬᠠᠷᠢᠭᠤᠴᠠᠯᠭ᠎ᠠ ᠶᠢᠨ ᠨᠠᠷᠢᠨ ᠳᠠᠩᠰᠠ ᠪᠠ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠬᠡ ᠶᠢᠨ ᠠᠵᠢᠯᠯᠠᠭᠠᠨ ᠳᠤ ᠬᠠᠤᠯᠢ ᠳᠦᠷᠢᠮᠵᠢᠯ ᠲᠠᠢ᠂ ᠬᠠᠤᠯᠢ ᠶᠢ ᠴᠢᠩᠭ᠎ᠠ ᠬᠡᠷᠡᠭᠵᠢᠭᠦᠯᠬᠦ  ᠳᠤ ᠡᠷᠴᠢ ᠬᠦᠴᠦᠨ ᠲᠠᠢ᠂ ᠠᠷᠠᠳ ᠲᠦᠮᠡᠨ ᠤ ᠦᠢᠯᠡᠴᠢᠯᠡᠭᠡᠨ ᠳᠤ ᠬᠠᠶᠢᠷ᠎ᠠ ᠨᠠᠶᠢᠷ ᠲᠠᠢ ᠪᠠᠶᠢᠯᠭᠠᠨ᠎ᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠰᠢᠢᠳᠪᠦᠷᠢ ᠳᠤᠭᠳᠠᠭᠠᠯ ᠢ ᠡᠷᠡᠰ ᠨᠠᠶᠢᠳᠠᠪᠦᠷᠢᠵᠢᠭᠤᠯᠤᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠪᠠᠷ ᠬᠢᠨᠠᠯᠲᠠ ᠲᠠᠯᠪᠢᠬᠤ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠬᠡᠮ ᠤᠨ ᠡᠯ᠎ᠡ ᠡᠳᠡᠭᠡᠳ ᠤᠨ ᠬᠢᠨ ᠤ ᠬᠢᠨᠠᠯᠳᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠡᠷᠬᠡ ᠶᠢᠨ ᠢᠯᠡ ᠪᠠᠷ ᠭᠡᠷᠡᠭᠵᠢᠬᠦᠯᠦᠭᠳᠡᠬᠦ ᠶᠢ ᠪᠠᠲᠤᠯᠠᠨ᠎ᠠ᠃        ᠰᠢᠨᠵᠢᠯᠡᠬᠦ ᠤᠬᠠᠭᠠᠨᠴᠢ ᠪᠠᠷ ᠵᠠᠰᠠᠭ ᠪᠠᠷᠢᠬᠤ ᠲᠠᠯ᠎ᠠ ᠳᠤ ᠬᠦᠴᠦ ᠰᠡᠳᠬᠢᠯ ᠢᠶᠠᠨ ᠨᠢᠠᠠᠳᠠᠷᠠᠭᠤᠯᠤᠨ᠎ᠠ᠃ ᠬᠤᠷᠸ᠎ᠠ ᠡᠵᠡᠮᠰᠢᠯ ᠤᠨ ᠲᠥᠷᠥ ᠶᠢᠨ ᠪᠣᠳᠣᠯᠭ᠎ᠠ ᠪᠠ ᠬᠥᠭᠵᠢᠯᠲᠡ ᠶᠢᠨ ᠬᠠᠨᠳᠤᠰᠢ ᠶᠢ ᠣᠨᠣᠪᠴᠢᠲᠠᠶ ᠡᠵᠡᠮᠳᠡᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠦᠭᠵᠢᠯᠳᠡ ᠶᠢ ᠶᠡᠭᠡ ᠲᠠᠯ᠎ᠠ ᠠᠴᠠ ᠴᠢᠳᠠᠮᠠᠭᠠᠢ ᠰᠡᠳᠬᠢᠨ ᠲᠤᠩᠭᠠᠨ ᠪᠣᠳᠣᠯᠬᠢᠯᠠᠬᠤ ᠪᠠ ᠰᠦᠪᠡᠭᠴᠢᠯᠡᠨ ᠲᠦᠯᠦᠪᠯᠡᠨ᠎ᠡ᠃ ᠰᠠᠭᠤᠷᠢ ᠶᠢ ᠳᠠᠯᠪᠢᠵᠦ ᠠᠯᠤᠰ ᠬᠡᠲᠦ ᠶᠢᠨ ᠠᠴᠢ ᠬᠤᠯᠪᠤᠭᠳᠠᠯ  ᠲᠠᠢ ᠴᠢᠬᠤᠯᠠ ᠶᠡᠭᠡ ᠤᠴᠢᠷ ᠶᠠᠪᠤᠳᠠᠯ ᠳᠤ ᠪᠣᠳᠠᠲᠠᠢ ᠶᠢ ᠡᠷᠬᠢᠮᠯᠡᠨ ᠰᠠᠶᠢᠲᠤᠷ ᠠᠳᠬᠤᠵᠤ᠂ ᠪᠥᠬᠦ ᠲᠠᠯ᠎ᠠ ᠠᠴᠠ ᠪᠣᠳᠣᠯᠬᠢᠯᠠᠬᠤ ᠪᠠ ᠶᠡᠭᠡ ᠲᠠᠯ᠎ᠠ ᠳᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ︽ᠳᠣᠯᠤᠭ᠎ᠠ ᠶᠢ ᠲᠠᠶᠠᠭᠳᠠᠬᠤ︾ ᠶᠢ ᠨᠠᠶᠢᠳᠠᠪᠤᠷᠢᠵᠢᠭᠤᠯᠬᠤ᠂ ︽ᠵᠢᠷᠭᠤᠭᠠᠨ ᠬᠤᠣᠰ ᠬᠠᠷᠢᠴᠠᠭ᠎ᠠ︾ ᠶᠢ ᠡᠵᠡᠮᠳᠡᠬᠦ᠂ ︽ᠵᠢᠷᠭᠤᠭ᠎ᠠ ᠶᠢ ᠪᠠᠷᠢᠮᠲᠠᠯᠠᠬᠤ︾ ᠶᠢ ᠪᠡᠶᠡᠯᠡᠭᠦᠯᠵᠦ᠂ ᠴᠢᠬᠤᠯᠠ ᠶᠡᠭᠡ ᠬᠡᠷᠡᠭ ᠶᠠᠪᠤᠳᠠᠯ ᠤᠨ ᠪᠣᠳᠠᠲᠤ ᠵᠦᠢᠯ ᠢ ᠠᠳᠬᠤᠬᠤ ᠪᠠ ᠪᠣᠳᠠᠲᠠᠢ ᠪᠠᠷ ᠠᠳᠬᠤᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠡᠬᠢ ᠪᠠᠶᠠᠯᠢᠭ ᠪᠠ ᠬᠦᠴᠦᠨ ᠴᠢᠳᠠᠯ ᠢᠶᠠᠨ ᠬᠦᠭᠵᠢᠯᠲᠡ ᠶᠢᠨ ᠲᠣᠮᠣ ᠶᠠᠪᠤᠳᠠᠯ ᠳᠡᠭᠡᠷ᠎ᠡ ᠲᠥᠪᠯᠡᠷᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠨᠠᠮ ᠤᠨ ᠲᠦᠪ ᠬᠤᠷᠢᠶ᠎ᠠ ᠶᠢᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠲᠠ ᠶᠢ ᠰᠢᠨ᠎ᠡ ᠪᠠᠷᠭᠤ ᠪᠠᠷᠠᠭᠤᠨ ᠬᠤᠰᠢᠭᠤᠨ ᠳᠤ ᠨᠠᠶᠢᠳᠠᠪᠦᠷᠢᠵᠢᠭᠤᠯᠤᠨ ᠦᠷ᠎ᠡ ᠪᠦᠳᠦᠮᠵᠢ ᠤᠯᠬᠤ ᠶᠢ ᠲᠦᠯᠬᠢᠨ ᠠᠬᠢᠭᠤᠯᠤᠨ᠎ᠠ᠃        ᠪᠣᠳᠠᠲᠠᠢ ᠪᠠᠷ ᠠᠵᠢᠯᠯᠠᠵᠤ ᠵᠠᠰᠠᠭ ᠢ ᠮᠠᠨᠳᠤᠭᠤᠯᠬᠤ ᠲᠠᠯ᠎ᠠ ᠳᠤ ᠮᠡᠷᠡᠶᠢᠨ ᠴᠢᠷᠮᠠᠶᠢᠵᠤ ᠰᠢᠭᠤᠷᠬᠠᠶᠢᠯᠠᠨ ᠤᠷᠤᠭᠰᠢᠯᠠᠨ᠎ᠠ᠃ ︽ᠦᠵᠡᠯᠲᠡ ᠲᠠᠨᠢᠯᠲᠠ ᠶᠢ ᠬᠤᠪᠢᠷᠠᠭᠤᠯᠬᠤ᠂ ᠣᠪᠣᠷ ᠰᠤᠷᠲᠠᠯ ᠢ ᠴᠢᠩᠭᠠᠳᠬᠠᠬᠤ᠂ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠪᠣᠳᠠᠲᠠᠢ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠬᠤ᠂ ᠳᠦᠷᠢ ᠲᠥᠷᠬᠦ ᠶᠢ ᠱᠤᠭᠤᠬᠤ︾ ᠰᠤᠷᠤᠯᠴᠠᠯᠭ᠎ᠠ ᠦᠢᠯᠡᠳᠦᠯᠭᠡ ᠶᠢᠨ ᠠᠵᠢᠯᠯᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠪᠠᠷᠢᠮᠵᠢᠶ᠎ᠠ ᠶᠢ ᠳᠡᠭᠡᠭᠰᠢᠯᠡᠭᠦᠯᠬᠦ᠂ ᠭᠦᠨᠵᠡᠭᠡᠶᠢᠷᠡᠭᠦᠯᠬᠦ ᠪᠠ ᠪᠣᠳᠠᠲᠠᠶᠢᠵᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ ᠂ ᠳᠦᠷᠢᠮᠵᠢᠭᠦᠯᠬᠦ᠂ ᠴᠣᠮᠬᠠᠳᠬᠠᠬᠤ ᠪᠠ ᠲᠦᠷᠭᠡᠳᠬᠡᠬᠦ ᠲᠠᠯ᠎ᠠ ᠪᠠᠷ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠵᠠᠰᠠᠭ ᠤᠨ ᠣᠷᠳᠣᠨ ᠤ ᠠᠵᠢᠯ ᠤᠨ ᠬᠦᠭ ᠠᠶᠢᠵᠠᠮ ᠢ ᠰᠢᠯᠤᠭᠤᠳᠬᠠᠬᠤ ᠪᠠ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠺᠠᠳ᠋ᠷᠴᠤᠳ ᠤᠨ ᠴᠢᠳᠠᠪᠤᠷᠢ ᠴᠢᠳᠠᠪᠬᠢ ᠬᠡᠪ ᠴᠢᠨᠠᠷ ᠪᠠ ᠲᠤᠰᠬᠠᠶᠢᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠬᠦ ᠠᠵᠢᠯᠯᠠᠭ᠎ᠠ ᠦᠷᠨᠢᠭᠦᠯᠦᠨ᠂ ᠥᠷᠭᠡᠨ ᠤᠯᠠᠨ ᠺᠠᠳ᠋ᠷ ᠠᠵᠢᠯᠲᠠᠳ ᠢ ᠬᠥᠲᠥᠯᠥᠨ ᠵᠢᠯᠤᠭᠤᠳᠴᠤ ᠳᠣᠲᠣᠷ ᠲᠠᠮᠢᠷ ᠢ ᠨᠢ ᠰᠠᠶᠢᠲᠤᠷ ᠴᠢᠩᠭᠠᠷᠠᠭᠤᠯᠵᠤ᠂ ᠬᠡᠪ ᠴᠢᠨᠠᠷ ᠢ ᠨᠢ ᠢᠯᠡᠳᠲᠡ ᠳᠡᠭᠡᠭᠰᠢᠯᠡᠭᠦᠯᠦᠨ᠎ᠡ᠃ ᠪᠠᠶᠢᠩᠭᠤᠵᠢᠭᠰᠠᠨ ᠱᠠᠭᠠᠷᠳᠠᠨ ᠪᠠᠶᠢᠴᠠᠭᠠᠵᠤ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ︽ᠠᠯᠵᠠᠭᠤ ᠬᠤᠶᠢᠷᠭᠤ ᠰᠤᠯᠠ ᠵᠠᠳᠠᠭᠠᠢ︾ ᠪᠠᠶᠢᠳᠠᠯ ᠢ ᠴᠡᠭᠴᠡᠯᠡᠨ ᠵᠠᠰᠠᠵᠤ᠂ ᠵᠠᠰᠠᠭ ᠤᠨ ᠤᠷᠳᠤᠨ ᠤ ᠰᠠᠶᠢᠨ ᠰᠠᠶᠢᠬᠠᠨ ᠲᠦᠷᠢ ᠲᠦᠷᠬᠦ ᠶᠢ ᠪᠤᠢ ᠪᠤᠯᠭᠠᠨ᠎ᠠ᠃        ᠠᠷᠢᠭᠤᠨ ᠴᠢᠭᠡᠴᠢ ᠪᠠᠷ ᠵᠠᠰᠠᠭ ᠪᠠᠷᠢᠬᠤ ᠲᠠᠯ᠎ᠠ ᠳᠤ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠥᠪ ᠤᠨ ᠨᠠᠢᠮᠠᠨ ᠵᠣᠷᠪᠣᠰ ᠲᠣᠭᠲᠠᠭᠠᠯ ᠵᠢᠴᠢ ᠲᠡᠬᠦᠨ ᠤ ᠭᠡᠷᠡᠭᠵᠢᠬᠦᠯᠬᠦ ᠨᠠᠷᠢᠯᠢᠭ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠵᠠᠰᠠᠭ ᠤᠨ ᠤᠷᠳᠤᠨ ᠤ ᠤᠪᠤᠷ ᠰᠤᠷᠳᠠᠯ ᠢ ᠦᠨᠡᠨ ᠬᠦ ᠬᠤᠪᠢᠷᠠᠭᠤᠯᠤᠨ᠎ᠠ᠃ ᠢᠯᠵᠠᠷᠠᠬᠤ ᠵᠣᠷᠢᠭ ᠦᠭᠡᠢ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠣᠳᠣᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠴᠢᠭᠡᠴᠢ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ ᠳᠦᠷᠢᠮ ᠲᠣᠭᠲᠠᠭᠠᠯ ᠢ ᠲᠡᠭᠦᠯᠳᠡᠷᠵᠢᠭᠦᠯᠦᠨ᠎ᠡ᠃ ︽ᠠᠯᠪᠠᠨ ᠤ ᠭᠤᠷᠪᠠᠨ ᠵᠦᠢᠯ ᠤᠨ ᠵᠠᠷᠤᠳᠠᠯ︾ ᠪᠠ ᠡᠩ ᠤᠨ ᠴᠢᠨᠠᠷᠲᠠᠢ ᠵᠠᠷᠤᠯᠭ᠎ᠠ ᠶᠢ ᠦᠷᠬᠦᠯᠵᠢᠯᠡᠨ ᠪᠠᠭᠠᠰᠬᠠᠵᠤ᠂ ᠲᠦᠰᠦᠪ ᠤᠨ ᠬᠡᠷᠡᠭᠵᠢᠭᠦᠯᠦᠯᠲᠡ ᠶᠢ ᠴᠢᠩᠭ᠎ᠠ ᠨᠠᠷᠢᠯᠢᠭ ᠪᠦᠭᠡᠳ ᠰᠠᠶᠢᠲᠤᠷ ᠠᠳᠬᠤᠵᠤ᠂ ᠵᠠᠰᠠᠭ ᠤᠨ ᠣᠷᠳᠣᠨ ᠤ ᠠᠷᠪᠢᠯᠠᠨ ᠭᠠᠮᠨᠠᠬᠤ ᠪᠠᠷ ᠠᠷᠠᠳ ᠲᠦᠮᠡᠨ ᠳᠤ ᠰᠠᠶᠢᠨ ᠰᠠᠶᠢᠬᠠᠨ ᠠᠮᠢᠳᠤᠷᠠᠯ ᠢ ᠣᠯᠭᠤᠨ᠎ᠠ᠃        ᠲᠦᠯᠦᠭᠡᠯᠡᠭᠴᠢᠳ ᠡ᠂ ᠨᠦᠬᠦᠳ ᠡ᠂ ᠴᠠᠭ ᠦᠶ᠎ᠡ ᠠᠴᠠ ᠪᠢᠳᠡᠨ ᠳᠤ ᠡᠭᠦᠷᠭᠡ ᠬᠠᠷᠢᠭᠤᠴᠠᠯᠭ᠎ᠠ ᠲᠤᠰᠢᠶᠠᠯ ᠨᠠᠶᠢᠳᠠᠯᠭ᠎ᠠ ᠶᠢ ᠣᠯᠭᠤᠵᠤ᠂ ᠵᠢᠳᠬᠦᠯ ᠴᠢᠷᠮᠠᠶᠢᠯᠭ᠎ᠠ ᠠᠴᠠ ᠪᠢᠳᠡᠨ ᠳᠤ ᠡᠷᠴᠢ ᠵᠣᠷᠢᠭ ᠬᠦᠴᠦᠨ ᠴᠢᠳᠠᠯ ᠨᠡᠮᠡᠷᠢᠯᠡᠭᠰᠡᠨ ᠪᠠᠶᠢᠨ᠎ᠠ᠃ ᠪᠣᠳᠠᠲᠠᠢ ᠠᠵᠢᠯᠯᠠᠨ ᠬᠦᠰᠡᠯ ᠡᠷᠡᠮᠡᠯᠵᠡᠯ ᠢᠶᠠᠨ ᠲᠡᠷᠭᠡᠯᠰᠢᠭᠦᠯᠵᠦ᠂ ᠴᠢᠷᠮᠠᠶᠢᠨ ᠲᠡᠮᠡᠴᠡᠵᠦ ᠠᠯᠤᠰ ᠢᠷᠡᠭᠡᠳᠦᠢ ᠪᠠᠨ ᠴᠣᠭᠴᠠᠯᠠᠨ᠎ᠠ᠃ ᠪᠢᠳᠡ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠴᠢᠩᠭ᠎ᠠ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠦᠨᠳᠦᠷ ᠮᠠᠨᠳᠤᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠭᠤᠷᠬᠠᠶᠢᠯᠠᠨ ᠤᠷᠤᠭᠰᠢᠯᠠᠵᠤ᠂ ᠵᠣᠷᠢᠭᠲᠠᠢ ᠠᠵᠢᠯᠯᠠᠨ ᠰᠠᠶᠢᠲᠤᠷ ᠬᠢᠵᠦ᠂ ︽ᠪᠠᠭ᠋ᠠᠲᠠᠢ ᠬᠢᠬᠦ︾ ᠤᠷᠮ᠎ᠠ ᠰᠡᠳᠬᠢᠯᠭᠡ᠂ ︽ᠵᠣᠷᠢᠭᠲᠠᠢ ᠬᠢᠬᠦ︾ ᠴᠤᠭ ᠵᠢᠪᠬᠤᠭ᠎ᠠ᠂ ︽ᠴᠢᠳᠠᠮᠠᠭᠠᠢ ᠬᠢᠬᠦ︾ ᠤᠷ᠎ᠠ ᠳᠡᠮ ᠪᠠ ︽ᠪᠦᠲᠦᠮᠵᠢᠲᠡᠢ ᠬᠢᠬᠦ︾ ᠰᠦᠰᠥ ᠵᠣᠷᠢᠭ ᠢᠶᠠᠷ᠂ ᠪᠣᠳᠣᠯ ᠰᠠᠨᠠᠭᠠᠨ ᠳᠠᠬᠢ ︽ᠪᠣᠷᠣ ᠲᠦᠯᠦᠪ︾ ᠢᠶᠠᠨ ᠦᠯᠦᠭᠡᠢ ᠨᠤᠲᠤᠭ ᠤᠨ ᠢᠶᠠᠨ ︽ᠠᠤᠭ᠎ᠠ ᠦᠢᠯᠡᠰ︾ ᠪᠣᠯᠭᠠᠨ ᠨᠠᠶᠢᠳᠠᠪᠤᠷᠢᠵᠢᠭᠤᠯᠵᠤ᠂ ᠬᠠᠪᠤᠷ ᠤᠨ ᠬᠦᠷᠦᠰᠦᠨ ᠳᠤ ᠰᠠᠴᠤᠭᠰᠠᠨ ᠦᠷ᠎ᠡ ᠵᠢᠮᠢᠰ ᠬᠦᠴᠦ ᠬᠦᠯᠦᠰᠦ ᠪᠠᠷ ᠢᠶᠠᠨ ᠴᠢᠨᠠᠷ ᠰᠠᠶᠢᠲᠠᠢ ᠬᠥᠭᠵᠢᠯᠲᠡ ᠶᠢᠨ ᠡᠯᠪᠡᠭ ᠠᠮᠵᠢᠯᠲᠠ ᠶᠢ ᠪᠦᠲᠦᠭᠡᠵᠦ᠂ ᠨᠡᠶᠢᠬᠡᠮ ᠵᠢᠷᠤᠮ ᠤᠨ ᠤᠳᠤᠬᠢᠴᠢᠯᠠᠭᠰᠠᠨ ᠤᠯᠤᠰ ᠢ ᠪᠦᠬᠦ ᠳᠠᠯ᠎ᠠ ᠪᠠᠷ ᠪᠦᠲᠦᠭᠡᠨ ᠪᠠᠶᠢᠭᠤᠯᠬᠤ ᠳᠤ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠬᠠᠭᠤᠳᠠᠰᠦ ᠪᠠᠨ ᠴᠢᠷᠮᠠᠶᠢᠨ ᠪᠢᠴᠢᠭᠯᠡᠶ᠎ᠡ︕                ᠨᠡᠷᠡᠰ ᠦᠭᠡ ᠶᠢᠨ ᠲᠠᠶᠢᠯᠪᠤᠷᠢ        1. ᠲᠠᠪᠤᠨ ᠶᠡᠭᠡ ᠠᠵᠢᠯᠯᠠᠭᠠᠨ ᠤ ᠲᠦᠯᠦᠪᠯᠡᠭᠡ᠄ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠦᠷ᠎ᠡ ᠠᠰᠢᠭ ᠢ ᠨᠡᠮᠡᠭᠳᠡᠭᠦᠯᠦᠨ ᠬᠦᠭᠵᠢᠭᠦᠯᠬᠦ ᠠᠵᠢᠯᠯᠠᠭᠠᠨ ᠤ ᠲᠦᠯᠦᠪᠯᠡᠭᠡ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠲᠤᠭ᠎ᠠ ᠬᠡᠮᠵᠢᠶ᠎ᠡ ᠶᠢ ᠨᠡᠮᠡᠭᠳᠡᠭᠦᠯᠦᠨ ᠶᠠᠰᠤ ᠴᠢᠨᠠᠷ ᠢ ᠰᠠᠶᠢᠵᠢᠷᠠᠭᠤᠯᠤᠨ ᠬᠦᠭᠵᠢᠭᠦᠯᠬᠦ ᠠᠵᠢᠯᠯᠠᠭᠠᠨ ᠤ ᠲᠥᠯᠥᠪᠯᠡᠭᠡ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠡᠷᠴᠢᠮᠵᠢᠭᠦᠯᠵᠦ ᠲᠦᠪᠯᠡᠷᠡᠭᠦᠯᠦᠨ ᠬᠥᠭᠵᠢᠭᠦᠯᠬᠦ ᠠᠵᠢᠯᠯᠠᠭᠠᠨ ᠤ ᠲᠥᠯᠥᠪᠯᠡᠭᠡ᠂ ᠠᠮᠢ ᠠᠬᠤᠢ ᠶᠢᠨ ᠠᠵᠤ ᠦᠢᠯᠡᠰ ᠤᠨ ᠴᠠᠭ ᠲᠣᠬᠢᠶᠠᠯ ᠢ ᠠᠮᠵᠢᠨ ᠤᠷᠤᠭᠰᠢᠲᠠᠢ ᠬᠥᠭᠵᠢᠭᠦᠯᠬᠦ ᠠᠵᠢᠯᠯᠠᠭᠠᠨ ᠤ ᠲᠥᠯᠥᠪᠯᠡᠭᠡ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠴᠦ ᠬᠦᠭᠵᠢᠭᠦᠯᠬᠦ ᠠᠵᠢᠯᠯᠠᠭᠠᠨ ᠤ ᠲᠥᠯᠥᠪᠯᠡᠭᠡ ᠶᠢ ᠵᠢᠭᠠᠨ᠎ᠠ᠃        2. ᠲᠠᠪᠤ ᠶᠢ ᠲᠤᠶᠢᠯᠪᠤᠷᠢᠲᠠᠢ ᠰᠢᠢᠳᠪᠦᠷᠢᠯᠡᠬᠦ᠄ ᠥᠪᠡᠷᠲᠡᠭᠡᠨ ᠵᠠᠰᠠᠬᠤ ᠣᠷᠣᠨ ᠠᠴᠠ ᠪᠠᠶᠢᠷᠢᠯᠠᠭᠤᠯᠵᠤ ᠥᠷᠨᠢᠭᠦᠯᠦᠭᠰᠡᠨ ᠬᠢᠨᠠᠨ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ᠂ ᠰᠤᠯᠠ ᠪᠠᠶᠢᠭ᠎ᠠ ᠭᠠᠵᠠᠷ ᠰᠢᠷᠣᠶ᠂ ᠲᠤᠨᠤᠮᠠᠯ ᠪᠠᠯᠠ ᠮᠥᠩᠭᠦ᠂ ︽ᠬᠠᠭᠠᠰ ᠳᠤᠲᠠᠭᠤ ᠣᠷᠬᠢᠭᠰᠠᠨ︾ ᠢᠨᠵᠧᠨᠧᠷᠢᠩ᠂ ᠨᠡᠭᠡᠭᠡᠯᠲᠡ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠵᠡᠷᠭᠡ ᠲᠠᠪᠤᠨ ᠲᠠᠯ᠎ᠠ ᠶᠢ ᠲᠤᠶᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠶᠢ ᠵᠢᠭᠠᠨ᠎ᠠ᠃        3. ᠭᠤᠷᠪᠠᠨ ᠣᠯᠠᠨ ᠭᠤᠷᠪᠠᠨ ᠴᠦᠬᠡᠨ ᠭᠤᠷᠪᠠᠨ ᠤᠳᠠᠭᠠᠨ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠳᠤᠷᠠᠳᠤᠭᠰᠠᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠤᠨ ᠪᠣᠳᠠᠲᠠᠶ ᠢᠯᠡᠷᠡᠬᠦ ᠬᠡᠯᠪᠡᠷᠢ ᠶᠢ ᠵᠢᠭᠠᠵᠤ ᠪᠤᠢ᠃ ︽ᠭᠤᠷᠪᠠᠨ ᠣᠯᠠᠨ︾ ᠭᠡᠳᠡᠭ ᠨᠢ ᠬᠤᠷᠠᠯ ᠣᠯᠠᠨ᠂ ᠠᠵᠢᠯᠯᠠᠭ᠎ᠠ ᠣᠯᠠᠨ᠂ ᠭᠠᠳᠠᠭᠰᠢ ᠭᠠᠷᠬᠤ ᠣᠯᠠᠨ︔ ︽ᠭᠤᠷᠪᠠᠨ ᠴᠥᠭᠡᠨ︾ ᠭᠡᠳᠡᠭ ᠨᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠴᠡ ᠴᠥᠭᠡᠨ᠂ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠨᠢ ᠴᠥᠭᠡᠨ︔ ︽ᠭᠤᠷᠪᠠᠨ ᠤᠳᠠᠭᠠᠨ︾ ᠭᠡᠳᠡᠭ ᠨᠢ ᠰᠢᠢᠳᠪᠦᠷᠢᠲᠦ ᠪᠤᠳᠤᠯᠭ᠎ᠠ ᠲᠣᠭᠲᠠᠭᠠᠬᠤ ᠨᠢ ᠤᠳᠠᠭᠠᠨ᠂ ᠦᠢᠯᠡᠳᠦᠯᠭᠡ ᠨᠢ ᠤᠳᠠᠭᠠᠨ᠂ ᠦᠷ᠎ᠡ ᠳ᠋ᠦᠩ ᠨᠢ ᠤᠳᠠᠭᠠᠨ ᠪᠠᠶᠢᠬᠤ ᠶᠢ ᠵᠢᠭᠠᠨ᠎ᠠ᠃        4. ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ᠄ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠮᠦᠩᠭᠦᠨ ᠭᠦᠢᠯᠭᠡᠭᠡ ᠶᠢ ᠲᠣᠭᠲᠠᠪᠤᠷᠢᠵᠢᠭᠤᠯᠬᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠪᠡᠯᠡ ᠣᠷᠤᠭᠤᠯᠤᠯᠲᠠ ᠶᠢ ᠲᠣᠭᠲᠠᠪᠤᠷᠢᠵᠢᠭᠤᠯᠬᠤ ᠪᠠ ᠵᠢᠱᠢᠯᠲᠡ ᠶᠢ ᠲᠣᠭᠲᠠᠪᠤᠷᠢᠵᠢᠭᠤᠯᠬᠤ ᠶᠢ ᠵᠢᠭᠠᠨ᠎ᠠ᠃        5. ︽ᠬᠤᠶᠠᠷ ᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ᠄ ᠡᠭᠦᠷᠭᠡ ᠴᠢᠳᠠᠪᠬᠢ ᠶᠢ ᠰᠢᠯᠢᠳᠡᠭᠵᠢᠭᠦᠯᠬᠦ᠂ ᠠᠵᠢᠯ ᠤᠨ ᠠᠯᠬᠤᠮ ᠳᠠᠷᠠᠭᠠᠯᠠᠯ ᠢ ᠰᠢᠯᠢᠳᠡᠭᠵᠢᠭᠦᠯᠬᠦ ᠲᠤᠰᠬᠠᠢ ᠠᠵᠢᠯᠯᠠᠭ᠎ᠠ ᠶᠢ ᠵᠢᠭᠠᠨ᠎ᠠ᠃        6. ᠣᠷᠣᠨ ᠠᠯᠤᠰᠯᠠᠭᠰᠠᠨ ᠠᠵᠤ ᠠᠬᠤᠢ᠄ ᠬᠠᠷᠢᠯᠴᠠᠨ ᠲᠤᠰᠠᠭᠠᠷᠯᠠᠭᠰᠠᠨ᠂ ᠠᠵᠤ ᠠᠬᠤᠶ ᠶᠢᠨ ᠬᠥᠭᠵᠢᠯᠲᠡ ᠶᠢᠨ ᠲᠠᠯ᠎ᠠ ᠪᠠᠷ ᠵᠦᠷᠢᠶᠡᠨ ᠲᠠᠢ ᠪᠠᠶᠢᠭ᠎ᠠ ᠬᠤᠶᠠᠷ ᠵᠠᠰᠠᠭ ᠵᠠᠬᠢᠷᠭᠠᠨ ᠤ ᠭᠠᠵᠠᠷ ᠣᠷᠣᠨ᠂ ᠣᠷᠣᠨ ᠬᠤᠪᠢᠶᠠᠷᠢᠯᠠᠯ ᠤᠨ ᠬᠢᠵᠠᠭᠠᠷᠯᠠᠯ ᠢ ᠡᠪᠳᠡᠵᠦ᠂ ᠲᠦᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ᠡᠯ᠎ᠡ ᠲᠦᠷᠦᠯ ᠤᠨ ᠨᠡᠭᠡᠭᠡᠯᠲᠡ ᠶᠢᠨ ᠲᠣᠭᠤᠷᠢᠭ ᠢᠶᠠᠷ ᠭᠤᠤᠯ ᠠᠴᠢᠶᠠᠯᠠᠪᠤᠷᠢ ᠪᠣᠯᠭᠠᠨ᠂ ᠡᠷᠬᠡ ᠲᠡᠭᠰᠢ ᠪᠠᠷ ᠵᠥᠪᠳᠡᠯᠴᠡᠬᠦ᠂ ᠰᠠᠶᠢᠨ ᠳᠤᠷ᠎ᠠ ᠠᠴᠠ ᠪᠠᠨ ᠬᠠᠮᠲᠤᠷᠠᠨ ᠠᠵᠢᠯᠯᠠᠬᠤ ᠰᠠᠭᠤᠷᠢᠨ ᠳᠡᠭᠡᠷ᠎ᠡ᠂ ᠦᠢᠯᠡᠳᠪᠦᠷᠢᠯᠡᠯ ᠤᠨ ᠴᠢᠬᠤᠯᠠ ᠬᠦᠴᠦᠨ ᠵᠦᠢᠯ ᠢ ᠬᠠᠷᠢᠯᠴᠠᠨ ᠨᠥᠬᠦᠪᠥᠷᠢᠯᠡᠬᠦ ᠪᠠ ᠥᠨᠳᠥᠷ ᠪᠦᠲᠦᠮᠵᠢᠲᠡᠶ ᠠᠰᠢᠭᠯᠠᠬᠤ ᠪᠠᠷ ᠰᠢᠭᠤᠳ ᠵᠣᠷᠢᠯᠭ᠎ᠠ ᠪᠣᠯᠭᠠᠵᠤ᠂ ᠣᠨᠴᠠ ᠲᠣᠭᠲᠠᠭᠰᠠᠨ ᠣᠷᠣᠨ ᠪᠦᠰᠡ ᠳᠤ ᠡᠯ᠎ᠡ ᠵᠦᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠬᠠᠮᠲᠤᠷᠠᠨ ᠪᠦᠲᠦᠭᠡᠨ ᠪᠠᠶᠢᠭᠤᠯᠵᠤ᠂ ᠲᠦᠯᠦᠪᠵᠢᠭᠦᠯᠭᠡ ᠬᠢᠬᠦ᠂ ᠪᠦᠲᠦᠭᠡᠨ ᠪᠠᠶᠢᠭᠤᠯᠬᠤ᠂ ᠬᠠᠮᠢᠶᠠᠷᠤᠯᠲᠠ ᠬᠢᠬᠦ ᠪᠠ ᠠᠰᠢᠭ ᠲᠤᠰᠠ ᠶᠢ ᠬᠤᠪᠢᠶᠠᠷᠢᠯᠠᠬᠤ ᠵᠡᠷᠭᠡ ᠬᠠᠮᠲᠤᠷᠠᠨ ᠠᠵᠢᠯᠯᠠᠬᠤ ᠲᠣᠭᠲᠠᠴᠠ ᠶᠢ ᠪᠠᠶᠢᠭᠤᠯᠬᠤ ᠪᠠᠷ ᠳᠠᠮᠵᠢᠨ᠂ ᠬᠠᠮᠲᠤ ᠪᠠᠷ ᠠᠰᠢᠭ ᠲᠤᠰᠠ ᠬᠦᠷᠲᠡᠬᠦ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢᠨ ᠵᠠᠭᠪᠤᠷ ᠢ ᠪᠡᠶᠡᠯᠡᠭᠦᠯᠬᠦ ᠶᠢ ᠵᠢᠭᠠᠨ᠎ᠠ᠃        7. ᠭᠤᠷᠪᠠᠨ ᠱᠤᠭᠤᠮ ᠨᠢᠭᠡ ᠳᠠᠩᠰᠠ᠄ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢᠨ ᠬᠤᠷᠢᠭ᠎ᠠ ᠱᠤᠭᠤᠮ᠂ ᠡᠬᠢ ᠪᠠᠶᠠᠯᠢᠭ ᠢ ᠠᠰᠢᠭᠯᠠᠬᠤ ᠳᠡᠭᠡᠳᠦ ᠱᠤᠭᠤᠮ ᠪᠠ ᠠᠮᠢ ᠠᠬᠤᠢ ᠣᠷᠴᠢᠨ ᠲᠣᠭᠤᠷᠢᠨ ᠤ ᠵᠥᠪᠰᠢᠶᠡᠷᠡᠨ ᠣᠷᠣᠭᠤᠯᠬᠤ ᠨᠠᠷᠢᠨ ᠳᠠᠩᠰᠠ ᠶᠢ ᠵᠢᠭᠠᠨ᠎ᠠ᠃        8. ᠳᠣᠯᠤᠭ᠎ᠠ ᠶᠢ ᠲᠠᠶᠠᠭᠳᠠᠬᠤ᠄ ︽ᠪᠢ ᠪᠣᠰᠣᠳ ᠢ ᠬᠦᠷᠬᠦ ᠦᠭᠡᠶ︾ ᠭᠡᠰᠡᠨ ᠰᠠᠨᠠᠭ᠎ᠠ᠂ ︽ᠬᠥᠭᠵᠢᠭᠦᠯᠬᠦ ᠳᠤ ᠳᠡᠩᠳᠡᠭᠦᠦ ᠶᠠᠭᠠᠷᠠᠬᠤ ᠴᠢᠬᠤᠯᠠ ᠦᠭᠡᠶ︾ ᠭᠡᠰᠡᠨ ᠪᠣᠳᠣᠯ᠂ ︽ᠶᠠᠪᠤᠴᠠ ᠶᠢ ᠴᠢᠬᠤᠯᠠᠴᠢᠯᠠᠭᠠᠳ ᠦᠷ᠎ᠡ ᠳ᠋ᠦᠩ ᠢ ᠬᠦᠩᠭᠡᠪᠴᠢᠯᠡᠬᠦ︾ ᠦᠵᠡᠯ ᠤᠬᠠᠮᠰᠠᠷ᠂ ︽ᠵᠣᠷ ᠦᠭᠡᠢ ᠪᠤᠯ ᠡᠮ ᠬᠡᠷᠡᠭᠯᠡᠵᠦ ᠴᠢᠳᠠᠬᠤ ᠦᠭᠡᠢ︾ ᠪᠣᠳᠣᠯ᠂ ︽ᠨᠢᠳᠦᠨ ᠡᠮᠦᠨᠡᠬᠢ ᠪᠠᠨ ᠬᠠᠷᠠᠵᠤ ᠬᠤᠯᠠ ᠶᠢ ᠬᠠᠷᠠᠬᠤ ᠦᠭᠡᠶ︾ ᠰᠡᠳᠬᠢᠴᠡ᠂ ︽ᠨᠠᠷᠢᠯᠢᠭ ᠬᠢᠬᠦ ᠦᠭᠡᠢ ᠂ ᠪᠠᠷᠤᠭ ᠲᠥᠯᠥᠪ ᠪᠣᠯ ᠪᠣᠯᠴᠢᠬᠠᠨ᠎ᠠ︾ ᠭᠡᠰᠡᠨ ᠣᠪᠤᠷ ᠪᠠ ︽ᠦᠢᠯᠡᠳᠪᠦᠷᠢᠯᠡᠯ ᠢ ᠴᠢᠬᠤᠯᠠᠴᠢᠯᠠᠭᠠᠳ ᠡᠵᠡᠩᠨᠡᠯᠲᠡ ᠶᠢ ᠬᠥᠩᠭᠡᠪᠴᠢᠯᠡᠬᠦ︾ ᠦᠵᠡᠯᠲᠡ ᠶᠢ ᠵᠢᠭᠠᠨ᠎ᠠ᠃        9. ︽ᠵᠢᠷᠭᠤᠭᠠᠨ ᠬᠤᠣᠰ ᠬᠠᠷᠢᠴᠠᠭ᠎ᠠ︾ ᠶᠢ ᠡᠵᠡᠮᠳᠡᠵᠦ᠂ ︽ᠵᠢᠷᠭᠤᠭ᠎ᠠ ᠶᠢ ᠪᠠᠷᠢᠮᠲᠠᠯᠠᠬᠤ︾ ᠶᠢ ᠪᠡᠶᠡᠯᠡᠭᠦᠯᠬᠦ᠄ ᠲᠣᠭᠲᠠᠭᠤᠨ ᠪᠠ ᠤᠷᠤᠭᠰᠢᠯᠠᠬᠤ ᠶᠢᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠲᠣᠭᠲᠠᠭᠤᠨ ᠤ ᠳᠠᠭᠠᠤ ᠤᠷᠤᠭᠰᠢᠯᠠᠭᠤᠯᠬᠤ ᠶᠢ ᠪᠠᠷᠢᠮᠲᠠᠯᠠᠨ᠎ᠠ︔ ᠴᠢᠨᠠᠷ ᠪᠠ ᠬᠡᠮᠵᠢᠶ᠎ᠡ ᠶᠢᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠴᠢᠨᠠᠷ ᠬᠡᠮᠵᠢᠶ᠎ᠡ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠎ᠠ︔ ᠬᠠᠩᠭᠠᠯᠭ᠎ᠠ ᠪᠠ ᠬᠡᠷᠡᠭᠴᠡᠭᠡ ᠶᠢᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠬᠤᠶᠠᠷ ᠲᠠᠯ᠎ᠠ ᠪᠠᠷ ᠬᠦᠴᠦᠯᠡᠬᠦ ᠶᠢ ᠪᠠᠷᠢᠮᠲᠠᠯᠠᠨ᠎ᠠ︔ ᠳᠣᠲᠣᠭᠠᠳᠤ ᠪᠠ ᠭᠠᠳᠠᠭᠠᠳᠤ ᠶᠢᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠳᠣᠲᠣᠭᠠᠳᠤ ᠭᠠᠳᠠᠭᠠᠳᠤ ᠬᠠᠮᠲᠤᠷᠠᠨ ᠬᠥᠳᠡᠯᠦᠯᠴᠡᠬᠦ ᠶᠢ ᠪᠠᠷᠢᠮᠲᠠᠯᠠᠨ᠎ᠠ︔ ᠴᠡᠭ ᠪᠠ ᠲᠠᠯ᠎ᠠ ᠶᠢᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠣᠷᠣᠨ ᠪᠦᠰᠡ ᠶᠢᠨ ᠬᠠᠮᠵᠢᠯᠴᠠᠭ᠎ᠠ ᠶᠢ ᠪᠠᠷᠢᠮᠲᠠᠯᠠᠨ᠎ᠠ︔ ᠤᠢᠢᠷ᠎ᠠ ᠪᠠ ᠬᠤᠯᠠ ᠶᠢᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠤᠷᠳᠤ ᠣᠬᠤᠷ ᠢ ᠤᠶᠠᠯᠳᠤᠭᠤᠯᠬᠤ ᠶᠢ ᠪᠠᠷᠢᠮᠲᠠᠯᠠᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号