2023 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ︵ᠨᠢᠭᠡ︶
ᠨᠡᠶᠢᠲᠡᠯᠡᠭᠰᠡᠨ ᠴᠠᠭ᠄
2023/3/2
       — 2023 ᠣᠨ ᠤ 2 ᠰᠠᠷ᠎ᠠ ᠶᠢᠨ 26 ᠤ ᠡᠳᠦᠷ ᠤᠨ ᠰᠢᠨ᠎ᠡ ᠪᠠᠷᠭᠤ ᠪᠠᠷᠠᠭᠤᠨ        ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ        ᠶᠡᠭᠡ ᠬᠤᠷᠠᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠳᠡᠭᠡᠷ᠎ᠡ        ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ                                     ᠴᠠᠩ ᠴᠢᠩ              ᠲᠥᠯᠥᠭᠡᠯᠡᠭᠴᠢᠳ ᠡ᠄        ᠤᠲᠤ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠶ᠎ᠡ᠂ ᠬᠢᠨᠠᠨ ᠵᠥᠪᠯᠡᠬᠦ ᠪᠣᠯᠪᠠᠤ᠂ ᠬᠤᠰᠢᠭᠤᠨ ᠤ ᠤᠯᠤᠰ ᠳᠦᠷᠤ ᠶᠢᠨ ᠵᠥᠪᠯᠡᠯᠭᠡᠨ ᠤ ᠭᠡᠰᠢᠬᠦᠳ ᠵᠢᠴᠢ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃        ᠨᠢᠭᠡ᠂ 2022 ᠣᠨ ᠤ ᠠᠵᠢᠯ ᠤᠨ ᠡᠷᠭᠢᠴᠡᠭᠦᠯᠦᠯᠥᠩᠭᠡᠷᠡᠭᠰᠡᠨ ᠨᠢᠭᠡ ᠵᠢᠯ ᠳᠤ᠂ ᠪᠢᠳᠡ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠭᠤᠷᠪᠠᠳᠤᠭᠠᠷ ᠤᠳᠠᠭ᠎ᠠ ᠶᠢᠨ ᠪᠦᠭᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠲᠦᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠲᠡ ᠶᠢ ᠦᠨᠳᠦᠷ ᠪᠦᠲᠦᠮᠵᠢᠲᠡᠢ ᠨᠢᠭᠡᠳᠦᠯᠲᠡᠢ ᠲᠦᠯᠦᠪᠯᠡᠵᠦ᠂ ᠲᠦᠯᠦᠪᠯᠡᠭᠡ ᠠᠴᠠ ᠳᠠᠪᠠᠭᠰᠠᠨ ᠬᠦᠴᠦᠨ ᠵᠦᠢᠯ ᠤᠨ ᠳᠠᠭᠠᠷᠢᠯᠲᠠ ᠶᠢ ᠪᠦᠲᠦᠮᠵᠢᠲᠡᠢ ᠠᠷᠭᠠᠴᠠᠨ᠂ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭ᠎ᠠ ᠶᠢᠨ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠠᠮᠵᠢᠯᠲᠠᠲᠠᠢ ᠪᠡᠶᠡᠯᠡᠭᠦᠯᠪᠡ᠃ 2022 ᠣᠨ ᠳᠤ᠂ ᠪᠥᠬᠦ ᠬᠤᠰᠢᠭᠤᠨ ᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 85.48 ᠳ᠋ᠦᠩᠰᠢᠭᠤᠷ ᠲᠦᠬᠦᠷᠢᠭ ᠪᠡᠶᠡᠯᠡᠬᠦᠯᠦᠨ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 3.96 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ  ᠶᠢ 9.1 ᠳ᠋ᠦᠩᠰᠢᠭᠤᠷ ᠲᠥᠭᠦᠷᠢᠭ ᠪᠡᠶᠡᠯᠡᠬᠦᠯᠦᠨ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠲᠣᠰ ᠲᠣᠰ 2.4% ᠪᠠ 5.5% ᠪᠠᠷ ᠨᠡᠮᠡᠭᠳᠡᠪᠡ᠃        ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠭᠰᠠᠨ ᠦᠷ᠎ᠡ ᠠᠰᠢᠭ ᠶᠠᠰᠤ ᠴᠢᠨᠠᠷ ᠢᠯᠡᠳᠲᠡ ᠳᠡᠭᠡᠭᠰᠢᠯᠡᠪᠡ᠃ ︽ᠲᠠᠪᠤᠨ ᠶᠡᠭᠡ ᠠᠵᠢᠯᠯᠠᠭᠠᠨ ᠤ ᠲᠦᠯᠦᠪᠯᠡᠭᠡ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠠᠵᠤ ᠦᠢᠯᠡᠰ ᠤᠨ ᠪᠦᠲᠦᠴᠡ ᠰᠢᠯᠢᠳᠡᠭᠵᠢᠨ ᠳᠡᠰ ᠳᠡᠪᠰᠢᠪᠡ᠃ ᠮᠠᠯᠵᠢᠬᠤ ᠣᠷᠣᠨ ᠤ ᠣᠳᠣᠬᠢᠴᠢᠯᠠᠯᠲᠠ ᠶᠢᠨ ᠦᠷ᠎ᠡ ᠪᠦᠲᠦᠭᠡᠯ ᠢᠶᠠᠷ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠬᠦᠭᠵᠢᠯᠲᠡ ᠶᠢ ᠠᠬᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠬᠤ ᠪᠠ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠶᠢ ᠪᠦᠲᠦᠮᠵᠢᠲᠠᠢ ᠵᠣᠯᠭᠠᠭᠤᠯᠬᠤ ᠶᠢ ᠭᠦᠨᠵᠡᠭᠡᠶᠢᠷᠡᠭᠦᠯᠦᠨ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ᠂ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠳᠡᠮᠵᠢᠬᠦ ᠵᠡᠷᠭᠡ ᠭᠠᠷᠤᠯᠲᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ 27 ᠲᠥᠷᠥᠯ ᠵᠦᠢᠯ ᠢ ᠬᠡᠷᠡᠭᠵᠢᠭᠦᠯᠦᠨ᠂ ᠬᠦᠳᠡᠯᠦᠩᠭᠦᠢ ᠬᠠᠮᠢᠶᠠᠷᠤᠯᠲᠠ ᠬᠢᠬᠦ ᠶᠢ ᠪᠠᠶᠢᠩᠭᠤᠵᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠦᠷ᠎ᠡ ᠪᠦᠲᠦᠭᠡᠯ ᠦᠷᠬᠦᠯᠵᠢᠯᠡᠨ ᠪᠠᠬᠢᠵᠢᠪᠡ᠃ ᠬᠠᠪᠤᠷ ᠤᠨ ᠲᠦᠯ ᠲᠣᠰᠴᠣ ᠪᠣᠶᠢᠵᠢᠯᠲᠠ ᠶᠢ ᠪᠠᠲᠤᠯᠠᠬᠤ ᠠᠵᠢᠯ ᠢ ᠤᠷᠤᠭᠰᠢᠲᠠᠢ ᠪᠡᠶᠡᠯᠡᠭᠦᠯᠦᠨ᠂ ᠲᠦᠯ ᠮᠠᠯ ᠤᠨ ᠣᠨᠳᠣᠷᠣᠯᠲᠠ ᠶᠢᠨ ᠨᠤᠷᠮ᠎ᠠ 93% ᠶᠢ ᠳᠠᠪᠠᠪᠠ᠃ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠪᠥᠬᠦ ᠣᠷᠣᠨ ᠳᠤ ᠤᠷᠢᠳᠴᠢᠯᠠᠨ ᠡᠬᠢᠯᠡᠭᠦᠯᠵᠦ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠨ᠎ᠡ ᠵᠠᠭᠪᠤᠷ ᠢ ᠰᠦᠪᠡᠭᠴᠢᠯᠡᠨ ᠦᠷᠨᠢᠭᠦᠯᠵᠦ᠂ ᠪᠦᠬᠦ ᠬᠤᠲᠠ ᠶᠢᠨ ᠲᠤᠬᠠᠢ ᠶᠢᠨ ᠲᠠᠯᠠᠪᠤᠷ ᠤᠨ ᠬᠤᠷᠠᠯ ᠢ ᠠᠮᠵᠢᠯᠲᠠᠲᠠᠢ ᠳᠠᠭᠠᠭᠠᠴᠢᠯᠠᠨ ᠡᠷᠬᠢᠯᠡᠵᠦ᠂ 128 ᠲᠦᠮᠡᠨ ᠲᠣᠯᠣᠭᠠᠢ ᠮᠠᠯ ᠳᠤ ᠡᠪᠡᠳᠴᠢᠨ ᠬᠢᠵᠢᠭ ᠢ ᠰᠡᠷᠭᠡᠶᠢᠯᠡᠬᠦ ᠠᠯᠪᠠᠳᠠᠯᠭ᠎ᠠ ᠶᠢᠨ ᠴᠢᠨᠠᠷᠲᠠᠢ ᠲᠠᠷᠢᠯᠭ᠎ᠠ ᠬᠢᠪᠡ᠃ ᠬᠦᠯᠦᠨ ᠪᠣᠶᠢᠷ ᠬᠤᠨᠢᠨ ᠤ ︽ᠪᠠᠷᠭᠤ︾ ᠤᠳᠤᠮ ᠤᠨ ᠭᠤᠣᠯᠯᠠᠬᠤ ᠡᠭᠦᠯᠳᠡᠷ ᠤᠨ ᠰᠦᠷᠦᠭᠵᠢᠯ ᠢ ᠰᠣᠩᠭᠤᠨ ᠪᠣᠶᠢᠵᠢᠭᠤᠯᠬᠤ ᠪᠠ ᠡᠭᠦᠯᠳᠡᠷ ᠢ ᠴᠡᠪᠡᠷᠰᠢᠭᠦᠯᠦᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠦᠨ᠂ 2800 ᠲᠦᠮᠡᠨ ᠲᠦᠬᠦᠷᠢᠭ ᠤᠨ ᠪᠡᠯᠡ ᠣᠷᠤᠭᠤᠯᠵᠤ᠂ ᠬᠤᠰᠢᠭᠤ᠂ ᠰᠣᠮᠣ ᠪᠠᠯᠭᠠᠰᠤ ᠬᠤᠶᠠᠷ ᠱᠠᠲᠤᠨ ᠤ ᠡᠭᠦᠯᠳᠡᠷ ᠤᠨ ᠬᠤᠨᠢ ᠢᠮᠠᠭ᠎ᠠ ᠲᠡᠵᠢᠭᠡᠨ ᠦᠷᠡᠵᠢᠭᠦᠯᠬᠦ ᠲᠠᠯᠠᠪᠠᠢ ᠶᠢ 8 ᠪᠠᠶᠢᠭᠤᠯᠪᠠ᠃ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠰᠢᠷᠢᠰ ᠠᠵᠢᠯᠯᠠᠭ᠎ᠠ ᠶᠢ ᠠᠮᠵᠢᠯᠲᠠᠲᠠᠢ ᠡᠷᠬᠢᠯᠡᠵᠦ᠂ ᠰᠢᠨ᠎ᠡ ᠴᠠᠭ ᠦᠶ᠎ᠡ ᠶᠢᠨ ᠰᠢᠨ᠎ᠡ ᠮᠠᠯᠴᠢᠳ ᠤᠨ ᠴᠤᠭ ᠵᠢᠪᠬᠤᠭ᠎ᠠ ᠬᠡᠪ ᠨᠠᠮᠪᠠᠭ᠎ᠠ ᠶᠢ ᠪᠥᠬᠦ ᠲᠠᠯ᠎ᠠ ᠪᠠᠷ ᠬᠠᠷᠠᠭᠤᠯᠪᠠ᠃ ᠠᠷᠭ᠎ᠠ ᠬᠡᠯᠪᠡᠷᠢ ᠶᠢ ᠬᠤᠪᠢᠷᠠᠭᠤᠯᠬᠤ᠂ ᠠᠷᠭ᠎ᠠ ᠵᠠᠮ ᠢ ᠬᠤᠪᠢᠷᠠᠭᠤᠯᠬᠤ ᠪᠠ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠳᠤ ᠬᠦᠴᠦ ᠪᠠᠨ ᠲᠦᠪᠯᠡᠷᠡᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠲᠡᠭ ᠢ 65 ᠳ᠋ᠦᠩᠰᠢᠭᠤᠷ ᠲᠦᠬᠦᠷᠢᠭ ᠪᠡᠶᠡᠯᠡᠭᠦᠯᠪᠡ᠃ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠨ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠮᠡᠷᠭᠡᠵᠢᠯ ᠤᠨ ᠰᠢᠪᠲᠤᠯᠤᠯᠲᠠ ᠶᠢ ᠠᠬᠢᠭᠤᠯᠵᠤ᠂ ᠷᠦᠩ ᠳ᠋ᠡ ᠠᠭᠤᠷᠬᠠᠢ ᠶᠢᠨ ᠦᠢᠯᠡᠰ ᠤᠨ ᠭᠦᠨ ᠬᠡᠰᠡᠭ ᠲᠠᠬᠢ ᠡᠬᠢ ᠪᠠᠶᠠᠯᠢᠭ ᠢ ᠣᠷᠤᠯᠠᠭᠤᠯᠬᠤ ᠮᠡᠷᠭᠡᠵᠢᠯ ᠤᠨ ᠥᠭᠡᠷᠡᠴᠢᠯᠡᠯᠲᠡ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ ᠦᠷᠭᠦᠯᠵᠢᠯᠡᠨ ᠠᠬᠢᠭᠤᠯᠵᠤ᠂ ᠶᠢᠨ ᠱᠠᠨ ᠠᠭᠤᠷᠬᠠᠢ ᠶᠢᠨ ᠦᠢᠯᠡᠰ ᠤᠨ ᠨᠢᠭᠡ ᠤᠰᠤᠲᠤ ᠬᠦᠬᠦᠷ ᠬᠦᠴᠢᠯ ᠤᠨ ᠮᠠᠩᠭᠠᠨ ᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠠᠰᠢᠭᠯᠠᠯᠲᠠ ᠳᠤ ᠣᠷᠣᠵᠤ ᠦᠷ᠎ᠡ ᠠᠰᠢᠭ ᠣᠯᠪᠠ᠃ ︽ᠬᠤᠣᠰ ᠨᠡᠭᠦᠷᠡᠰᠦᠲᠥ᠋ᠷᠥᠭᠴᠢ︾ ︽ᠬᠤᠣᠰ ᠡᠵᠡᠮᠳᠡᠯ︾ ᠢ ᠨᠢᠭᠡᠳᠦᠯᠲᠡᠢ ᠲᠦᠯᠦᠪᠯᠡᠨ᠂ ᠡᠨᠧᠷᠭᠢ ᠬᠡᠷᠡᠭᠯᠡᠬᠦ ᠭᠤᠣᠯᠳᠠᠯᠭ᠎ᠠ ᠲᠠᠢ ᠠᠵᠤ ᠠᠬᠤᠶᠢᠯᠠᠯ ᠤᠨ ᠶᠡᠷᠦᠩᠬᠡᠢ ᠬᠡᠮᠵᠢᠶᠡᠨ ᠤ ᠬᠢᠵᠠᠭᠠᠷᠯᠠᠯ ᠢ ᠴᠢᠩᠭᠠᠳᠬᠠᠵᠤ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠬᠠᠷᠠᠯᠲᠠᠲᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠤ ᠦᠢᠯᠡᠳᠪᠦᠷᠢ ᠶᠢᠨ ᠠᠵᠤ ᠠᠬᠤᠢ ᠶᠢᠨ ᠦᠷᠬᠦᠯᠵᠢᠯᠡᠬᠦᠶᠢᠴᠡ ᠬᠥᠭᠵᠢᠯᠲᠡ ᠶᠢᠨ ᠳᠣᠲᠣᠷ ᠲᠠᠮᠢᠷ ᠢ ᠴᠢᠩᠭᠠᠯᠠᠪᠠ᠃ ᠦᠢᠯᠡᠴᠢᠯᠡᠭᠡᠨ ᠤ ᠦᠢᠯᠡᠰ ᠤᠨ ᠳᠣᠲᠣᠭᠠᠳᠤ ᠶᠢᠨ ᠬᠦᠳᠡᠯᠭᠡᠭᠴᠢ ᠬᠦᠴᠦᠨ ᠢ ᠠᠮᠢᠵᠢᠷᠠᠭᠤᠯᠵᠤ᠂ ︽ᠬᠥᠯᠥᠨ ᠪᠤᠶᠢᠷ ᠤᠨ ᠲᠠᠯ᠎ᠠ ᠨᠤᠲᠤᠭ︾ ᠤᠨ ᠬᠤᠲᠠ ᠶᠢᠨ ᠬᠡᠪᠴᠢᠶᠡᠨ ᠤ ᠣᠯᠠᠨ ᠨᠡᠶᠢᠲᠡ ᠶᠢᠨ ᠲᠦᠷᠦᠯ ᠲᠡᠮᠳᠡᠭᠲᠦ ᠶᠢᠨ ᠲᠣᠭᠤᠷᠢᠨ ᠳᠤ᠂ ᠬᠤᠪᠢ ᠬᠥᠮᠥᠨ ᠳᠤ ᠵᠣᠷᠢᠭᠤᠯᠤᠭᠰᠠᠨ ᠭᠤᠣᠯ ᠰᠡᠳᠦᠪᠲᠦ ᠵᠢᠭᠤᠯᠴᠢᠯᠠᠯ᠂ ᠠᠷᠠᠳ ᠤᠨ ᠵᠠᠩ ᠦᠶᠯᠡ ᠰᠣᠶᠣᠯ ᠤᠨ ᠭᠦᠨᠵᠡᠭᠡᠶᠢᠷᠡᠯᠲᠦ ᠵᠢᠭᠤᠯᠴᠢᠯᠠᠯ ᠵᠡᠷᠭᠡ ᠵᠢᠭᠤᠯᠴᠢᠯᠠᠯ ᠤᠨ ᠪᠦᠲᠦᠭᠡᠭᠳᠡᠬᠦᠨ ᠢ ᠰᠠᠨᠠᠭᠠᠴᠢᠯᠠᠨ ᠰᠡᠲᠦᠵᠦ᠂ ᠦᠬᠡᠷᠲᠦ ᠬᠦᠢᠲᠡᠨ ᠤ ᠦᠯᠦᠭᠡᠢ ᠭᠡᠬᠦ ᠵᠢᠭᠤᠯᠴᠢᠯᠠᠯ ᠤᠨ ᠨᠡᠷ᠎ᠡ ᠶᠢᠨ ᠬᠠᠭᠤᠳᠠᠰᠤ ᠶᠢ ᠪᠦᠬᠦ ᠬᠦᠴᠦᠨ ᠢᠶᠠᠷ ᠢᠶᠠᠨ ᠡᠭᠦᠳᠴᠦ᠂ 23.7 ᠲᠦᠮᠡᠨ ᠬᠥᠮᠥᠨ ᠤᠳᠠᠭ᠎ᠠ ᠵᠤᠭᠠᠴᠠᠭᠰᠠᠳ ᠢ ᠭᠥᠯᠢᠶᠡᠨ ᠵᠣᠴᠢᠯᠠᠵᠤ᠂ ᠵᠢᠭᠤᠯᠴᠢᠯᠠᠯ ᠤᠨ ᠣᠷᠣᠯᠭ᠎ᠠ ᠶᠢ 1.9 ᠳ᠋ᠦᠩᠰᠢᠭᠤᠷ ᠲᠥᠭᠦᠷᠢᠭ ᠪᠡᠶᠡᠯᠡᠭᠦᠯᠪᠡ᠃ 1.48 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠷᠤᠬᠠᠰᠢᠶᠠᠲᠤ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢ ᠳᠡᠰ ᠳᠡᠪᠰᠢᠭᠦᠯᠦᠨ ᠵᠠᠰᠠᠨ ᠰᠢᠨᠡᠳᠬᠡᠬᠦ ᠲᠦᠷᠦᠯ ᠵᠦᠢᠯ ᠢ ᠬᠡᠷᠡᠭᠵᠢᠭᠦᠯᠦᠨ᠂ ᠪᠣᠭᠤᠮᠲᠠ ᠶᠢ ᠤᠷᠤᠭᠰᠢᠲᠠᠢ ᠰᠡᠷᠭᠦᠭᠡᠨ ᠨᠡᠭᠡᠭᠡᠵᠦ᠂ ᠨᠡᠭᠦᠷᠡᠰᠦᠨ ᠤ ᠡᠬᠢ ᠪᠠᠶᠠᠯᠢᠭ ᠤᠨ ᠭᠠᠳᠠᠭᠠᠳᠤ ᠣᠷᠤᠭᠤᠯᠤᠯᠲᠠ ᠶᠢ ᠠᠩᠬ᠎ᠠ ᠤᠳᠠᠭ᠎ᠠ ᠪᠡᠶᠡᠯᠡᠭᠦᠯᠪᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠶᠡᠷᠦᠩᠬᠡᠢ ᠪᠣᠷᠤᠯᠠᠭᠤᠯᠤᠯᠲᠠ ᠶᠢᠨ ᠬᠡᠮᠵᠢᠶ᠎ᠡ 1.1 ᠳ᠋ᠦᠩᠰᠢᠭᠤᠷ ᠲᠥᠭᠦᠷᠢᠭ ᠲᠤ ᠬᠥᠷᠪᠡ᠃        ᠦᠭᠡᠷᠡᠴᠢᠯᠡᠯᠲᠡ ᠬᠦᠭᠵᠢᠯᠲᠡ ᠶᠢᠨ ᠬᠦᠳᠡᠯᠭᠡᠭᠴᠢ ᠬᠦᠴᠦᠨ ᠦᠷᠬᠦᠯᠵᠢᠯᠡᠨ ᠴᠢᠩᠭᠠᠷᠠᠪᠠ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠦᠭᠡᠷᠡᠴᠢᠯᠡᠯᠲᠡ ᠶᠢ ᠬᠦᠴᠦᠯᠡᠨ ᠠᠬᠢᠭᠤᠯᠵᠤ᠂ ᠵᠢᠵᠢᠭ ᠲᠠᠷᠬᠠᠢ ᠪᠠᠭᠤᠷᠠᠢ ᠪᠠᠶᠢᠭ᠎ᠠ ᠤᠯᠤᠰ ᠤᠨ ᠦᠮᠴᠢᠯᠡᠯᠲᠦ ᠺᠤᠮᠫᠠᠨᠢ ᠶᠢ ᠡᠮᠬᠢᠳᠬᠡᠨ ᠨᠡᠶᠢᠯᠡᠭᠦᠯᠵᠦ ᠳᠠᠬᠢᠨ ᠪᠠᠶᠢᠭᠤᠯᠤᠨ᠂ ᠮᠤ᠋ ᠰᠢᠩ ᠵᠢᠶᠠᠩ ᠠᠨ᠂ ᠮᠤ᠋ ᠰᠢᠩ ᠵᠢᠶᠠᠩ ᠨᠢᠩ ᠤᠯᠤᠰ ᠤᠨ ᠦᠮᠴᠢᠯᠡᠯᠲᠦ ᠬᠤᠶᠠᠷ ᠠᠵᠤ ᠠᠬᠤᠶᠢᠯᠠᠯ ᠢ ᠴᠣᠭᠴᠠᠯᠠᠨ ᠪᠠᠶᠢᠭᠤᠯᠪᠠ᠃ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠠᠰᠠᠷ ᠠᠰᠢᠭᠯᠠᠯᠲᠠ ᠳᠤ ᠣᠷᠤᠵᠤ᠂ ᠬᠡᠷᠡᠭ ᠶᠠᠪᠤᠳᠠᠯ ᠭᠦᠢᠴᠡᠳᠬᠡᠬᠦ ᠳᠤ ᠭᠤᠶᠤᠴᠢᠯᠠᠬᠤ ᠮᠠᠲ᠋ᠧᠷᠢᠶᠠᠯ ᠠᠳᠠᠯᠢ ᠬᠤᠭᠤᠴᠠᠭᠠᠨ ᠤ ᠬᠢ ᠠᠴᠠ 50% ᠠᠴᠠ ᠳᠡᠭᠡᠭᠰᠢ ᠪᠠᠷ ᠪᠠᠭᠠᠰᠴᠤ᠂ ᠰᠦᠯᠵᠢᠶ᠎ᠡ ᠪᠠᠷ ᠭᠦᠢᠴᠡᠳᠬᠡᠭᠰᠡᠨ ᠨᠣᠷᠮ᠎ᠠ 100% ᠳᠤ ᠬᠦᠷᠴᠦ᠂ ︽ᠨᠢᠭᠡ ᠯᠡ ᠡᠭᠦᠳᠡ ᠪᠠᠷ ᠣᠷᠣᠵᠤ᠂ ᠬᠠᠮᠤᠭ ᠢᠯᠡᠭᠦᠦ ᠨᠢᠭᠡ ᠯᠡ ᠤᠳᠠᠭ᠎ᠠ ᠭᠦᠶᠦᠬᠦ︾ ᠦᠢᠯᠡᠴᠢᠯᠡᠭᠡᠨ ᠤ ᠬᠠᠷᠠᠯᠲᠠ ᠶᠢ ᠪᠡᠶᠡᠯᠡᠭᠦᠯᠪᠡ᠃ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠡᠮᠬᠢᠳᠬᠡᠨ ᠨᠡᠶᠢᠯᠡᠭᠦᠯᠵᠦ᠂ ︽ᠮᠥᠩᠬᠡ ᠰᠤᠪᠠᠭ︾ ︽12345︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠠᠪᠴᠠᠩ ᠤᠨ ᠮᠡᠳᠡᠴᠡ ᠶᠢᠨ ᠨᠤᠷᠮ᠎ᠠ ᠪᠠ ᠬᠡᠷᠡᠭᠯᠡᠯᠲᠡ ᠶᠢᠨ ᠨᠤᠷᠮ᠎ᠠ ᠶᠢ ᠦᠨᠡᠨ ᠬᠦ ᠳᠡᠭᠡᠭᠰᠢᠯᠡᠭᠦᠯᠪᠡ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠡᠷᠡᠭᠦᠯ ᠢᠶᠠᠷ ᠬᠦᠭᠵᠢᠬᠦ ᠶᠢ ᠳᠡᠮᠵᠢᠬᠦ ᠲᠦᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠢᠳᠡᠪᠬᠢᠲᠡᠢ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠤ ᠰᠢᠰᠲ᠋ᠧᠮ ᠤᠨ ᠳᠠᠯᠳᠠ ᠥᠷᠢ ᠦᠭᠴᠡᠭᠡ ᠶᠢ 1 ᠳ᠋ᠦᠩᠰᠢᠭᠤᠷ ᠲᠦᠬᠦᠷᠢᠭ ᠠᠷᠢᠯᠭᠠᠵᠤ᠂ 0.14 ᠳ᠋ᠦᠩᠰᠢᠭᠤᠷ ᠲᠦᠬᠦᠷᠢᠭ ᠤᠨ ᠭᠠᠶᠢᠯᠢ ᠶᠢ ᠬᠦᠩᠭᠡᠯᠡᠨ ᠰᠦᠢᠳᠬᠡᠯ ᠢ ᠪᠠᠭᠤᠷᠠᠭᠤᠯᠵᠤ᠂ ᠲᠡᠳᠬᠦᠮᠵᠢ ᠶᠢᠨ ᠵᠢᠭᠡᠯᠡᠯᠭᠡ ᠶᠢ 1.1 ᠳ᠋ᠦᠩᠰᠢᠭᠤᠷ ᠲᠦᠬᠦᠷᠢᠭ ᠲᠠᠯᠪᠢᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠦᠷᠭᠦᠯᠵᠢᠯᠡᠨ ᠳᠡᠭᠡᠭᠰᠢᠯᠡᠭᠦᠯᠪᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢᠨ ᠲᠥᠪᠯᠡᠷᠡᠭᠦᠯᠦᠨ ᠭᠡᠷ᠎ᠡ ᠲᠣᠭᠲᠠᠬᠤ ᠠᠵᠢᠯᠯᠠᠭ᠎ᠠ ᠶᠢ ᠠᠮᠵᠢᠯᠲᠠᠲᠠᠢ ᠳᠠᠭᠠᠭᠠᠴᠢᠯᠠᠨ ᠡᠷᠭᠢᠯᠡᠵᠦ᠂ 4 ᠠᠵᠤ ᠠᠬᠤᠶᠢᠯᠠᠯ ᠲᠠᠢ ᠬᠠᠮᠲᠤᠷᠠᠯᠴᠠᠭᠠᠨ ᠤ ᠪᠣᠷᠣ ᠲᠥᠯᠥᠪ ᠤᠨ ᠬᠡᠯᠡᠯᠴᠡᠭᠡᠷ ᠲᠣᠭᠲᠠᠵᠤ᠂ ᠶᠡᠷᠦᠩᠬᠡᠢ ᠪᠡᠯᠡ ᠣᠷᠣᠭᠤᠯᠤᠯᠲᠠ ᠶᠢᠨ ᠬᠡᠮᠵᠢᠶ᠎ᠡ 90 ᠳ᠋ᠦᠩᠰᠢᠭᠤᠷ ᠰᠢᠬᠠᠮ ᠲᠥᠭᠦᠷᠢᠭ ᠲᠤ ᠬᠥᠷᠪᠡ᠃ ᠬᠤᠲᠠ ᠶᠢᠨ ᠳᠡᠰ ᠤᠨ ᠭᠤᠣᠯᠳᠠᠯᠭ᠎ᠠ ᠲᠠᠢ ᠲᠦᠷᠦᠯ ᠵᠦᠢᠯ ᠢ 10 ᠬᠡᠷᠡᠭᠵᠢᠭᠦᠯᠵᠦ᠂ ᠪᠡᠯᠡ ᠣᠷᠤᠭᠤᠯᠤᠯᠲᠠ ᠨᠢ 6.2 ᠳ᠋ᠦᠩᠰᠢᠭᠤᠷ ᠲᠦᠬᠦᠷᠢᠭ ᠲᠤ ᠬᠦᠷᠴᠦ᠂ ᠲᠤᠰ ᠵᠢᠯ ᠤᠨ ᠬᠠᠷᠠᠯᠲᠠ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃        ᠠᠮᠢ ᠠᠬᠤᠢ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠲᠣᠭᠲᠠᠭᠤᠨ ᠰᠠᠶᠢᠵᠢᠷᠠᠪᠠ᠃ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠰᠡᠷᠭᠦᠭᠡᠨ ᠵᠠᠰᠠᠯᠲᠠ ᠶᠢ ᠨᠢᠭᠡᠳᠦᠯᠲᠡᠢ ᠲᠦᠯᠦᠪᠯᠡᠨ ᠠᠬᠢᠭᠤᠯᠵᠤ᠂ ᠬᠦᠯᠦᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠨ ᠵᠠᠰᠠᠬᠤ 3 ᠲᠦᠷᠦᠯ ᠵᠦᠢᠯ ᠢ ᠬᠡᠷᠡᠭᠵᠢᠭᠦᠯᠦᠨ᠂ 7370 ᠲᠦᠮᠡᠨ ᠲᠥᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠪᠡ᠃ ︽ᠣᠢ ᠰᠢᠭᠤᠢ ᠨᠤᠲᠤᠭ ᠪᠡᠯᠴᠢᠭᠡᠷ ᠢ ᠬᠠᠮᠢᠶᠠᠷᠬᠤ ᠳᠠᠷᠤᠭ᠎ᠠ +︾ ᠬᠠᠮᠵᠢᠯᠴᠠᠨ ᠠᠵᠢᠯᠯᠠᠬᠤ ᠲᠣᠭᠲᠠᠴᠠ ᠶᠢ ᠪᠠᠶᠢᠭᠤᠯᠤᠨ᠂ 3305 ᠲᠦᠮᠡᠨ ᠲᠦᠬᠦᠷᠢᠭ ᠤᠨ ᠪᠡᠯᠡ ᠣᠷᠤᠭᠤᠯᠵᠤ᠂ 17.5 ᠲᠦᠮᠡᠨ ᠮᠤ᠋ ᠮᠠᠭᠤᠳᠠᠭᠰᠠᠨ ᠨᠤᠲᠤᠭ ᠪᠡᠯᠴᠢᠭᠡᠷ ᠢ ᠵᠠᠰᠠᠵᠤ᠂ ᠣᠶ ᠰᠢᠭᠤᠢ ᠨᠤᠲᠤᠭ ᠪᠡᠯᠴᠢᠭᠡᠷ ᠤᠨ ᠬᠠᠤᠯᠢ ᠠᠴᠠ ᠵᠥᠷᠢᠴᠡᠭᠰᠡᠨ ᠣᠷᠣᠨ ᠬᠡᠪᠴᠢᠶ᠎ᠡ ᠶᠢᠨ ᠲᠤᠰᠬᠠᠢ ᠵᠠᠰᠠᠨ ᠴᠡᠭᠴᠡᠯᠡᠯᠲᠡ ᠶᠢ ᠲᠦᠪᠯᠡᠷᠡᠭᠦᠯᠦᠨ ᠦᠷᠨᠢᠭᠦᠯᠵᠦ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠪᠦᠲᠦᠮᠵᠢᠲᠡᠶ ᠰᠡᠷᠭᠦᠪᠡ᠃ ᠭᠤᠣᠯ ᠨᠠᠭᠤᠷ ᠢ ᠬᠠᠮᠢᠶᠠᠷᠬᠤ ᠳᠠᠷᠤᠭ᠎ᠠ ᠳᠤ ᠬᠦᠳᠡᠯᠦᠩᠭᠦᠢ ᠲᠣᠬᠢᠷᠠᠭᠤᠯᠤᠯᠲᠠ ᠬᠢᠬᠦ ᠪᠠ ᠬᠠᠷᠢᠭᠤᠴᠠᠯᠭ᠎ᠠ ᠶᠢ ᠳᠠᠷᠠᠭᠠᠯᠠᠨ ᠨᠦᠬᠦᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ 0.4 ᠳ᠋ᠦᠩᠰᠢᠭᠤᠷ ᠺᠦᠪ ᠮᠧᠲᠷ ᠤᠨ ᠳᠣᠲᠣᠷ᠎ᠠ ᠴᠢᠩᠭ᠎ᠠ ᠬᠢᠵᠠᠭᠠᠷᠯᠠᠪᠠ᠃ ᠰᠢᠯᠢᠳᠡᠭ ᠠᠭᠠᠷ ᠤᠨ ᠴᠢᠨᠠᠷ ᠴᠢᠨᠰᠠᠭ᠎ᠠ ᠲᠠᠢ ᠡᠳᠦᠷ ᠤᠨ ᠲᠤᠭ᠎ᠠ 99.7% ᠳᠤ ᠬᠦᠷᠴᠦ᠂ ᠠᠮᠢ ᠠᠬᠤᠢ ᠶᠢᠨ ᠴᠢᠨᠠᠷ ᠴᠢᠨᠰᠠᠭ᠎ᠠ ᠦᠷᠭᠦᠯᠵᠢᠯᠡᠨ ᠰᠢᠯᠢᠳᠡᠭᠵᠢᠪᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠠᠩᠬ᠎ᠠ ᠠᠯᠬᠤᠮ ᠨᠠᠶᠢᠷᠠᠭᠤᠯᠵᠤ᠂ ᠭᠤᠷᠪᠠᠳᠤᠭᠠᠷ ᠤᠳᠠᠭᠠᠨ ᠤ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ᠶᠢᠨ ᠦᠷ᠎ᠡ ᠳ᠋ᠦᠩ ᠢ ᠭᠠᠳᠠᠭᠰᠢ ᠨᠡᠶᠢᠲᠡᠯᠡᠨ᠂ ︽ᠭᠤᠷᠪᠠᠨ ᠣᠷᠣᠨ ᠭᠤᠷᠪᠠᠨ ᠱᠤᠭᠤᠮ︾ ᠤᠨ ᠵᠠᠭᠠᠭᠯᠠᠨ ᠲᠣᠭᠲᠠᠭᠠᠯᠲᠠ ᠶᠢ ᠤᠷᠤᠭᠰᠢᠲᠠᠢ ᠪᠡᠶᠡᠯᠡᠭᠦᠯᠵᠦ᠂ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠨᠡᠩ ᠳᠦᠷᠢᠮᠵᠢᠭᠦᠨ ᠪᠦᠭᠡᠳ ᠡᠮᠬᠢ ᠵᠢᠷᠤᠮ ᠲᠠᠢ ᠪᠣᠯᠪᠠ᠃ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠥᠬᠦ ᠲᠠᠯ᠎ᠠ ᠪᠠᠷ ᠪᠠᠬᠢᠵᠢᠭᠦᠯᠦᠨ᠂ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠡᠭᠦᠰ ᠠᠮᠵᠢᠯᠲᠠᠲᠠᠢ ᠪᠡᠶᠡᠯᠡᠭᠦᠯᠪᠡ᠃        ᠬᠤᠲᠠ ᠬᠥᠳᠡᠭᠡ ᠶᠢᠨ ᠬᠦᠭᠵᠢᠯᠲᠡ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃ ᠬᠦᠳᠡᠭᠡ ᠲᠣᠰᠬᠤᠨ ᠤ ᠲᠦᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠵᠤ᠂ ᠰᠤᠮᠤ ᠪᠠᠯᠭᠠᠰᠤ᠂ ᠭᠠᠴᠠᠭ᠎ᠠ ᠲᠣᠰᠬᠤᠨ ᠤ ᠬᠡᠷᠡᠭᠯᠡᠬᠦ ᠭᠠᠵᠠᠷ ᠤᠨ ᠪᠠᠶᠢᠷᠢᠰᠢᠯ ᠢ ᠦᠷᠭᠦᠯᠵᠢᠯᠡᠨ ᠰᠢᠯᠢᠳᠡᠭᠵᠢᠭᠦᠯᠪᠡ᠃ ᠬᠠᠭᠤᠴᠢᠷᠠᠭᠰᠠᠨ ᠵᠢᠵᠢᠭ ᠲᠣᠭᠤᠷᠢᠭ ᠢ 6 ᠵᠠᠰᠠᠨ ᠰᠢᠨᠡᠳᠬᠡᠵᠦ᠂ ᠡᠪᠳᠡᠭᠳᠡᠭᠰᠡᠨ ᠵᠠᠮ ᠤᠨ ᠰᠠᠭᠤᠷᠢ ᠶᠢ 3.7 ᠺᠢᠯᠣᠮᠧᠲᠷ ᠰᠡᠯᠪᠢᠨ ᠵᠠᠰᠠᠵᠤ᠂ ᠬᠤᠶᠠᠳᠤᠭᠠᠷ ᠢᠯᠴᠢ ᠶᠢᠨ ᠰᠤᠷᠪᠤᠯᠵᠢ ᠶᠢ ᠠᠰᠢᠭᠯᠠᠯᠲᠠ ᠳᠤ ᠣᠷᠤᠭᠤᠯᠤᠨ᠂ ᠤᠰᠤ ᠬᠠᠩᠭᠠᠬᠤ ᠬᠤᠭᠤᠯᠠᠢ ᠲᠣᠣᠷ ᠢ ᠣᠶᠤᠨᠴᠢᠯᠠᠨ ᠵᠠᠰᠠᠨ ᠰᠢᠨᠡᠳᠬᠡᠬᠦ ᠠᠵᠢᠯ ᠢ ᠡᠬᠢᠯᠡᠭᠦᠯᠵᠦ᠂ ᠦᠷᠬᠦᠯᠵᠢᠯᠡᠨ ᠨᠣᠭᠤᠭᠠᠷᠠᠭᠤᠯᠤᠯᠲᠠ ᠬᠢᠵᠦ ᠲᠡᠰ ᠳᠡᠪᠰᠢᠭᠦᠯᠦᠨ ᠨᠦᠬᠦᠨ ᠲᠠᠷᠢᠵᠤ᠂ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠲᠥᠷᠥᠯ ᠵᠦᠢᠯ ᠢ ᠡᠬᠢᠯᠡᠨ ᠪᠠᠶᠢᠭᠤᠯᠵᠤ᠂ ᠲᠥᠪ ᠪᠠᠯᠭᠠᠰᠤᠨ ᠤ ᠲᠣᠭᠤᠷᠢᠭ ᠤᠯᠠᠮ ᠬᠦᠭᠵᠢᠯᠲᠡ ᠶᠢᠨ ᠠᠮᠢᠵᠢᠷᠠᠯ ᠤᠨ ᠬᠦᠴᠦᠨ ᠲᠠᠢ ᠪᠣᠯᠪᠠ᠃ ᠤᠰᠤᠨ ᠰᠤᠷᠪᠤᠯᠵᠢ ᠶᠢᠨ ᠬᠤᠳᠳᠤᠭ ᠢ 125 ᠮᠠᠯᠲᠠᠨ᠂ ᠤᠰᠤᠯᠠᠬᠤ ᠮᠠᠰᠢᠨ ᠢ 104 ᠲᠠᠷᠬᠠᠭᠠᠵᠤ᠂ ᠲᠦᠭᠡᠭᠡᠯ ᠤᠰᠤᠨ ᠤ ᠬᠤᠭᠤᠯᠠᠢ ᠱᠤᠭᠤᠮ ᠢ 3.8 ᠺᠢᠯᠣᠮᠧᠲᠷ ᠳᠡᠪᠢᠰᠴᠦ᠂ ᠠᠶᠤᠯᠭᠦᠢ ᠤᠰᠤ ᠤᠮᠳᠠ ᠶᠢᠨ ᠰᠠᠭᠤᠷᠢ ᠨᠡᠩ ᠪᠠᠬᠢᠵᠢᠪᠡ︔ ᠭᠠᠴᠠᠭ᠎ᠠ ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ 48 ᠺᠢᠯᠤᠮᠧᠲᠷ ᠳᠡᠰ ᠳᠡᠪᠰᠢᠭᠦᠯᠦᠨ ᠵᠠᠰᠠᠨ ᠰᠢᠨᠡᠳᠬᠡᠵᠦ᠂ ᠴᠠᠬᠢᠯᠭᠠᠨ ᠬᠦᠷᠭᠡᠬᠦ ᠬᠡᠯᠬᠢᠶ᠎ᠡ ᠶᠢ 194.8 ᠺᠢᠯᠤᠮᠧᠲᠷ ᠤᠭᠰᠠᠷᠠᠨ ᠲᠠᠲᠠᠵᠤ᠂ ᠰᠦᠯᠵᠢᠶᠡᠨ ᠤ ᠴᠢᠮᠡᠭᠡ ᠨᠡᠪᠲᠡᠷᠡᠯᠭᠡ ᠶᠢᠨ ᠰᠠᠭᠤᠷᠢ ᠦᠷᠲᠡᠭᠡ ᠶᠢ ᠰᠢᠨ᠎ᠡ ᠪᠠᠷ 67 ᠪᠠᠶᠢᠭᠤᠯᠤᠨ᠂ ᠲᠠᠯ᠎ᠠ ᠨᠤᠲᠤᠭ ᠤᠨ ᠵᠠᠮ ᠤᠨ ᠲᠣᠣᠷ᠂ ᠴᠠᠬᠢᠯᠭᠠᠨ ᠤ ᠲᠣᠣᠷ ᠪᠠ ᠤᠲᠠᠰᠤ ᠦᠭᠡᠢ ᠰᠦᠯᠵᠢᠶ᠎ᠡ ᠶᠢᠨ ᠪᠦᠷᠬᠦᠴᠡ ᠶᠢ ᠶᠡᠬᠡᠪᠡᠷ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠵᠢᠱᠢᠶ᠎ᠡ ᠦᠵᠡᠭᠦᠯᠬᠦ ᠦᠢᠯᠡᠳᠦᠯ ᠪᠦᠲᠦᠮᠵᠢ ᠦᠷᠭᠦᠯᠵᠢᠯᠡᠨ ᠢᠯᠡᠷᠡᠪᠡ᠃        ᠠᠷᠠᠳ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠲᠠᠰᠤᠷᠠᠯᠲᠠ ᠦᠭᠡᠢ ᠳᠡᠭᠡᠭᠰᠢᠯᠡᠪᠡ᠃ ᠠᠷᠠᠳ ᠤᠨ ᠠᠮᠢᠳᠤᠷᠠᠯ ᠢ ᠤᠷᠢᠳᠠᠪᠠᠷ ᠪᠣᠳᠣᠯᠬᠢᠯᠠᠬᠤ ᠶᠢ ᠪᠠᠷᠢᠮᠲᠠᠯᠠᠵᠤ᠂ ᠪᠦᠬᠦ ᠵᠢᠯ ᠳᠤ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠳᠠᠬᠢ ᠵᠠᠷᠤᠯᠭ᠎ᠠ 12 ᠳ᠋ᠦᠩᠰᠢᠭᠤᠷ ᠲᠦᠬᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ ᠲᠦᠰᠥᠪ ᠤᠨ ᠵᠠᠷᠤᠯᠭ᠎ᠠ ᠶᠢᠨ 70% ᠶᠢ ᠡᠵᠡᠯᠡᠪᠡ᠃ ᠬᠤᠲᠠ ᠪᠠᠯᠭᠠᠰᠤ ᠶᠢᠨ ᠠᠵᠢᠯ ᠣᠯᠣᠭᠰᠠᠳ ᠰᠢᠨ᠎ᠡ ᠪᠠᠷ 304 ᠬᠥᠮᠥᠨ ᠨᠡᠮᠡᠭᠳᠡᠵᠦ᠂ 13 ᠨᠡᠷᠡᠰ ᠴᠡᠷᠢᠭ ᠠᠴᠠ ᠬᠠᠯᠠᠭᠳᠠᠭᠰᠠᠳ ᠢ ᠭᠥᠯᠢᠶᠡᠨ ᠠᠪᠴᠤ ᠠᠵᠢᠯ ᠣᠯᠭᠤᠵᠤ᠂ ᠠᠰᠠᠷᠠᠮᠵᠢ ᠶᠢᠨ ᠨᠥᠬᠦᠪᠦᠷᠢ ᠠᠪᠤᠷᠠᠨ ᠲᠤᠰᠠᠯᠠᠬᠤ ᠮᠥᠩᠭᠦ ᠶᠢ 318 ᠲᠦᠮᠡᠨ ᠲᠥᠭᠦᠷᠢᠭ ᠲᠠᠷᠬᠠᠭᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠥᠷᠢᠲᠦᠵᠦ ᠪᠠᠶᠢᠭ᠎ᠠ 1083 ᠲᠦᠮᠡᠨ ᠲᠥᠭᠦᠷᠢᠭ ᠤᠨ ᠴᠠᠯᠢᠩ ᠬᠦᠯᠦᠰᠦ ᠶᠢ ᠰᠢᠢᠳᠪᠦᠷᠢᠯᠡᠵᠦ ᠥᠭᠪᠡ᠃ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠦᠢᠯᠡᠴᠢᠯᠡᠬᠦ ᠥᠷᠲᠡᠭᠡ ᠴᠡᠭ ᠢ ᠰᠢᠨ᠎ᠡ ᠪᠠᠷ ᠪᠠᠶᠢᠭᠤᠯᠵᠤ᠂ ᠨᠠᠰᠤᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠨᠠᠭᠰᠢᠳᠠ ᠲᠡᠭᠦᠯᠳᠡᠷᠵᠢᠭᠦᠯᠪᠡ᠃ 7355 ᠲᠦᠮᠡᠨ ᠲᠦᠬᠦᠷᠢᠭ ᠤᠨ ᠪᠡᠯᠡ ᠣᠷᠤᠭᠤᠯᠵᠤ᠂ ᠣᠷᠱᠣᠨ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠤᠨ ᠪᠦᠲᠦᠭᠡᠨ ᠪᠠᠶᠢᠭᠤᠯᠤᠯᠲᠠ ᠵᠢᠴᠢ ᠤᠶᠤᠨᠴᠢᠯᠠᠭᠰᠠᠨ ᠰᠤᠷᠭᠠᠭᠤᠯᠢ ᠶᠢᠨ ᠬᠦᠷᠢᠶ᠎ᠡ ᠵᠡᠷᠭᠡ ᠰᠠᠭᠤᠷᠢ ᠰᠤᠷᠭᠠᠨ ᠬᠦᠮᠦᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠢᠯᠡ ᠪᠠᠷ 46 ᠪᠠᠭᠰᠢ ᠡᠯᠰᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠦᠭᠡᠳ ᠲᠡᠩᠴᠡᠭᠦᠷᠢᠰᠢᠯ ᠲᠠᠢ ᠬᠤᠰᠢᠭᠤᠨ ᠤ ᠬᠦᠭᠵᠢᠯᠲᠡ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠲᠦᠮᠡᠨ ᠳᠤ ᠬᠠᠨᠤᠮᠵᠢᠲᠠᠢ ᠰᠤᠷᠭᠠᠨ ᠬᠥᠮᠦᠵᠢᠯ ᠢ ᠦᠷᠭᠦᠯᠵᠢᠯᠡᠨ ᠰᠠᠶᠢᠲᠤᠷ ᠡᠷᠬᠢᠯᠡᠪᠡ᠃ ᠰᠢᠨᠵᠢᠯᠡᠬᠦ ᠤᠬᠠᠭᠠᠨᠴᠢ ᠨᠠᠷᠢᠯᠢᠭ ᠣᠨᠣᠪᠴᠢᠲᠠᠢ᠂ ᠬᠦᠳᠡᠯᠦᠩᠭᠦᠢ ᠪᠠᠷ ᠪᠦᠬᠦᠨ ᠢ ᠪᠡᠶᠡᠯᠡᠭᠦᠯᠬᠦ ᠶᠢ ᠪᠠᠷᠢᠮᠲᠠᠯᠠᠵᠤ᠂ ᠬᠤᠰᠢᠭᠤ ᠳᠠᠶᠠᠭᠠᠷ ᠢᠶᠠᠨ ᠬᠠᠮᠤᠭ ᠲᠦᠷᠭᠡᠨ ᠬᠤᠷᠳᠤᠴᠠ ᠪᠠᠷ᠂ ᠬᠠᠮᠤᠭ ᠣᠬᠤᠷᠬᠠᠨ ᠬᠤᠭᠤᠴᠠᠭᠠᠨ ᠳᠤ᠂ ᠬᠠᠮᠤᠭ ᠡᠷᠴᠢᠮᠲᠡᠢ ᠠᠷᠭ᠎ᠠ ᠬᠡᠮᠵᠢᠶ᠎ᠡ ᠪᠠᠷ ︽10 · 06︾ ︽11 · 28︾ ᠤ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢ ᠡᠵᠡᠮᠳᠡᠵᠦ᠂ ᠬᠦᠬᠡᠬᠤᠲᠠ ᠳᠤ ᠪᠠᠶᠢᠭ᠎ᠠ ᠳᠡᠭᠡᠳᠦ ᠰᠤᠷᠭᠠᠭᠤᠯᠢ ᠶᠢᠨ 564 ᠰᠤᠷᠤᠭᠴᠢ ᠶᠢ ᠨᠤᠲᠤᠭ ᠲᠠᠭᠠᠨ ᠲᠣᠰᠣᠨ ᠠᠪᠴᠢᠷᠠᠬᠤ ᠠᠵᠢᠯ ᠢ ᠠᠮᠵᠢᠯᠲᠠᠲᠠᠢ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠭᠤᠨ ᠢᠶᠠᠷ ᠳᠠᠷᠠᠭᠠᠴᠢ ᠶᠢᠨ ᠱᠠᠲᠤᠨ ᠳᠤ ᠣᠷᠤᠬᠤ ᠶᠢ ᠪᠡᠶᠡᠯᠡᠭᠦᠯᠪᠡ᠃ ᠡᠮ ᠡᠮᠨᠡᠯᠭᠡ ᠶᠢᠨ ᠡᠬᠢ ᠪᠠᠶᠠᠯᠢᠭ ᠤᠨ ᠬᠠᠩᠭᠠᠯᠭ᠎ᠠ ᠪᠠ ᠪᠠᠲᠤᠯᠠᠭ᠎ᠠ ᠶᠢᠨ ᠬᠦᠷᠦᠯᠴᠡᠬᠦ ᠦᠭᠡᠢ ᠲᠠᠯ᠎ᠠ ᠶᠢ ᠨᠦᠬᠦᠪᠦᠷᠢᠯᠡᠵᠦ᠂ 8251 ᠲᠦᠮᠡᠨ ᠲᠦᠬᠦᠷᠢᠭ ᠤᠨ ᠪᠡᠯᠡ ᠣᠷᠤᠭᠤᠯᠤᠨ᠂ ᠠᠷᠠᠳ ᠤᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠵᠡᠷᠭᠡ ᠲᠦᠷᠦᠯ ᠵᠦᠢᠯ ᠢ ᠬᠡᠷᠡᠭᠵᠢᠭᠦᠯᠵᠦ᠂ ᠴᠢᠩᠭᠡᠯᠢᠭᠲᠦ ᠡᠮᠨᠡᠯᠭᠡ ᠶᠢᠨ ᠬᠤᠷᠢᠶ᠎ᠠ ᠂ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ ᠤᠨ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠭᠡᠷ ᠪᠠᠶᠢᠰᠢᠩ ᠤᠷᠤᠭᠰᠢᠲᠠᠢ ᠪᠠᠷ ᠠᠰᠢᠭᠯᠠᠯᠲᠠ ᠳᠤ ᠣᠷᠣᠪᠠ ᠃ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ︽ᠨᠠᠮ ᠤᠨ ᠲᠤᠶᠠᠭᠠᠷᠠᠯ ᠬᠢᠯᠢ ᠬᠢᠵᠠᠭᠠᠷ ᠢ ᠭᠡᠶᠢᠭᠦᠯᠦᠮᠣᠢ︾ ᠭᠡᠬᠦ ᠰᠢᠨ᠎ᠡ ᠴᠠᠭ ᠦᠶ᠎ᠡ ᠶᠢᠨ ᠭᠤᠣᠯ ᠰᠡᠳᠦᠪᠲᠦ ᠤᠳᠬ᠎ᠠ ᠤᠷᠠᠯᠢᠭ ᠤᠨ ᠪᠦᠲᠦᠭᠡᠯ ᠨᠢ ᠶᠢᠰᠦᠳᠦᠭᠡᠷ ᠬᠤᠭᠤᠴᠠᠭᠠᠨ ᠤ ᠦᠪᠦᠷ ᠮᠣᠩᠭᠤᠯ ᠤᠨ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠤᠨ ᠬᠠᠮᠲᠤᠷᠠᠭᠰᠠᠨ ᠲᠣᠭᠯᠠᠯᠲᠠ ᠳᠤ ᠬᠠᠮᠲᠤ ᠨᠡᠶᠢᠲᠡ ᠶᠢᠨ ᠰᠢᠯᠢᠳᠡᠭ ᠱᠠᠩᠨᠠᠯ ᠬᠦᠷᠲᠡᠪᠡ᠃ 2022 ᠣᠨ ᠤ ᠲᠠᠯ᠎ᠠ ᠨᠤᠲᠤᠭ ᠤᠨ ᠨᠠᠭᠠᠳᠤᠮ ᠢ ᠠᠮᠵᠢᠯᠲᠠᠲᠠᠢ ᠳᠠᠭᠠᠭᠠᠴᠢᠯᠠᠨ ᠡᠷᠬᠢᠯᠡᠵᠦ᠂ ᠪᠣᠭᠳᠠᠠᠭᠤᠯᠠ ᠳᠠᠭᠠᠨ ᠲᠦᠰᠢᠭᠯᠡᠨ ︽ᠪᠥᠬᠦ ᠣᠷᠣᠨ ᠤ ᠠᠷᠠᠳ ᠤᠨ ᠰᠣᠶᠣᠯ ᠤᠷᠠᠯᠢᠭ ᠤᠨ ᠦᠯᠦᠭᠡᠢ︾ ᠪᠠᠷ ᠰᠣᠩᠭᠤᠭᠳᠠᠵᠤ᠂ ᠰᠣᠶᠣᠯ ᠤᠨ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠨᠡᠩ ᠴᠢᠨᠠᠭᠰᠢᠳᠠ ᠳᠡᠭᠡᠭᠰᠢᠯᠡᠪᠡ᠃ ︽ᠠᠷᠪᠠᠨ ᠲᠠᠪᠤᠨ ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾ ᠢ ᠴᠣᠭᠴᠠᠯᠠᠨ ᠪᠠᠶᠢᠭᠤᠯᠵᠤ᠂ ᠲᠡᠭᠷᠢ ᠶᠢᠨ ᠬᠠᠶᠠᠭᠠᠨ ᠤ ᠴᠡᠴᠡᠷᠯᠢᠭ᠂ ᠪᠠᠷᠠᠭᠤᠨ ᠬᠦᠳᠡᠭᠡ ᠨᠠᠭᠤᠷ ᠴᠡᠴᠡᠷᠯᠢᠭ ᠪᠣᠯᠣᠨ 7 ᠰᠤᠮᠤ ᠪᠠᠯᠭᠠᠰᠤ ᠶᠢᠨ ᠪᠡᠶ᠎ᠡ ᠴᠢᠭᠢᠷᠠᠭᠵᠢᠭᠤᠯᠬᠤ ᠲᠥᠪ ᠵᠡᠷᠭᠡ ᠲᠠᠯᠠᠪᠤᠷ ᠢ ᠠᠰᠢᠭᠯᠠᠯᠲᠠ ᠳᠤ ᠣᠷᠣᠭᠤᠯᠤᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠣᠯ ᠵᠢᠷᠭᠠᠯᠲᠤ ᠪᠦᠷᠬᠦᠴᠡ ᠤᠯᠠᠮ ᠥᠷᠭᠡᠵᠢᠪᠡ᠃        ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠠᠮᠤᠷ ᠲᠣᠭᠲᠠᠭᠤᠨ ᠢ ᠪᠠᠲᠤᠯᠠᠪᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠠᠬᠢᠭᠤᠯᠵᠤ᠂ ᠠᠯᠪᠠᠨ ᠲᠤᠰᠢᠶᠠᠯᠲᠤ ᠬᠠᠤᠯᠢᠴᠢ ᠶᠢᠨ ᠡᠩᠨᠡᠭᠡ ᠲᠠᠰᠤᠷᠠᠯᠲᠠ ᠦᠭᠡᠢ ᠪᠤᠵᠠᠭᠠᠶᠢᠷᠠᠵᠤ᠂ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠬᠤᠰᠢᠭᠤᠷᠠᠬᠤ ᠶᠢ ᠪᠠᠲᠤᠯᠠᠪᠠ᠃ ᠨᠢᠭᠡ ᠪᠦᠯᠦᠭ ᠲᠡᠦᠬᠡᠨ ᠦᠯᠡᠳᠡᠭᠳᠡᠯ ᠠᠰᠠᠭᠤᠳᠠᠯ ᠢ ᠶᠡᠭᠡ ᠬᠦᠴᠦ ᠲᠠᠯᠪᠢᠨ ᠰᠢᠢᠳᠪᠦᠷᠢᠯᠡᠵᠦ᠂ ᠴᠠᠬᠢᠯᠭᠠᠨ ᠬᠤᠯᠪᠣᠭ᠎ᠠ ᠶᠢᠨ ᠰᠦᠯᠵᠢᠶᠡᠨ ᠤ ᠮᠡᠬᠡᠯᠡᠯ ᠢ ᠴᠡᠭᠴᠡᠯᠡᠨ ᠵᠠᠰᠠᠬᠤ ᠵᠡᠷᠭᠡ ᠪᠣᠭᠤᠮᠲᠠ ᠰᠢᠪᠲᠤᠯᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠬᠠᠤᠯᠢ ᠠᠴᠠ ᠵᠥᠷᠢᠴᠡᠭᠰᠡᠨ ᠡᠯ᠎ᠡ ᠵᠦᠢᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠷᠡᠭᠦᠦ ᠶᠢᠨ ᠬᠡᠷᠡᠭ ᠤᠨ ᠬᠡᠷᠡᠭ ᠪᠣᠯᠭᠠᠨ ᠳᠠᠩᠰᠠᠯᠠᠭᠤᠯᠤᠭᠰᠠᠨ ᠨᠤᠷᠮ᠎ᠠ ᠠᠳᠠᠯᠢ ᠬᠤᠭᠤᠴᠠᠭᠠᠨ ᠤ ᠬᠢ ᠠᠴᠠ 35.7% ᠪᠠᠷ ᠪᠠᠭᠤᠷᠠᠪᠠ᠃ ᠬᠠᠤᠯᠢ ᠪᠤᠰᠤ ᠪᠠᠷ ᠪᠡᠯᠡ ᠬᠤᠷᠠᠮᠳᠤᠭᠤᠯᠬᠤ ᠶᠢ ᠵᠠᠰᠠᠨ ᠴᠡᠭᠴᠡᠯᠡᠭᠰᠡᠨ ᠦᠷ᠎ᠡ ᠪᠦᠲᠦᠮᠵᠢ ᠢᠯᠡᠳᠲᠡ ᠰᠠᠶᠢᠵᠢᠷᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠬᠤᠣᠰ ᠵᠠᠭᠤᠨ ᠤ ᠵᠢᠱᠢᠶ᠎ᠡ ᠦᠵᠡᠭᠦᠯᠬᠦ ᠢᠨᠵᠧᠨᠧᠷᠢᠩ︾ ᠢ ᠲᠠᠰᠤᠷᠠᠯᠲᠠ ᠦᠭᠡᠢ ᠠᠬᠢᠭᠤᠯᠵᠤ᠂ ᠦᠪᠡᠷᠲᠡᠭᠡᠨ ᠵᠠᠰᠠᠬᠤ ᠣᠷᠣᠨ ᠤ ᠳᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢᠨ ᠬᠤᠭᠤᠴᠠᠭ᠎ᠠ ᠳᠦᠭᠦᠷᠴᠦ ᠠᠮᠵᠢᠯᠲᠠᠲᠠᠢ ᠪᠠᠷ ᠳᠠᠬᠢᠨ ᠡᠭᠦᠳᠦᠨ ᠴᠣᠭᠴᠠᠯᠠᠵᠤ᠂ ᠦᠨᠳᠦᠰᠦᠲᠡᠨ ᠨᠦᠭᠦᠳ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠭ᠎ᠠ ᠶᠢ ᠠᠬᠢᠭᠤᠯᠪᠠ᠃ ᠬᠢᠯᠢ ᠬᠢᠵᠠᠭᠠᠷ ᠢ ᠮᠠᠨᠳᠤᠭᠤᠯᠤᠨ ᠪᠠᠬᠢᠵᠢᠭᠦᠯᠵᠦ ᠠᠷᠠᠳ ᠢ ᠴᠢᠨᠡᠭᠡᠯᠢᠭᠵᠢᠭᠦᠯᠦᠨ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠠᠬᠢᠭᠤᠯᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ︽ᠲᠠᠪᠤ ᠶᠢ ᠨᠢᠭᠡ ᠴᠣᠭᠴᠠᠵᠢᠭᠤᠯᠬᠤ︾ ᠬᠢᠯᠢ ᠶᠢ ᠬᠦᠴᠦᠷᠬᠡᠭᠵᠢᠭᠦᠯᠦᠨ ᠰᠡᠷᠭᠡᠶᠢᠯᠡᠯᠲᠡ ᠶᠢ ᠪᠠᠬᠢᠵᠢᠭᠦᠯᠬᠦ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠦᠷᠬᠦᠯᠵᠢᠯᠡᠨ ᠪᠠᠬᠢᠵᠢᠭᠦᠯᠪᠡ᠃ ᠠᠶᠤᠯᠭᠦᠢ ᠦᠢᠯᠡᠳᠪᠦᠷᠢᠯᠡᠯ ᠤᠨ ᠭᠤᠷᠪᠠᠨ ᠵᠢᠯ ᠤᠨ ᠠᠵᠢᠯᠯᠠᠭ᠎ᠠ ᠠᠮᠵᠢᠯᠲᠠᠲᠠᠢ ᠥᠨᠳᠥᠷᠯᠡᠵᠦ᠂ ᠪᠠᠶᠢᠭᠠᠯᠢ ᠶᠢᠨ ᠭᠠᠮᠰᠢᠭ ᠤᠨ ᠨᠡᠶᠢᠳᠡᠮ ᠪᠠᠶᠢᠴᠠᠭᠠᠯᠲᠠ ᠤᠷᠤᠭᠰᠢᠲᠠᠢ ᠶᠠᠪᠤᠭᠳᠠᠨ᠂ ᠢᠳᠡᠭᠡᠨ ᠪᠠ ᠡᠮ ᠤᠨ ᠵᠦᠢᠯ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠡᠷᠡᠭ ᠦᠯᠦ ᠡᠭᠦᠰᠴᠦ᠂ ᠨᠡᠶᠢᠭᠡᠮ ᠨᠠᠩ ᠠᠮᠤᠷ ᠲᠣᠭᠲᠠᠭᠤᠨ᠂ ᠬᠢᠯᠢ ᠬᠢᠵᠠᠭᠠᠷ ᠨᠡᠩ ᠠᠮᠤᠷ ᠲᠠᠶᠢᠪᠤᠩ ᠪᠠ ᠠᠷᠠᠳ ᠲᠦᠮᠡᠨ ᠨᠠᠩ ᠠᠮᠤᠷ ᠠᠮᠤᠭᠤᠯᠠᠩ ᠪᠠᠶᠢᠬᠤ ᠶᠢ ᠪᠠᠲᠤᠯᠠᠪᠠ᠃        ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠪᠠ᠃ ᠲᠤᠭ ᠲᠡᠮᠳᠡᠭ ᠲᠣᠳᠣᠷᠬᠠᠢ ᠪᠠᠷ ᠤᠯᠤᠰ ᠲᠦᠷᠥ ᠶᠢ ᠡᠷᠬᠢᠮᠯᠡᠨ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠪᠡ᠃ ︽ᠲᠠᠪᠤ ᠶᠢ ᠲᠤᠶᠢᠯᠪᠤᠷᠢᠲᠠᠢ ᠰᠢᠢᠳᠪᠦᠷᠢᠯᠡᠬᠦ︾ ᠠᠵᠢᠯᠯᠠᠭ᠎ᠠ ᠶᠢ ᠢᠳᠡᠪᠬᠢᠲᠡᠢ ᠠᠬᠢᠭᠤᠯᠤᠨ᠂ 16 ᠲᠦᠷᠦᠯ ᠵᠦᠢᠯ ᠢ ᠰᠡᠷᠭᠦᠭᠡᠵᠦ᠂ 1062 ᠮᠦ ᠭᠠᠵᠠᠷ ᠰᠢᠷᠤᠢ᠂ 347 ᠲᠦᠮᠡᠨ ᠲᠦᠬᠦᠷᠢᠭ ᠤᠨ ᠪᠡᠯᠡ ᠮᠦᠩᠭᠦ ᠶᠢ ᠴᠢᠯᠦᠭᠡᠲᠡᠢ ᠪᠣᠯᠭᠠᠨ ᠬᠡᠷᠡᠭᠯᠡᠪᠡ᠃ ︽ᠦᠵᠡᠯᠲᠡ ᠲᠠᠨᠢᠯᠲᠠ ᠶᠢ ᠬᠤᠪᠢᠷᠠᠭᠤᠯᠬᠤ᠂ ᠣᠪᠤᠷ ᠰᠤᠷᠲᠠᠯ ᠢ ᠴᠢᠩᠭᠠᠳᠬᠠᠬᠤ᠂ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠪᠣᠳᠠᠲᠠᠢ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠬᠤ᠂ ᠳᠦᠷᠢ ᠲᠥᠷᠬᠦ ᠶᠢ ᠱᠤᠭᠤᠬᠤ︾ ᠰᠤᠷᠤᠯᠴᠠᠯᠭ᠎ᠠ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠦᠷᠨᠢᠭᠦᠯᠦᠨ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ︽ᠭᠤᠷᠪᠠᠨ ᠣᠯᠠᠨ ᠭᠤᠷᠪᠠᠨ ᠴᠦᠭᠡᠨ ᠭᠤᠷᠪᠠᠨ ᠤᠳᠠᠭᠠᠨ︾ ᠪᠠᠶᠢᠬᠤ ᠠᠰᠠᠭᠤᠳᠠᠯ ᠢ ᠴᠡᠭᠴᠡᠯᠡᠨ ᠵᠠᠰᠠᠵᠤ᠂ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠪᠣᠯᠣᠨ ᠬᠤᠷᠠᠯ ᠬᠤᠷᠠᠯᠳᠤᠭᠠᠨ 30% ᠠᠴᠠ ᠳᠡᠭᠡᠭᠰᠢ ᠪᠠᠭᠠᠰᠪᠠ᠃ ᠰᠢᠨ᠎ᠡ ᠪᠠᠶᠢᠳᠠᠯ ᠳᠣᠣᠷᠠᠬᠢ ᠵᠠᠰᠠᠭ ᠤᠨ ᠣᠷᠳᠣᠨ ᠤ ᠲᠤᠰᠢᠶᠠᠯ ᠢᠶᠠᠨ ᠭᠦᠢᠴᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠪᠡ᠃ ︽ᠭᠤᠷᠪᠠᠨ ᠬᠦᠨᠳᠦ ᠴᠢᠬᠤᠯᠠ ᠨᠢᠭᠡ ᠶᠡᠭᠡ︾ ᠵᠦᠢᠯᠡᠰ ᠲᠤ ᠲᠥᠪ ᠴᠢᠩᠭ᠎ᠠ ᠬᠠᠥᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ 76 ᠬᠤᠪᠢ ᠰᠠᠨᠠᠯ ᠵᠥᠪᠯᠡᠯᠭᠡ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ 112 ᠬᠤᠪᠢ ᠰᠠᠨᠠᠯ ᠳᠤᠷᠠᠳᠤᠯᠭ᠎ᠠ ᠶᠢ ᠪᠦᠬᠦᠨ ᠢ ᠲᠣᠭᠲᠠᠭᠰᠠᠨ ᠬᠤᠭᠤᠴᠠᠭᠠᠨ ᠳᠤ ᠰᠢᠢᠳᠪᠦᠷᠢᠯᠡᠵᠦ ᠳᠠᠭᠤᠰᠬᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠠᠴᠠ ᠪᠢᠯᠧᠲ ᠥᠭᠴᠦ ᠲᠣᠭᠲᠠᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ 4 ᠲᠥᠷᠥᠯ ᠵᠦᠢᠯ ᠢ ᠪᠦᠬᠦᠨ ᠢ ᠪᠡᠶᠡᠯᠡᠭᠦᠯᠪᠡ᠃        ᠡᠭᠦᠨ ᠠᠴᠠ ᠭᠠᠳᠠᠨ᠎ᠠ᠂ ᠠᠵᠢᠯᠴᠢᠨ ᠤ ᠶᠡᠷᠦᠩᠬᠡᠢ ᠡᠪᠯᠡᠯ ᠡᠪ ᠬᠠᠮᠲᠤ ᠵᠠᠯᠠᠭᠤᠴᠤᠳ ᠤᠨ ᠡᠪᠯᠡᠯ ᠡᠮᠡᠭᠳᠡᠶᠢᠴᠦᠳ ᠤᠨ ᠬᠤᠯᠪᠣᠭᠠᠲᠤ ᠬᠤᠷᠠᠯ᠂ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠤᠯᠪᠤᠭᠠᠳᠦ ᠬᠤᠷᠠᠯ᠂ ᠵᠡᠮᠳᠡᠭᠴᠦᠳ ᠤᠨ ᠬᠤᠯᠪᠤᠭᠠᠳᠦ ᠬᠤᠷᠠᠯ᠂ ᠦᠢᠯᠡᠳᠪᠦᠷᠢ ᠬᠤᠳᠠᠯᠳᠤᠭᠠᠨ ᠤ ᠬᠤᠯᠪᠤᠭᠠᠳᠦ ᠬᠤᠷᠠᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠦᠪᠯᠡᠯ ᠵᠡᠷᠭᠡ ᠠᠵᠢᠯ ᠦᠢᠯᠡᠰ ᠤᠨ ᠬᠦᠭᠵᠢᠯᠳᠡ  ᠶᠢ ᠶᠡᠭᠡ ᠬᠦᠴᠦ ᠪᠠᠷ ᠳᠡᠮᠵᠢᠵᠦ᠂ ᠤᠯᠤᠰ ᠤᠨ ᠪᠠᠳᠦᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠠᠵᠢᠯ ᠢ ᠭᠦᠨᠵᠡᠭᠡᠢ ᠦᠷᠨᠢᠬᠦᠯᠦᠨ᠂ ᠤᠯᠤᠰ ᠣᠷᠣᠨ ᠤ ᠠᠮᠤᠷ ᠲᠦᠪᠰᠢᠨ᠂ ᠰᠢᠶᠠᠩᠭᠠᠩ ᠣᠣᠮᠧᠨ ᠲᠠᠶᠢᠸᠠᠨ ᠤ ᠬᠠᠷᠢᠶᠠᠲᠤ ᠵᠡᠷᠭᠡ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ᠂ ᠮᠥᠩᠭᠦᠨ ᠭᠦᠢᠯᠭᠡᠭᠡ᠂ ᠲᠠᠩᠰᠠ ᠡᠪᠬᠡᠮᠡᠯ᠂ ᠰᠣᠶᠣᠯ ᠲᠡᠦᠬᠡ᠂ ᠴᠠᠭ ᠠᠭᠤᠷ ᠵᠡᠷᠭᠡ ᠠᠵᠢᠯ ᠲᠠᠰᠤᠷᠠᠯᠲᠠ ᠦᠭᠡᠢ ᠴᠢᠩᠭᠠᠷᠠᠵᠤ᠂ ᠡᠯ᠎ᠡ ᠵᠦᠢᠯ ᠤᠨ ᠠᠵᠢᠯ ᠦᠢᠯᠡᠰ ᠲᠤ ᠰᠢᠨ᠎ᠡ ᠪᠠᠶᠢᠳᠠᠯ ᠢᠯᠡᠷᠡᠪᠡ᠃        ᠬᠦᠴᠢᠷ ᠪᠡᠷᠬᠡᠰᠢᠶᠡᠯ ᠪᠢᠯᠬᠠᠭᠰᠠᠨ ᠲᠡᠮᠡᠴᠡᠯ ᠤᠨ ᠵᠠᠮ ᠢᠶᠠᠷ ᠰᠦᠷᠦᠨ ᠤᠷᠤᠭᠰᠢᠯᠠᠵᠤ᠂ ᠬᠠᠲᠠᠭᠤ ᠵᠣᠷᠢᠭ ᠰᠢᠷᠭᠠᠭᠤ ᠴᠢᠷᠮᠠᠶᠢᠯᠭ᠎ᠠ ᠪᠠᠷ ᠭᠢᠯᠠᠯᠵᠠᠭᠰᠠᠨ ᠦᠷ᠎ᠡ ᠪᠦᠲᠦᠮᠵᠢ ᠭᠠᠷᠭᠠᠭᠰᠠᠨ ᠪᠠᠶᠢᠨ᠎ᠠ᠃ ᠡᠳᠡᠭᠡᠷ ᠠᠮᠵᠢᠯᠲᠠ ᠣᠯᠣᠯᠲᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠪᠠᠷ ᠬᠦᠳᠦᠯᠦᠨ ᠵᠢᠯᠣᠭᠤᠳᠣᠭᠰᠠᠨ ᠤ ᠦᠷ᠎ᠡ ᠳ᠋ᠦᠩ ᠮᠥᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ ᠴᠢᠷᠮᠠᠶᠢᠨ ᠳᠡᠮᠡᠴᠡᠭᠰᠡᠨ ᠤ ᠦᠷ᠎ᠡ ᠳ᠋ᠦᠩ ᠮᠥᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠪᠤᠯᠤᠨ ᠨᠡᠶᠢᠬᠡᠮ ᠤᠨ ᠡᠯ᠎ᠡ ᠡᠳᠡᠭᠡᠳ ᠤᠨ ᠬᠢᠨ ᠤ ᠪᠦᠳᠦᠮᠵᠢᠳᠡᠢ ᠬᠢᠨᠠᠯᠲᠠ ᠲᠠᠯᠪᠢᠵᠤ ᠬᠦᠴᠦᠲᠡᠢ ᠳᠡᠮᠵᠢᠯᠭᠡ ᠦᠵᠡᠭᠦᠯᠦᠭᠰᠡᠨ ᠤ ᠦᠷ᠎ᠡ ᠳ᠋ᠦᠩ ᠮᠥᠨ᠃ ᠠᠳᠡ ᠪᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠦᠭᠵᠢᠯᠳᠡ ᠶᠢ ᠬᠠᠯᠠᠮᠵᠢᠯᠠᠨ ᠳᠡᠮᠵᠢᠵᠦ ᠪᠠᠶᠢᠭ᠎ᠠ ᠠᠯᠢᠪᠠ ᠨᠦᠬᠦᠳ᠂ ᠨᠠᠶᠢᠵᠠ ᠨᠠᠷ ᠲᠤ ᠪᠠᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕        ᠲᠦᠪᠰᠢᠨ ᠴᠠᠭ ᠲᠤ ᠴᠢᠷᠮᠠᠶᠢᠨ ᠬᠦᠴᠦᠷᠬᠡᠭᠵᠢᠵᠦ᠂ ᠲᠦᠭᠰᠢᠭᠦᠷᠢ ᠶᠢ ᠲᠤᠩᠭᠠᠨ ᠠᠯᠤᠰ ᠢ ᠵᠣᠷᠢᠨ᠎ᠠ ᠭᠡᠭᠴᠢ ᠪᠠᠷ᠂ ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠬᠥᠭᠵᠢᠯᠲᠡ ᠶᠢᠨ ᠶᠠᠪᠤᠴᠠ ᠳᠤ ᠬᠡᠰᠡᠭ ᠬᠦᠷᠦᠯᠴᠡᠬᠦ ᠦᠭᠡᠢ ᠲᠠᠯ᠎ᠠ ᠪᠠ ᠵᠥᠷᠢᠶ᠎ᠡ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠬᠤ ᠬᠡᠷᠡᠭᠲᠡᠢ᠂ ᠡᠭᠦᠨ ᠳᠤ ᠭᠤᠣᠯᠳᠠᠭᠤ᠄ ᠨᠢᠭᠡ ᠳᠤ ᠴᠢᠨᠠᠷ ᠰᠠᠶᠢᠲᠠᠢ ᠠᠮᠢ ᠠᠬᠤᠢ ᠪᠠᠷ ᠠᠵᠤ ᠠᠬᠤᠢ ᠶᠢᠨ ᠬᠦᠭᠵᠢᠯᠲᠡ ᠳᠤ ᠬᠦᠴᠦᠨ ᠨᠡᠮᠡᠷᠢᠯᠡᠬᠦ ᠬᠡᠮᠵᠢᠶ᠎ᠡ ᠳᠣᠣᠷ᠎ᠠ᠂ ᠬᠥᠭᠵᠢᠯᠲᠡ ᠲᠡᠩᠴᠡᠭᠦᠷᠢ ᠦᠭᠡᠢ ᠪᠦᠭᠡᠳ ᠭᠦᠢᠴᠡᠳ ᠦᠭᠡᠢ ᠪᠠᠶᠢᠬᠤ ᠠᠰᠠᠭᠤᠳᠠᠯ ᠮᠥᠨ ᠯᠡ ᠲᠣᠪᠣᠶᠢᠮ᠎ᠠ ᠪᠠᠶᠢᠵᠤ᠂ ᠡᠬᠢ ᠪᠠᠶᠠᠯᠢᠭ ᠤᠨ ᠳᠠᠪᠠᠭᠤᠯᠢᠭ ᠢ ᠥᠨᠳᠥᠷ ᠪᠦᠲᠦᠮᠵᠢᠲᠡᠶ ᠪᠠᠷ ᠬᠤᠪᠢᠷᠠᠭᠤᠯᠬᠤ ᠪᠠ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠪᠲᠤᠯᠤᠯᠲᠠ ᠭᠠᠷᠭᠠᠬᠤ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠠᠶᠢᠨ᠎ᠠ᠃ ᠬᠤᠶᠠᠷ ᠲᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠠᠵᠤ ᠦᠢᠯᠡᠰ ᠤᠨ ᠲᠡᠰ ᠳᠠᠪᠬᠤᠷᠭ᠎ᠠ ᠪᠠ ᠬᠥᠭᠵᠢᠯᠲᠡ ᠶᠢᠨ ᠬᠢᠷᠢ ᠲᠦᠪᠰᠢᠨ ᠶᠡᠷᠦᠩᠬᠡᠢ ᠳᠡᠭᠡᠨ ᠨᠡᠯᠢᠶᠡᠳ ᠳᠣᠣᠷ᠎ᠠ ᠪᠠᠶᠢᠵᠤ᠂ ᠲᠦᠷᠦᠯ ᠵᠦᠢᠯ᠂ ᠠᠵᠤ ᠦᠢᠯᠡᠰ ᠢ ᠪᠣᠶᠢᠵᠢᠭᠤᠯᠬᠤ ᠠᠬᠢᠴᠠ ᠤᠳᠠᠭᠠᠨ ᠪᠠᠶᠢᠵᠤ᠂ ᠭᠤᠣᠯᠯᠠᠬᠤ ᠠᠵᠤ ᠦᠢᠯᠡᠰ ᠤᠨ ᠳᠠᠪᠠᠭᠤᠯᠢᠭ ᠢ ᠮᠥᠨ ᠯᠡ ᠪᠠᠬᠢᠵᠢᠭᠦᠯᠦᠨ ᠴᠢᠩᠭᠠᠳᠬᠠᠬᠤ ᠴᠢᠬᠤᠯᠠᠲᠠᠢ᠃ ᠭᠤᠷᠪᠠ ᠳᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠣᠶᠢᠮ᠎ᠠ ᠪᠠᠶᠢᠵᠤ᠂ ᠤᠯᠠᠮᠵᠢᠯᠠᠯᠲᠤ ᠭᠠᠶᠢᠯᠢ ᠶᠢᠨ ᠢᠷᠡᠯᠲᠡ ᠬᠦᠷᠦᠯᠴᠡᠬᠦ ᠦᠭᠡᠢ᠂ ᠭᠠᠶᠢᠯᠢ ᠶᠢᠨ ᠰᠢᠨ᠎ᠡ ᠢᠷᠡᠯᠲᠡ ᠬᠠᠷᠠᠬᠠᠨ ᠦᠷ᠎ᠡ ᠪᠦᠲᠦᠮᠵᠢ ᠣᠯᠣᠭᠠᠳᠤᠢ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠵᠠᠶᠢᠯᠠᠰᠢ ᠦᠭᠡᠢ ᠵᠠᠷᠤᠯᠭ᠎ᠠ ᠢᠯᠡᠳᠲᠡ ᠨᠡᠮᠡᠭᠳᠡᠵᠦ᠂ ︽ᠭᠤᠷᠪᠠ ᠶᠢ ᠪᠠᠲᠤᠯᠠᠬᠤ︾ ᠳᠠᠷᠤᠭᠠᠰᠤ ᠦᠷᠭᠦᠯᠵᠢᠯᠡᠨ ᠬᠦᠨᠳᠦᠷᠡᠵᠦ ᠪᠤᠢ᠃ ᠳᠥᠷᠪᠡ ᠳᠤ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠲᠡᠩᠴᠡᠭᠦᠷᠢ ᠦᠭᠡᠢ ᠪᠠᠶᠢᠵᠤ᠂ ᠰᠠᠭᠤᠷᠢ ᠲᠥᠬᠦᠭᠡᠷᠦᠮᠵᠢ᠂ ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠤᠨ ᠬᠦᠷᠦᠯᠴᠡᠬᠦ ᠦᠭᠡᠢ ᠲᠠᠯ᠎ᠠ ᠪᠠᠭᠤᠷᠠᠢ ᠵᠦᠢᠯ ᠮᠦᠨ ᠯᠠ ᠤᠷᠤᠰᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠣᠲᠣᠭᠠᠳᠤ ᠶᠢᠨ ᠬᠦᠳᠡᠯᠭᠡᠬᠦ ᠬᠦᠴᠦᠨ ᠢ ᠭᠦᠢᠴᠡᠳ ᠪᠠᠳᠠᠷᠠᠭᠤᠯᠤᠭᠠᠳᠤᠢ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠳᠤ ᠮᠦᠨ ᠯᠡ ᠨᠡᠩ ᠶᠡᠭᠡ ᠴᠢᠷᠮᠠᠶᠢᠯᠭ᠎ᠠ ᠭᠠᠷᠭᠠᠬᠤ ᠴᠢᠬᠤᠯᠠᠲᠠᠢ᠃ ᠲᠠᠪᠤ ᠳᠤ ︽ᠭᠤᠷᠪᠠᠨ ᠣᠯᠠᠨ ᠭᠤᠷᠪᠠᠨ ᠴᠥᠬᠡᠨ ᠭᠤᠷᠪᠠᠨ ᠤᠳᠠᠭᠠᠨ︾ ᠪᠠᠶᠢᠬᠤ ᠠᠰᠠᠭᠤᠳᠠᠯ ᠢ ᠮᠦᠨ ᠯᠡ ᠲᠤᠶᠢᠯᠪᠤᠷᠢᠲᠠᠢ ᠰᠢᠢᠳᠪᠦᠷᠢᠯᠡᠵᠦ ᠴᠢᠳᠠᠭᠠᠳᠤᠢ᠂ ᠺᠠᠳ᠋ᠷᠴᠤᠳ ᠤᠨ ᠡᠩᠨᠡᠭᠡᠨ ᠤ ᠲᠤᠰᠢᠶᠠᠯ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠠ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠭᠦᠷᠭᠡ ᠮᠠᠰᠢ ᠲᠤᠯᠭᠠᠮ᠎ᠠ ᠪᠠᠶᠢᠨ᠎ᠠ᠃ ᠡᠶᠢᠮᠦ ᠠᠴᠠ᠂ ᠪᠢᠳᠡ ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠪᠠᠷᠢᠮᠵᠢᠶ᠎ᠠ ᠳᠤ ᠨᠡᠶᠢᠴᠡᠭᠦᠯᠦᠨ ᠣᠨᠢᠯᠠᠨ ᠬᠦᠴᠦᠯᠡᠵᠦ᠂ ᠨᠢᠭᠡᠳᠦᠯᠲᠡᠢ ᠲᠥᠪᠯᠡᠷᠡᠭᠦᠯᠦᠨ ᠪᠣᠭᠤᠮᠲᠠ ᠰᠢᠪᠲᠤᠯᠵᠤ ᠰᠢᠢᠳᠪᠦᠷᠢᠯᠡᠬᠦ ᠬᠡᠷᠡᠭᠲᠡᠢ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ