ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ 2023 ᠣᠨ ᠤ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠶᠣᠰᠣᠯᠠᠯ ᠵᠢᠴᠢ ᠪᠦᠬᠦ ᠬᠤᠰᠢᠭᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2023/3/22
       3 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠶᠣᠰᠣᠯᠠᠯ ᠵᠢᠴᠢ ᠪᠦᠬᠦ ᠬᠤᠰᠢᠭᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠬᠢᠴᠢᠶᠡᠯ ᠡᠬᠢᠯᠡᠪᠡ᠃ ᠪᠦᠬᠡᠪᠠᠶᠠᠷ᠂ ᠴᠧᠨ ᠯᠦᠩ᠂ ᠯᠢ ᠭᠤᠸᠠᠩ ᠵᠡᠷᠭᠡ ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠰᠤᠷᠤᠯᠴᠠᠯᠭ᠎ᠠ ᠳᠤ ᠣᠷᠣᠯᠴᠠᠪᠠ᠃
       ᠪᠦᠬᠡᠪᠠᠶᠠᠷ ᠴᠢᠩᠭᠠᠳᠬᠠᠬᠤ ᠳᠠᠭᠠᠨ᠂ ᠥᠨᠥ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠪᠣᠯᠣᠨ᠎ᠠ᠂ ᠪᠦᠬᠦ ᠬᠤᠰᠢᠭᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠯᠤᠰ ᠲᠦᠷᠥ ᠶᠢᠨ ᠬᠦᠲᠦᠯᠪᠦᠷᠢ ᠶᠢᠨ ᠭᠤᠣᠯ ᠰᠠᠨᠠᠭ᠎ᠠ ᠶᠢ ᠪᠠᠷᠢᠮᠲᠠᠯᠠᠨ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠨᠣᠯ ᠤᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ ᠰᠢᠰᠲ᠋ᠧᠮ ᠲᠠᠢ ᠡᠵᠡᠮᠰᠢᠵᠦ᠂ ᠨᠠᠮ ᠤᠨ ᠰᠢᠨ᠎ᠡ ᠶᠢ ᠡᠭᠦᠳᠬᠦ ᠣᠨᠣᠯ ᠤᠨ ᠦᠷ᠎ᠡ ᠪᠦᠲᠦᠭᠡᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠨ ᠦᠢᠯᠡᠳᠦᠯᠭᠡ ᠶᠢ ᠵᠢᠯᠣᠭᠤᠳᠤᠭᠤᠯᠬᠤ ᠬᠡᠷᠡᠭᠲᠡᠢ᠃ ᠠᠮᠢ ᠠᠬᠤᠢ ᠶᠢ ᠤᠷᠢᠳᠠᠪᠠᠷ ᠪᠣᠳᠣᠯᠬᠢᠯᠠᠨ᠂ ᠪᠤᠬᠢᠷᠲᠤᠯ ᠦᠭᠡᠢ ᠬᠦᠭᠵᠢᠭᠦᠯᠬᠦ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠬᠦᠭᠵᠢᠯᠲᠡ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠤᠨ᠂ ᠠᠮᠢ ᠠᠬᠤᠢ ᠶᠢᠨ ᠦᠨᠳᠦᠷ ᠦᠷᠲᠡᠭ ᠲᠠᠢ ᠬᠤᠪᠢᠷᠠᠯᠲᠠ ᠶᠢ ᠲᠦᠷᠭᠡᠳᠬᠡᠵᠦ᠂ ᠨᠡᠶᠢᠭᠡᠮ ᠤᠨ ᠦᠨᠳᠦᠷ ᠦᠷ᠎ᠡ ᠠᠰᠢᠭᠲᠠᠢ ᠵᠠᠰᠠᠯᠲᠠ ᠶᠢ ᠪᠡᠶᠡᠯᠡᠭᠦᠯᠦᠨ᠂ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠶᠢᠨ ᠬᠦᠭᠵᠢᠯᠲᠡ ᠶᠢ ᠴᠢᠩᠭ᠎ᠠ ᠠᠳᠬᠤᠵᠤ᠂ ᠬᠦᠭᠵᠢᠯᠲᠡ ᠶᠢ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠨ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠳᠤ ᠰᠠᠭᠤᠷᠢᠯᠠᠨ ᠦᠷ᠎ᠡ ᠪᠦᠲᠦᠮᠵᠢ ᠶᠢ ᠠᠬᠢᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠡᠷᠦᠩᠬᠡᠢ ᠱᠠᠭᠠᠷᠳᠠᠯᠭ᠎ᠠ ᠶᠢ ᠡᠵᠡᠮᠳᠡᠵᠦ᠂ ᠴᠢᠨᠠᠷᠯᠢᠭ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠦᠭᠵᠢᠯᠲᠡ ᠶᠢ ᠬᠦᠲᠦᠯᠦᠨ ᠳᠠᠭᠠᠭᠤᠯᠬᠤ ᠬᠡᠷᠡᠭᠲᠡᠢ ᠭᠡᠵᠡᠢ᠃
       ᠪᠦᠬᠡᠪᠠᠶᠠᠷ ᠪᠠᠰᠠ᠂ ᠨᠠᠮ ᠤᠨ ᠰᠤᠷᠭᠠᠭᠤᠯᠢ ᠶᠢᠨ ᠬᠦᠮᠦᠵᠢᠯ ᠪᠣᠯᠪᠠᠰᠤᠷᠠᠯ ᠤᠨ ᠦᠢᠯᠡᠳᠦᠯ ᠢ ᠰᠠᠶᠢᠲᠤᠷ ᠪᠠᠳᠠᠷᠠᠭᠤᠯᠬᠤ ᠳᠤ ᠣᠷᠣᠯᠴᠠᠭᠰᠠᠳ ᠤᠨ ᠬᠢᠨᠠᠮᠠᠭᠠᠢ ᠰᠤᠷᠤᠯᠴᠠᠬᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠪᠠ᠃
       ᠬᠦᠯᠦᠨ ᠪᠣᠶᠢᠷ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠵᠠᠩ ᠹᠦ᠋ ᠶᠦᠨ ︽ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠶ᠎ᠠ︾ ᠭᠡᠬᠦ ᠰᠡᠳᠦᠪ ᠢᠶᠠᠷ ᠨᠠᠮ ᠤᠨ ᠬᠢᠴᠢᠶᠡᠯ ᠤᠨ ᠤᠬᠠᠭᠤᠯᠤᠨ ᠲᠠᠶᠢᠯᠪᠤᠷᠢᠯᠠᠯᠲᠠ ᠬᠢᠪᠡ᠃                                 ᠰᠤᠷᠪᠤᠯᠵᠢᠯᠠᠭᠴᠢ᠄ ᠰᠣᠯᠣᠩᠭᠤᠸ᠎ᠠ  ᠸᠠᠩ ᠢᠦᠢ  ᠶᠢᠦ ᠮᠢᠩ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号